ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶᠢᠨ ᠠᠯᠪᠠᠨ ᠲᠢᠩᠬᠢᠮ 《2026 ᠣᠨ᠎ᠤ ᠱᠢᠨ᠎ᠡ ᠵᠢᠯ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠬᠣᠯᠪᠣᠭ᠍ᠳᠠᠯ ᠪᠥᠬᠥᠶ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》᠎ᠢ ᠳᠠᠷᠤᠮᠠᠯᠯᠠᠨ ᠲᠠᠷᠬᠠᠭᠠᠪᠠ᠃ ᠪᠦᠬᠦ᠌ ᠠᠭᠤᠯᠭ᠎ᠠ ᠨᠢ ᠳᠣᠣᠷᠠᠬᠢ ᠮᠡᠲᠦ᠄
2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠰᠢ᠎ᠶᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠦᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠵᠢᠯ᠂ ᠴᠠᠭᠠᠨ ᠰᠠᠷ᠎ᠠ᠎ᠶ᠋ᠢᠨ ᠬᠤᠭᠤᠴᠠᠭᠠᠨ᠎ᠤ ᠡᠯ᠎ᠡ ᠵᠦᠢᠯ ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠠᠷᠠᠳ ᠤᠯᠠᠨ᠎ᠤ ᠪᠠᠶᠠᠷ ᠬᠦᠷ᠎ᠲᠠᠶ ᠠᠮᠤᠷ ᠠᠮᠤᠭᠤᠯᠠᠩ᠎ᠢᠶᠡᠷ ᠪᠠᠶᠠᠷ᠎ᠤᠨ ᠡᠳᠦᠷ᠎ᠢᠶᠡᠨ ᠥᠩᠭᠡᠷᠡᠭᠦᠯᠬᠦ᠌᠎ᠶ᠋ᠢ ᠪᠠᠲᠤᠯᠠᠬᠤ ᠬᠡᠷᠡᠭ᠌ᠲᠡᠢ᠃ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠵᠦᠪᠰᠢᠶᠡᠷᠡᠯ᠎ᠢᠶᠡᠷ᠂ ᠤᠳᠤ ᠬᠣᠯᠪᠣᠭ᠍ᠳᠠᠯ ᠪᠦᠬᠦᠢ ᠵᠦᠢᠯᠡᠰ᠎ᠢ ᠲᠤᠤᠷᠠᠬᠢ ᠮᠡᠳᠤ ᠮᠡᠳᠡᠭ᠌ᠳᠡᠶ᠎ᠡ᠃
ᠨᠢᠭᠡ᠂ ᠬᠦᠴᠢᠷᠳᠡᠯᠲᠡᠶ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠢ ᠬᠠᠯᠠᠮᠵᠢᠯᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌᠂ ᠡᠷᠬᠢᠨ ᠦᠵᠡᠵᠦ᠍ ᠪᠤᠯᠭᠤᠭᠠᠨ ᠲᠣᠬᠣᠨᠢᠭᠤᠯᠬᠤ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠤᠯᠠᠨ ᠲᠦᠮᠡᠨ᠎ᠳᠦ ᠦᠨᠡᠨ ᠬᠦ᠌ ᠪᠣᠳᠠᠲᠤ ᠶᠠᠪᠤᠳᠠᠯ ᠬᠢᠵᠦ᠍ ᠬᠦᠴᠢᠷ ᠶᠠᠪᠤᠳᠠᠯ᠎ᠢ ᠨᠢ ᠱᠢᠢᠳᠪᠦᠷᠢᠯᠡᠵᠦ᠍ ᠥᠭ᠌ᠬᠦ ᠬᠡᠷᠡᠭ᠌ᠲᠡᠢ᠃ ᠠᠪᠤᠷᠠᠨ ᠲᠤᠰᠠᠯᠠᠬᠤ ᠮᠥᠩᠭᠥ᠎ᠶ᠋ᠢ ᠲᠣᠭ᠍ᠲᠠᠭᠠᠯ ᠶᠣᠰᠣᠭᠠᠷ ᠴᠠᠭ ᠲᠤᠬᠠᠶ᠎ᠳᠤᠨᠢ ᠲᠣᠭ᠎ᠠ ᠶᠣᠰᠣᠭᠠᠷ᠎ᠨᠢ ᠭᠦᠶ᠋ᠴᠡᠳ ᠣᠯᠭᠣᠵᠤ᠂ ᠨᠥᠬᠥᠴᠡᠯ᠎ᠲᠡᠶ ᠭᠠᠵᠠᠷ ᠣᠷᠣᠨ᠎ᠨᠢ ᠠᠪᠤᠷᠠᠨ ᠲᠤᠰᠠᠯᠠᠬᠤ ᠮᠥᠩᠭᠥ᠎ᠶ᠋ᠢ ᠤᠷᠢᠳᠴᠢᠯᠠᠨ ᠣᠯᠭᠣᠬᠤ ᠪᠤᠶᠤ ᠨᠢᠭᠡ ᠯᠡ ᠤᠳᠠᠭ᠎ᠠ᠎ᠶ᠋ᠢᠨ ᠴᠢᠨᠠᠷᠲᠠᠶ ᠠᠮᠢᠳᠤᠷᠠᠯ᠎ᠤᠨ ᠨᠥᠬᠥᠪᠥᠷᠢ᠎ᠶ᠋ᠢ ᠨᠡᠮᠡᠵᠦ᠍ ᠣᠯᠭᠣᠵᠤ ᠪᠣᠯᠤᠨ᠎ᠠ᠃ ᠲᠦᠷ ᠴᠠᠭ᠎ᠤᠨ ᠠᠪᠤᠷᠠᠨ ᠲᠤᠰᠠᠯᠠᠬᠤ ᠡᠷᠴᠢᠮ᠎ᠢᠶᠡᠨ ᠴᠢᠩᠭᠠᠷᠠᠭᠤᠯᠵᠤ᠂ ᠭᠡᠨᠡᠳᠲᠡ᠎ᠶ᠋ᠢᠨ ᠴᠢᠨᠠᠷᠲᠠᠶ᠂ ᠲᠤᠯᠭᠠᠮ ᠴᠢᠨᠠᠷᠲᠠᠶ ᠬᠦᠴᠢᠷᠳᠡᠯ᠎ᠳᠦ ᠲᠤᠯᠭᠠᠷᠠᠭ᠍ᠰᠠᠨ ᠣᠯᠠᠨ ᠲᠦᠮᠡᠨ᠎ᠳᠦ ᠴᠠᠭ ᠲᠤᠬᠠᠶ᠎ᠳᠤᠨᠢ ᠦᠨᠳᠦᠰᠦᠨ ᠠᠮᠢᠳᠤᠷᠠᠯ᠎ᠤᠨ ᠪᠠᠲᠤᠯᠠᠭ᠎ᠠ ᠣᠯᠭᠣᠵᠤ᠂ ᠭᠠᠮᠱᠢᠭ᠍ᠳᠠᠭ᠍ᠰᠠᠨ ᠬᠥᠮᠦᠰ᠎ᠦᠨ ᠡᠪᠦᠯ ᠬᠠᠪᠤᠷ᠎ᠤᠨ ᠠᠪᠤᠷᠠᠨ ᠲᠤᠰᠠᠯᠠᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠶ᠃ ᠣᠨᠴᠠ ᠬᠦᠴᠢᠷᠳᠡᠯᠲᠡᠶ ᠨᠠᠰᠤᠲᠠᠢᠴᠤᠳ᠂ ᠵᠡᠮᠳᠡᠭ᠌ᠴᠦᠳ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ ᠪᠠᠭᠠᠴᠤᠳ ᠵᠡᠷᠭᠡ ᠬᠥᠮᠦᠰ᠎ᠢ ᠡᠷᠬᠢᠨ ᠦᠵᠡᠵᠦ᠍ ᠪᠣᠯᠭᠣᠭᠠᠨ ᠲᠣᠬᠣᠨᠢᠭᠤᠯᠬᠤ ᠪᠠ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ᠌᠎ᠶ᠋ᠢ ᠴᠢᠩᠭᠠᠳᠬᠠᠬᠤ ᠬᠡᠷᠡᠭᠲᠡᠢ᠃ 《ᠬᠠᠬᠢᠷ ᠡᠪᠦᠯ ᠬᠠᠢᠷ᠎ᠠ ᠬᠠᠯᠠᠮᠵᠢ ᠬᠦᠷᠭᠡᠬᠦ᠌》 ᠲᠤᠰᠭᠠᠶ ᠠᠪᠤᠷᠠᠨ ᠲᠤᠰᠠᠯᠠᠬᠤ ᠠᠵᠢᠯᠯᠠᠭ᠎ᠠ᠎ᠶ᠋ᠢ ᠥᠷᠨᠢᠭᠦᠯᠬᠦ ᠬᠡᠷᠡᠭᠲᠡᠢ᠃ ᠴᠠᠯᠢᠩ ᠬᠦᠯᠦᠰᠦ᠎ᠶᠢ ᠥᠷᠢᠲᠦᠬᠦ᠌᠎ᠶ᠋ᠢ ᠵᠠᠰᠠᠬᠤ ᠡᠪᠦᠯ᠎ᠦᠨ ᠤᠯᠠᠷᠢᠯ᠎ᠤᠨ ᠠᠵᠢᠯᠯᠠᠭ᠎ᠠ᠎ᠶ᠋ᠢ ᠥᠷᠨᠢᠭᠦᠯᠵᠦ᠍᠂ ᠬᠦᠯᠦᠰᠦᠨ ᠲᠠᠷᠢᠶᠠᠴᠢᠳ᠎ᠤᠨ ᠴᠠᠯᠢᠩ ᠬᠦᠯᠦᠰᠦ᠎ᠶᠢ ᠥᠷᠢᠲᠦᠬᠦ᠌ ᠬᠠᠤᠯᠢ᠎ᠡᠴᠡ ᠵᠥᠷᠢᠴᠡᠭ᠌ᠰᠡᠨ ᠦᠢᠯᠡ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠭᠦ ᠬᠡᠷᠡᠭᠲᠡᠢ᠃ ᠠᠵᠤ ᠠᠬᠤᠢᠯᠠᠯ᠎ᠢ ᠬᠠᠪᠰᠤᠷᠤᠨ ᠲᠡᠳᠬᠦᠬᠦ᠌ ᠲᠥᠷᠥ ᠶ᠋ᠢᠨ ᠪᠣᠳᠣᠯᠭ᠎ᠠ ᠶ᠋ᠢ ᠨᠠᠢᠳᠠᠪᠤᠷᠢᠵᠢᠭᠤᠯᠵᠤ᠂ ᠲᠠᠩᠰᠠᠨ᠎ᠳᠠᠬᠢ ᠵᠣᠭᠣᠰ᠎ᠢ ᠥᠷᠢᠲᠦᠵᠦ᠍ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ ᠬᠡᠷᠡᠭᠲᠡᠢ᠃ ᠠᠵᠢᠯ ᠣᠯᠬᠤ᠎ᠳᠤ ᠬᠦᠴᠢᠷᠲᠡᠶ ᠬᠥᠮᠦᠰ᠎ᠲᠦ ᠠᠵᠢᠯ ᠣᠯᠭᠣᠬᠤ ᠲᠤᠰᠠᠯᠠᠮᠵᠢ ᠦᠵᠡᠭᠦᠯᠬᠦ᠌ ᠬᠡᠷᠡᠭ᠌ᠲᠡᠶ᠃ ᠠᠮᠢᠳᠤᠯᠢᠭ᠎ᠢᠶᠠᠷ ᠠᠵᠢᠯ ᠣᠯᠤᠭ᠍ᠰᠠᠳ ᠪᠠ ᠱᠢᠨ᠎ᠡ ᠬᠡᠯᠪᠡᠷᠢ᠎ᠶᠢᠨ ᠠᠵᠢᠯ ᠣᠯᠭᠤᠯᠳᠠ᠎ᠶᠢᠨ ᠬᠦᠮᠦᠰ᠎ᠤᠨ ᠬᠥᠳᠡᠯᠮᠦᠷᠢ᠎ᠶ᠋ᠢᠨ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠩᠭᠠᠳᠬᠠᠬᠤ ᠬᠡᠷᠡᠭᠲᠡᠢ᠃ ᠦᠨᠳᠦᠰᠦᠨ ᠱᠠᠲᠤᠨ᠎ᠤ ᠺᠠᠳ᠋ᠷ ᠠᠵᠢᠯᠳᠠᠨ ᠠᠵᠢᠯᠴᠢᠨ᠂ ᠢᠯᠠᠩᠭᠤᠶ᠎ᠠ ᠨᠥᠬᠥᠴᠡᠯ ᠨᠢ ᠪᠡᠷᠬᠡ ᠬᠠᠲᠠᠭᠤᠵᠢᠯᠲᠠᠢ ᠭᠠᠵᠠᠷ ᠣᠷᠣᠨ ᠪᠣᠯᠤᠨ ᠪᠠᠴᠢᠮ ᠬᠦᠴᠢᠷᠲᠡᠢ ᠠᠶᠤᠯᠲᠠᠢ ᠬᠦᠨᠳᠦ ᠡᠭᠦᠷᠭᠡ᠎ᠵᠢᠨ ᠡᠮᠦᠨ᠎ᠡ ᠹᠷᠣᠨᠲ᠎ᠲᠤ ᠠᠵᠢᠯᠯᠠᠵᠤ ᠪᠠᠢᠭ᠎ᠠ ᠬᠥᠮᠦᠰ᠎ᠢ ᠬᠠᠯᠠᠮᠵᠢᠯᠠᠨ ᠬᠠᠢᠷᠠᠯᠠᠬᠤ ᠬᠡᠷᠡᠭ᠌ᠲᠡᠢ᠃ ᠠᠮᠢᠳᠤᠷᠠᠯ᠎ᠨᠢ ᠬᠦᠴᠢᠷᠳᠡᠯᠲᠡᠶ ᠨᠠᠮ᠎ᠤᠨ ᠭᠡᠱᠢᠭᠦᠨ᠂ ᠠᠬᠠᠮᠠᠳ ᠨᠠᠮ᠎ᠤᠨ ᠭᠡᠱᠢᠭᠦᠨ ᠪᠣᠯᠤᠨ ᠠᠬᠠᠮᠠᠳ ᠺᠠᠳ᠋ᠷ᠂ ᠤᠯᠠᠭᠠᠨ ᠴᠡᠷᠢᠭ᠎ᠦᠨ ᠠᠬᠠᠮᠠᠳ ᠪᠠᠢᠯᠳᠤᠭ᠍ᠴᠢ᠂ ᠶᠠᠫᠣᠨ᠎ᠢ ᠡᠰᠡᠷᠭᠦᠴᠡᠬᠦ᠌ ᠲᠡᠢᠨᠳ᠋ᠤ ᠤᠷᠤᠯᠴᠠᠬᠰᠠᠨ ᠠᠬᠠᠮᠠᠳ ᠪᠠᠢᠯᠳᠤᠭ᠍ᠴᠢ᠂ ᠰᠠᠢᠨ ᠳᠤᠷ᠎ᠠ᠎ᠶ᠋ᠢᠨ ᠴᠡᠷᠢᠭ᠎ᠦᠨ ᠠᠬᠠᠮᠠᠳ ᠪᠠᠢᠯᠳᠤᠭ᠍ᠴᠢ᠂ ᠠᠬᠠᠮᠠᠳ ᠴᠡᠷᠢᠭ᠎ᠤᠨ ᠠᠯᠪᠠ᠎ᠡᠴᠡ ᠬᠠᠯᠠᠭ᠍ᠳᠠᠭ᠍ᠰᠠᠳ᠂ ᠴᠡᠷᠢᠭ ᠠᠩᠭᠢ᠎ᠶ᠋ᠢᠨ ᠠᠵᠢᠯ᠎ᠡᠴᠡ᠎ᠪᠠᠨ ᠳᠠᠷᠬᠠᠯᠠᠭ᠍ᠳᠠᠭ᠍ᠰᠠᠨ ᠠᠵᠢᠯ᠎ᠡᠴᠡ᠎ᠪᠠᠨ ᠠᠮᠠᠷᠠᠭ᠍ᠰᠠᠨ ᠺᠠᠳ᠋ᠷ᠂ ᠵᠡᠮᠳᠡᠭ ᠴᠡᠷᠢᠭ᠂ ᠦᠷᠡᠭ᠌ᠳᠡᠭ᠌ᠰᠡᠨ ᠴᠡᠷᠢᠭ᠎ᠦᠨ ᠬᠡᠷ ᠪᠦᠯᠢ ᠵᠡᠷᠭᠡ᠎ᠶ᠋ᠢ ᠭᠦᠨᠵᠡᠭᠡᠶ ᠪᠣᠯᠭᠣᠭᠠᠨ ᠲᠣᠬᠣᠨᠢᠭᠤᠯᠬᠤ ᠬᠡᠷᠡᠭᠲᠡᠢ᠃
ᠬᠣᠶᠠᠷ᠂ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢᠨ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠡᠭᠦᠷᠡᠰᠦ ᠴᠠᠬᠢᠯᠭᠠᠨ ᠴᠢᠯᠠᠭᠤᠨ ᠲᠣᠰᠣ᠌ ᠰᠢᠲᠠᠮᠠᠬᠠᠢ ᠬᠡᠢ᠎ᠶᠢᠨ ᠦᠢᠯᠡᠳᠪᠦᠷᠢᠯᠡᠯ᠂ ᠲᠡᠭᠡᠭᠡᠪᠦᠷᠢ᠎ᠶᠢᠨ ᠪᠠᠲᠤᠯᠠᠭ᠎ᠠ᠎ᠶᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ᠂ ᠠᠷᠠᠳ᠎ᠤᠨ ᠠᠮᠢᠳᠤᠷᠠᠯ᠎ᠤᠨ ᠡᠨᠧᠷᠭᠢ ᠬᠡᠷᠡᠭᠯᠡᠬᠦ ᠬᠠᠩᠭᠠᠯᠭ᠎ᠠ᠎ᠶᠢ ᠪᠠᠲᠤᠯᠠᠵᠤ ᠦᠨ᠎ᠡ ᠬᠠᠩᠰᠢ᠎ᠶᠢ ᠲᠣᠭᠲᠠᠭᠤᠨ ᠪᠠᠢᠯᠭᠠᠬᠤ᠎ᠶᠢ ᠦᠨᠡᠨ ᠬᠦ᠌ ᠪᠠᠲᠤᠯᠠᠵᠤ᠂ ᠣᠯᠠᠨ ᠲᠦᠮᠡᠨ᠎ᠦ ᠳᠤᠯᠠᠭᠠᠨ ᠪᠦᠯᠢᠶᠡᠨ ᠡᠪᠦᠯᠵᠢᠬᠦ᠎ᠶᠢ ᠪᠠᠲᠤᠯᠠᠬᠤ ᠬᠡᠷᠡᠭᠲᠡᠢ᠃ ᠠᠮᠤ ᠪᠤᠳᠠᠭᠠᠨ᠎ᠤ ᠠᠮᠤᠷ ᠲᠦᠪᠰᠢᠨ᠎ᠳᠦ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠪᠠ 《ᠬᠣᠯᠢᠰᠢᠨ ᠢᠳᠡᠭᠡᠨ》᠎ᠢ ᠬᠣᠲᠠ᠎ᠶᠢᠨ ᠳᠠᠷᠤᠭ᠎ᠠ ᠬᠠᠷᠢᠭᠤᠴᠠᠬᠤ ᠳᠦᠷᠢᠮ᠎ᠢ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠨ᠂ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡ᠎ᠶᠢᠨ ᠰᠠᠭᠠᠳ ᠦᠭᠡᠢ ᠨᠡᠪᠲᠡᠷᠡᠬᠦ᠎ᠶᠢ ᠪᠠᠲᠤᠯᠠᠬᠤ ᠠᠵᠢᠯ᠎ᠤᠨ ᠲᠣᠭᠲᠡᠴᠡ᠎ᠶᠢᠨ ᠦᠢᠯᠡᠳᠦᠯ᠎ᠢ ᠪᠠᠳᠠᠷᠠᠭᠤᠯᠵᠤ᠂ ᠠᠮᠤ ᠲᠣᠰᠣ᠌ ᠮᠢᠬ᠎ᠠ ᠥᠨᠳᠡᠭᠡ ᠵᠢᠮᠢᠰ ᠢᠳᠡᠰᠢᠨ ᠨᠣᠭᠣᠭ᠎ᠠ ᠵᠡᠷᠭᠡ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠦ ᠵᠦᠢᠯ᠎ᠦᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠢᠬᠤ᠎ᠶᠢ ᠪᠠᠲᠤᠯᠠᠬᠤ ᠬᠡᠷᠡᠭᠲᠡᠢ᠃ ᠴᠢᠨᠠᠷ ᠰᠠᠢᠲᠠᠢ ᠲᠠᠸᠠᠷ ᠪᠠ ᠦᠢᠯᠡᠴᠢᠯᠡᠭᠡᠨ᠎ᠦ ᠬᠠᠩᠭᠠᠯᠭ᠎ᠠ᠎ᠶᠢ ᠥᠷᠭᠡᠳᠬᠡᠵᠦ᠂ ᠣᠯᠠᠨ ᠡᠰᠢᠲᠦ ᠬᠡᠷᠡᠭᠯᠡᠭᠡ᠎ᠶᠢᠨ ᠦᠵᠡᠭᠳᠡᠯ ᠪᠠᠢᠳᠠᠯ᠎ᠤᠨ ᠰᠢᠨ᠎ᠡ᠎ᠶᠢ ᠡᠭᠦᠳᠴᠦ᠂ ᠠᠮᠠᠷᠠᠯᠲᠠ᠎ᠶᠢᠨ ᠬᠤᠭᠤᠴᠠᠭᠠᠨ᠎ᠤ ᠬᠡᠷᠡᠭᠯᠡᠭᠡ᠎ᠶᠢᠨ ᠳᠠᠯᠳᠠ ᠬᠦᠴᠦᠨ᠎ᠢ ᠬᠥᠭᠵᠢᠭᠡᠬᠦ ᠬᠡᠷᠡᠭᠲᠡᠢ᠃ ᠢᠳᠡᠭᠡᠨ ᠤᠮᠳᠠᠭᠠᠨ᠎ᠤ ᠦᠢᠯᠡᠴᠢᠯᠡᠭᠡ᠎ᠶᠢᠨ ᠢᠳᠡᠭᠡᠨ᠎ᠦ ᠠᠮᠤᠷ ᠲᠦᠪᠰᠢᠨ ᠪᠠ ᠵᠠᠬ᠎ᠠ ᠳᠡᠯᠭᠡᠭᠦᠷ᠎ᠦᠨ ᠪᠣᠷᠤᠯᠠᠭᠤᠯᠭ᠎ᠠ᠎ᠶᠢᠨ ᠲᠠᠷᠢᠶᠠᠯᠠᠩ᠎ᠤᠨ ᠪᠦᠲᠦᠭᠡᠭᠳᠡᠬᠦᠨ᠎ᠦ ᠶᠠᠰᠤ ᠴᠢᠨᠠᠷ᠎ᠤᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠢᠳᠡᠭᠡᠨ ᠤᠮᠳᠠᠭᠠᠨ᠎ᠤ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃ ᠢᠳᠡᠭᠡᠨ ᠤᠮᠳᠠᠭᠠᠨ ᠬᠣᠨᠣᠭ ᠪᠠᠭᠤᠳᠠᠯ᠂ ᠴᠠᠭᠠᠨ ᠰᠠᠷ᠎ᠠ᠎ᠶᠢᠨ ᠪᠠᠷᠠᠭ᠎ᠠ ᠲᠠᠸᠠᠷ ᠵᠡᠷᠭᠡ ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠢ ᠬᠦᠷᠢᠶᠡᠨ᠎ᠦ ᠦᠨ᠎ᠡ ᠬᠠᠩᠰᠢ᠎ᠶᠢᠨ ᠰᠦᠢᠳᠬᠡᠯ ᠬᠤᠷᠢᠶᠠᠬᠤ ᠲᠤᠬᠠᠢ ᠠᠵᠢᠯᠯᠠᠭ᠎ᠠ ᠳ᠋ᠤ ᠬᠢᠨᠠᠯᠲᠠ ᠲᠠᠯᠪᠢᠵᠤ ᠬᠠᠮᠢᠶᠠᠷᠬᠤ ᠡᠷᠴᠢᠮ᠎ᠢᠶᠡᠨ ᠴᠢᠩᠭᠠᠷᠠᠭᠤᠯᠵᠤ᠂ ᠵᠤᠷᠢᠭᠤᠳᠠ ᠪᠡᠷ ᠦᠨ᠎ᠡ ᠬᠠᠩᠰᠢ᠎ᠶᠢ ᠥᠰᠬᠡᠬᠦ᠂ ᠦᠨ᠎ᠡ ᠬᠠᠩᠰᠢ᠎ᠶᠢᠨ ᠮᠡᠬᠡᠯᠡᠯ ᠵᠡᠷᠭᠡ ᠬᠠᠤᠯᠢ᠎ᠡᠴᠡ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦ ᠬᠡᠷᠡᠭᠲᠡᠢ᠃ ᠰᠦᠯᠵᠢᠶᠡᠨ᠎ᠦ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠪᠣᠷᠤᠯᠠᠭᠤᠯᠭ᠎ᠠ᠎ᠶᠢ ᠠᠬᠢᠭᠤᠯᠬᠤ ᠠᠵᠢᠯᠯᠠᠭ᠎ᠠ᠎ᠶᠢ ᠵᠢᠷᠤᠮᠵᠢᠭᠤᠯᠬᠤ ᠬᠡᠷᠡᠭᠲᠡᠢ᠃ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠬᠡᠷᠡᠭᠯᠡᠭᠴᠢᠳ᠎ᠦᠨ ᠭᠣᠮᠣᠳᠠᠯ ᠲᠤᠭᠠᠴᠢᠯᠳᠠ᠎ᠶᠢ ᠴᠠᠭ ᠲᠤᠬᠠᠢ ᠳ᠋ᠤᠨᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃
ᠭᠤᠷᠪᠠ᠂ ᠤᠯᠠᠨ ᠲᠦᠮᠡᠨ᠎ᠦ ᠤᠶᠤᠨ᠎ᠤ ᠪᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ ᠬᠡᠷᠡᠭᠲᠡᠢ᠃ 《ᠬᠦᠳᠡᠭᠡ ᠨᠤᠲᠤᠭ᠎ᠤᠨ ᠴᠠᠭᠠᠨ ᠰᠠᠷ᠎ᠠ》ᠵᠢᠨ ᠭᠣᠣᠯ ᠰᠡᠳᠦᠪᠲᠦ ᠰᠣᠷᠪᠤᠯᠵᠢᠯᠠᠭ᠎ᠠ᠎ᠶᠢᠨ ᠠᠵᠢᠯᠯᠠᠭ᠎ᠠ᠎ᠶᠢ ᠥᠷᠨᠢᠭᠦᠯᠵᠦ᠂ ᠴᠠᠭ ᠦᠶ᠎ᠡ᠎ᠶᠢᠨ ᠬᠦᠴᠦᠷᠬᠡᠭ ᠳᠠᠭᠤᠨ᠎ᠢ ᠬᠠᠩᠭᠢᠨᠠᠭᠤᠯᠵᠤ᠂ ᠤᠷᠤᠭᠰᠢᠯᠠᠨ ᠳᠠᠪᠰᠢᠬᠤ ᠬᠦᠴᠦᠨ᠎ᠢ ᠬᠥᠭᠵᠢᠭᠡᠬᠦ ᠬᠡᠷᠡᠭᠲᠡᠢ᠃ ᠴᠠᠭᠠᠨ ᠰᠠᠷ᠎ᠠ᠎ᠶᠢᠨ ᠦᠳᠡᠰᠢᠯᠡᠬᠡ ᠵᠡᠷᠭᠡ ᠤᠷᠠᠨ ᠰᠠᠢᠬᠠᠨ᠎ᠤ ᠲᠣᠭᠯᠠᠯᠲᠠ᠎ᠶᠢᠨ ᠠᠵᠢᠯᠯᠠᠭ᠎ᠠ᠎ᠶᠢ ᠰᠠᠢᠲᠤᠷ ᠡᠷᠬᠢᠯᠡᠵᠦ᠂ 《ᠪᠠᠶᠠᠷ ᠬᠥᠷ᠎ᠲᠠᠢ ᠪᠡᠷ ᠰᠢᠨᠡᠯᠡᠬᠦ》 ᠭᠣᠣᠯ ᠰᠡᠳᠦᠪᠲᠦ ᠠᠵᠢᠯᠯᠠᠭ᠎ᠠ᠎ᠶᠢ ᠥᠷᠨᠢᠭᠦᠯᠵᠦ᠂ 《ᠪᠣᠳᠠᠰ᠎ᠤᠨ ᠪᠤᠰᠤ ᠰᠣᠶᠣᠯ᠎ᠤᠨ ᠥᠪ᠎ᠢᠶᠡᠷ ᠰᠢᠨ᠎ᠠ ᠬᠠᠪᠤᠷ᠎ᠢ ᠤᠬᠳᠤᠨᠠᠮ·ᠳᠤᠮᠳᠠᠳᠤ ᠤᠯᠤᠰ᠎ᠤᠨ ᠴᠠᠭᠠᠨ ᠰᠠᠷ᠎ᠠ᠎ᠶᠢᠨ ᠦᠨᠦᠷ ᠠᠮᠳᠠ》 ᠭᠣᠣᠯ ᠰᠡᠳᠦᠪᠲᠦ ᠠᠵᠢᠯᠯᠠᠭ᠎ᠠ᠎ᠶᠢ ᠥᠷᠨᠢᠭᠦᠯᠬᠦ ᠬᠡᠷᠡᠭᠲᠡᠢ᠃ 《ᠪᠢᠳᠡᠨ᠎ᠤ ᠳᠤᠮᠳᠠᠳᠤ᠎ᠶᠢᠨ ᠵᠡᠭᠦᠳᠦ — ᠰᠣᠶᠣᠯ᠎ᠢ ᠲᠦᠭ ᠲᠦᠮᠡᠨ ᠡᠷᠦᠬᠡ᠎ᠳᠦ ᠬᠦᠷᠭᠡᠬᠦ》᠂ ᠰᠣᠶᠣᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠡᠷᠡᠭᠦᠯ ᠬᠠᠮᠠᠭᠠᠯᠠᠯ᠎ᠤᠨ 《ᠭᠤᠷᠪᠠ᠎ᠶᠢ ᠬᠥᠳᠡᠭᠡ ᠬᠦᠷᠭᠡᠬᠦ》 ᠵᠡᠷᠭᠡ ᠠᠵᠢᠯᠯᠠᠭ᠎ᠠ᠎ᠶᠢ ᠥᠷᠨᠢᠭᠦᠯᠵᠦ᠂ ᠦᠨᠳᠦᠰᠦᠨ ᠱᠠᠲᠤᠨ᠎ᠳᠤ ᠬᠠᠨᠳᠤᠭᠤᠯᠤᠨ ᠰᠢᠯᠢᠳᠡᠭ ᠰᠣᠶᠣᠯ᠎ᠤᠨ ᠪᠦᠲᠦᠭᠡᠭᠳᠡᠬᠦᠨ᠎ᠢ ᠬᠠᠩᠭᠠᠬᠤ ᠬᠡᠷᠡᠭᠲᠡᠢ᠃ ᠴᠡᠷᠢᠭ ᠠᠷᠠᠳ ᠬᠠᠮᠲᠤ᠎ᠪᠠᠷ ᠪᠠᠶ᠋ᠢᠭᠤᠯᠬᠤ ᠠᠵᠢᠯᠯᠠᠭ᠎ᠠ᠎ᠶᠢ ᠥᠷᠨᠢᠭᠦᠯᠬᠦ ᠬᠡᠷᠡᠭᠲᠡᠢ᠃ ᠵᠢᠭᠤᠯᠴᠢᠯᠠᠯ᠎ᠤᠨ ᠦᠢᠯᠡᠳᠬᠦᠨ᠎ᠢ ᠪᠠᠶᠠᠯᠢᠭ᠍ᠵᠢᠭᠤᠯᠵᠤ᠂ ᠵᠢᠭᠤᠯᠴᠢᠯᠠᠯ᠎ᠤᠨ ᠶᠠᠰᠤ ᠴᠢᠨᠠᠷ ᠪᠠ ᠵᠢᠭᠤᠯᠴᠢᠯᠠᠯ᠎ᠤᠨ ᠪᠡᠶᠡᠴᠢᠯᠡᠨ ᠣᠢᠯᠠᠭᠠᠯᠳᠠ᠎ᠶᠢ ᠳᠡᠭᠡᠭᠰᠢᠯᠡᠭᠦᠯᠵᠦ᠂ ᠬᠡᠷᠡᠭᠯᠡᠭᠡ᠎ᠪᠡᠷ ᠠᠷᠠᠳ᠎ᠲᠤ ᠠᠰᠢᠭ᠋ ᠬᠦᠷᠲᠡᠭᠡᠬᠦ ᠰᠢᠷᠢᠰ ᠠᠷᠭ᠎ᠠ ᠬᠡᠮᠵᠢᠶ᠎ᠡ᠎ᠶᠢ ᠨᠡᠢᠳᠡᠯᠡᠬᠦ ᠬᠡᠷᠡᠭᠲᠡᠢ᠃ ᠰᠠᠯᠠᠭ᠎ᠠ ᠮᠥᠴᠢᠷ ᠠᠯᠤᠰᠯᠠᠭᠰᠠᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ᠎ᠶᠢ ᠴᠢᠩᠭᠠᠳᠬᠠᠵᠤ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠮᠠᠭᠠᠯᠠᠬᠤ ᠬᠡᠷᠡᠭᠲᠡᠢ᠃
ᠳᠥᠷᠪᠡ᠂ ᠣᠯᠠᠨ ᠲᠦᠮᠡᠨ᠎ᠦ ᠠᠮᠤᠷ ᠲᠦᠪᠰᠢᠨ ᠳᠥᠭᠥᠮ ᠳᠥᠲᠡ ᠶᠠᠪᠤᠵᠤ ᠰᠠᠭᠤᠬᠤ᠎ᠶᠢ ᠪᠠᠲᠤᠯᠠᠬᠤ ᠬᠡᠷᠡᠭᠲᠡᠢ᠃ ᠠᠶᠠᠨᠴᠢᠳ᠎ᠤᠨ ᠬᠥᠳᠡᠯᠦᠩᠭᠦᠢ ᠪᠠᠢᠳᠠᠯ᠎ᠢ ᠰᠤᠳᠤᠯᠤᠨ ᠮᠠᠭᠠᠳᠯᠠᠬᠤ᠎ᠶᠢ ᠴᠢᠩᠭᠠᠳᠬᠠᠵᠤ᠂ ᠭᠣᠣᠯᠳᠠᠯᠭ᠎ᠠ᠎ᠲᠠᠢ ᠭᠠᠵᠠᠷ ᠣᠷᠣᠨ᠂ ᠬᠠᠯᠠᠮᠰᠢᠯ ᠵᠠᠮ ᠱᠤᠭᠤᠮ᠂ ᠣᠷᠭᠢᠯ᠎ᠤᠨ ᠦᠶ᠎ᠡ᠎ᠶᠢᠨ ᠲᠡᠭᠡᠭᠡᠪᠦᠷᠢ᠎ᠶᠢᠨ ᠬᠦᠴᠦᠨ᠎ᠦ ᠬᠠᠩᠭᠠᠯᠭ᠎ᠠ᠎ᠶᠢ ᠴᠢᠩᠭᠠᠳᠬᠠᠵᠤ᠂ ᠴᠠᠭᠠᠨ ᠰᠠᠷ᠎ᠠ᠎ᠶᠢᠨ ᠵᠦᠭᠡᠭᠡᠪᠦᠷᠢ᠎ᠶᠢᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠣᠯᠠᠨ ᠲᠦᠮᠡᠨ᠎ᠦ ᠶᠠᠪᠤᠵᠤ ᠰᠠᠭᠤᠬᠤ ᠬᠡᠷᠡᠭᠴᠡᠭᠡ᠎ᠶᠢ ᠬᠠᠮᠤᠭ᠎ᠤᠨ ᠶᠡᠬᠡ ᠬᠡᠮᠵᠢᠶ᠎ᠡ᠎ᠪᠡᠷ ᠬᠠᠩᠭᠠᠬᠤ ᠬᠡᠷᠡᠭᠲᠡᠢ᠃ ᠴᠢᠬᠤᠯᠠ ᠶᠡᠬᠡ ᠪᠠᠶᠠᠷ ᠳᠤᠷᠠᠰᠬᠠᠯ᠎ᠤᠨ ᠠᠮᠠᠷᠠᠯᠲᠠ᠎ᠶᠢᠨ ᠬᠤᠭᠤᠴᠠᠭᠠᠨ᠎ᠳᠤ ᠵᠢᠵᠢᠭ ᠬᠡᠯᠪᠡᠷᠢ᠎ᠶᠢᠨ ᠠᠶᠠᠨᠴᠢᠳ᠎ᠤᠨ ᠮᠠᠰᠢᠨ ᠲᠡᠷᠭᠡ ᠨᠡᠪᠲᠡᠷᠡᠬᠦ ᠰᠦᠢᠳᠬᠡᠯ ᠦᠯᠦ ᠬᠤᠷᠢᠶᠠᠬᠤ ᠲᠦᠷᠦ᠎ᠶᠢᠨ ᠪᠣᠳᠣᠯᠭ᠎ᠠ᠎ᠶᠢ ᠰᠠᠢᠲᠤᠷ ᠨᠠᠢᠳᠠᠪᠤᠷᠢᠵᠢᠭᠤᠯᠵᠤ᠂ ᠵᠠᠮ ᠬᠠᠷᠢᠯᠴᠠᠭᠠᠨ᠎ᠤ ᠲᠦᠭᠵᠢᠷᠡᠯ᠎ᠢ ᠰᠢᠯᠤᠭᠤᠳᠬᠠᠬᠤ᠎ᠶᠢ ᠴᠢᠩᠭᠠᠳᠬᠠᠵᠤ᠂ ᠴᠠᠬᠢᠯᠭᠠᠨ ᠴᠡᠨᠡᠭᠯᠡᠬᠦ᠂ ᠲᠣᠰᠣ᠌ ᠨᠡᠮᠡᠬᠦ᠂ ᠬᠣᠭᠣᠯᠠ ᠢᠳᠡᠬᠦ᠂ ᠵᠣᠷᠯᠣᠩ ᠵᠡᠷᠭᠡ᠎ᠶᠢᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠬᠥᠯᠥᠰᠦᠨ ᠠᠵᠢᠯᠴᠢᠳ᠂ ᠰᠤᠷᠤᠭ᠍ᠴᠢᠳ᠂ ᠵᠢᠭᠤᠯᠴᠢᠯᠠᠭᠰᠠᠳ ᠵᠡᠷᠭᠡ ᠭᠣᠣᠯᠳᠠᠯᠭ᠎ᠠ᠎ᠲᠠᠢ ᠠᠶᠠᠨᠴᠢᠳ᠎ᠤᠨ ᠶᠠᠪᠤᠵᠤ ᠰᠠᠭᠤᠬᠤ ᠪᠠᠲᠤᠯᠠᠭ᠎ᠠ᠎ᠶᠢ ᠴᠢᠩᠭᠠᠳᠬᠠᠵᠤ᠂ ᠴᠡᠷᠢᠭ᠂ ᠴᠡᠷᠢᠭ᠎ᠤᠨ ᠠᠯᠪᠠ ᠬᠠᠭᠠᠵᠤ ᠪᠠᠢᠭ᠎ᠠ ᠪᠠ ᠴᠡᠷᠢᠭ᠎ᠤᠨ ᠠᠯᠪᠠ᠎ᠡᠴᠡ ᠬᠠᠯᠠᠭᠳᠠᠭᠰᠠᠨ ᠵᠡᠮᠳᠡᠭ ᠴᠡᠷᠢᠭ᠂ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠥᠮᠥᠰ᠂ ᠦᠷᠡᠭᠳᠡᠭᠰᠡᠨ ᠪᠠᠭᠠᠲᠤᠷᠴᠤᠳ᠎ᠤᠨ ᠭᠡᠷ ᠪᠦᠯᠢ ᠵᠡᠷᠭᠡ ᠭᠣᠣᠯᠳᠠᠯᠭ᠎ᠠ᠎ᠲᠠᠢ ᠬᠥᠮᠥᠰ᠎ᠦᠨ ᠶᠠᠪᠤᠵᠤ ᠰᠠᠭᠤᠬᠤ᠎ᠳᠤ ᠬᠠᠤᠯᠢ ᠶᠣᠰᠣᠭᠠᠷ ᠤᠷᠢᠳ᠎ᠢᠶᠠᠷ ᠬᠠᠷᠠᠭᠠᠯᠵᠠᠬᠤ ᠲᠦᠷᠦ᠎ᠶᠢᠨ ᠪᠣᠳᠣᠯᠭ᠎ᠠ᠎ᠶᠢ ᠴᠢᠩᠭ᠎ᠠ ᠨᠠᠢᠳᠠᠪᠤᠷᠢᠵᠢᠭᠤᠯᠬᠤ ᠬᠡᠷᠡᠭᠲᠡᠢ᠃ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠴᠠᠭ ᠠᠭᠤᠷ᠂ ᠠᠶᠠᠨᠴᠢᠳ ᠬᠤᠴᠤᠷᠤᠨ ᠰᠠᠭᠠᠲᠠᠬᠤ᠂ ᠲᠦᠭᠰᠢᠭᠦᠷᠢᠲᠦ ᠪᠠᠢᠳᠠᠯ ᠠᠳᠠᠯ ᠵᠡᠷᠭᠡ ᠭᠡᠨᠡᠳᠲᠡ᠎ᠶᠢᠨ ᠪᠠᠢᠳᠠᠯ᠎ᠢ ᠪᠦᠲᠦᠮᠵᠢᠲᠡᠶ ᠠᠷᠭᠠᠴᠠᠭᠠᠬᠤ ᠬᠡᠷᠡᠭᠲᠡᠢ᠃ ᠲᠦᠷᠭᠡᠨ᠎ᠤ ᠵᠠᠰᠠᠮᠠᠯ ᠵᠠᠮ᠂ ᠬᠥᠭᠥᠷᠭᠡ ᠨᠦᠬᠡᠨ ᠵᠠᠮ ᠵᠡᠷᠭᠡ ᠰᠠᠭᠤᠷᠢ ᠲᠦᠬᠦᠭᠡᠷᠦᠮᠵᠢ᠎ᠶᠢᠨ ᠲᠦᠭᠰᠢᠭᠦᠷᠢ᠎ᠶᠢᠨ ᠬᠡᠮ ᠰᠤᠭᠤᠭ᠎ᠢ ᠵᠢᠭ᠍ᠰᠠᠭᠠᠨ ᠪᠠᠢᠴᠠᠭᠠᠬᠤ᠎ᠶᠢ ᠭᠦᠨᠵᠡᠭᠡᠢ ᠥᠷᠨᠢᠭᠦᠯᠵᠦ᠂ ᠠᠷᠢᠬᠢ ᠤᠤᠭᠤᠭᠠᠳ ᠲᠡᠷᠭᠡ ᠵᠢᠯᠤᠭᠤᠳᠬᠤ ᠰᠣᠭᠲᠣᠭᠤ᠎ᠪᠠᠷ ᠲᠡᠷᠭᠡ ᠵᠢᠯᠤᠭᠣᠳᠬᠤ᠂ 《ᠬᠤᠷᠳᠤᠴᠠ ᠬᠡᠲᠦᠷᠡᠬᠦ ᠬᠦᠮᠦᠨ᠎ᠤ ᠲᠤᠭ᠎ᠠ ᠬᠡᠲᠦᠷᠡᠬᠦ ᠲᠠᠭᠠᠭᠠᠴᠠ ᠡᠴᠡ ᠬᠡᠲᠦᠷᠡᠬᠦ ᠶᠠᠳᠠᠷᠠᠭ᠎ᠠ᠎ᠲᠠᠢ ᠪᠡᠷ ᠲᠡᠷᠬᠡ ᠵᠢᠯᠤᠭᠤᠳᠬᠤ》᠂ ᠬᠠᠤᠯᠢ ᠪᠤᠰᠤ᠎ᠪᠠᠷ ᠲᠡᠭᠡᠭᠡᠪᠦᠷᠢᠯᠡᠨ ᠡᠵᠡᠩᠨᠡᠬᠦ᠂ ᠬᠥᠳᠡᠭᠡ ᠲᠣᠰᠬᠣᠨ᠎ᠤ 《ᠬᠣᠶᠠᠷ᠎ᠢ ᠵᠥᠷᠢᠴᠡᠬᠦ》 ᠵᠡᠷᠭᠡ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠶᠠᠪᠤᠵᠤ ᠰᠠᠭᠤᠬᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃
ᠲᠠᠪᠤ᠂ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢᠨ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠡᠯ᠎ᠡ ᠵᠦᠢᠯ᠎ᠦᠨ ᠬᠢᠨᠠᠯᠲᠠ ᠬᠠᠮᠢᠶᠠᠷᠤᠯᠲᠠ᠎ᠶᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠤᠭᠰᠠᠨ᠎ᠢᠶᠠᠷ ᠬᠦᠷᠦᠯᠴᠡᠬᠦ ᠦᠭᠡᠢ᠂ ᠠᠮᠤᠷ ᠲᠦᠪᠰᠢᠨ᠎ᠦ ᠪᠠᠢᠴᠠᠭᠠᠯᠲᠠ᠎ᠶᠢ ᠬᠡᠯᠪᠡᠷᠢ᠎ᠶᠢᠨ ᠲᠡᠳᠦᠢ ᠶᠠᠪᠤᠭᠳᠠᠭᠤᠯᠬᠤ᠂ ᠦᠭᠡᠷᠡᠴᠢᠯᠡᠨ ᠰᠠᠢᠵᠢᠷᠠᠭᠤᠯᠵᠤ ᠴᠡᠭᠴᠡᠯᠡᠨ ᠵᠠᠰᠠᠬᠤ ᠶᠠᠪᠤᠳᠠᠯ᠎ᠳᠤ ᠳᠦᠷᠢ ᠦᠵᠡᠭᠦᠯᠬᠦ ᠵᠡᠷᠭᠡ ᠦᠵᠡᠭᠳᠡᠯ᠎ᠢ ᠴᠠᠭ ᠲᠤᠬᠠᠢ ᠳ᠋ᠤᠨᠢ ᠴᠡᠭᠴᠡᠯᠡᠨ ᠵᠠᠰᠠᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭᠳᠡᠢ᠃ ᠬᠠᠭᠤᠴᠢᠨ ᠣᠷᠣᠨ ᠰᠠᠭᠤᠴᠠ᠂ ᠥᠨᠳᠥᠷ ᠪᠠᠷᠢᠯᠭ᠎ᠠ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠂ ᠬᠠᠯᠠᠮᠰᠢᠯ ᠦᠵᠡᠮᠵᠢ᠎ᠶᠢᠨ ᠭᠠᠵᠠᠷ᠂ ᠬᠤᠳᠠᠯᠳᠤᠭᠠᠨ᠎ᠤ ᠲᠠᠯᠠᠪᠤᠷ ᠵᠠᠬ᠎ᠠ ᠳᠡᠯᠭᠡᠭᠦᠷ᠂ ᠵᠣᠴᠢᠳ᠎ᠤᠨ ᠪᠠᠭᠤᠳᠠᠯ ᠠᠷᠠᠳ᠎ᠤᠨ ᠤᠯᠠᠮᠵᠢᠯᠠᠯᠲᠦ ᠰᠠᠭᠤᠴᠠ᠎ᠶᠢᠨ ᠪᠠᠭᠤᠳᠠᠯ᠂ ᠵᠤᠭᠤᠭ᠎ᠤᠨ ᠭᠠᠵᠠᠷ ᠬᠣᠭᠣᠯᠠᠨ ᠭᠡᠷ᠂ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠂ ᠦᠢᠯᠡᠳᠪᠦᠷᠢ᠎ᠶᠢᠨ ᠭᠡᠷ ᠪᠠᠢᠰᠢᠩ ᠬᠥᠮᠥᠷᠭᠡ ᠵᠡᠷᠭᠡ ᠭᠣᠣᠯᠳᠠᠯᠭ᠎ᠠ᠎ᠲᠠᠢ ᠲᠠᠯᠠᠪᠤᠷ ᠭᠠᠵᠠᠷ᠎ᠤᠨ ᠭᠠᠯ᠎ᠤᠨ ᠭᠠᠮᠰᠢᠭ᠋᠎ᠤᠨ ᠬᠡᠮ ᠰᠤᠭᠤᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ᠎ᠶᠢ ᠴᠢᠩᠭᠠᠳᠬᠠᠬᠤ ᠬᠡᠷᠡᠭᠳᠡᠢ᠃ ᠬᠤᠸᠠᠷ ᠫᠤᠤᠵᠢᠩ᠂ ᠠᠭᠤᠷᠬᠠᠢ᠂ ᠰᠢᠲᠠᠮᠠᠬᠠᠢ ᠬᠡᠢ᠂ ᠪᠠᠷᠢᠯᠭ᠎ᠠ᠎ᠶᠢᠨ ᠠᠵᠢᠯ᠂ ᠬᠢᠮᠢ᠎ᠶᠢᠨ ᠠᠵᠤ ᠦᠢᠯᠡᠳᠪᠦᠷᠢ᠎ᠶᠢᠨ ᠦᠢᠯᠡᠳᠪᠦᠷᠢᠯᠡᠯ᠂ ᠵᠢᠭᠠᠰᠤᠨ᠎ᠤ ᠠᠵᠤ ᠠᠬᠤᠢ᠎ᠶᠢᠨ ᠣᠩᠭᠣᠴᠠ ᠰᠠᠯ ᠵᠡᠷᠭᠡ ᠠᠵᠢᠯ ᠲᠥᠷᠥᠯ᠎ᠦᠨ ᠬᠦᠷᠢᠶ᠎ᠡ ᠴᠠᠷᠠᠭ᠎ᠠ᠎ᠶᠢᠨ ᠲᠦᠭᠰᠢᠭᠦᠷᠢ᠎ᠶᠢᠨ ᠬᠡᠮ ᠰᠤᠭᠤᠭ᠎ᠢ ᠵᠢᠭ᠍ᠰᠠᠭᠠᠨ ᠪᠠᠢᠴᠠᠭᠠᠵᠤ ᠵᠠᠰᠠᠬᠤ᠎ᠶᠢ ᠭᠦᠨᠵᠡᠭᠡᠢᠷᠡᠭᠦᠯᠬᠦ ᠬᠡᠷᠡᠭᠳᠡᠢ᠃ ᠵᠢᠭᠤᠯᠴᠢᠯᠠᠯ᠎ᠳᠤ ᠬᠣᠯᠪᠣᠭᠳᠠᠬᠤ ᠲᠤᠨᠤᠭ ᠲᠥᠬᠦᠭᠡᠷᠦᠮᠵᠢ᠎ᠶᠢ ᠪᠠᠢᠴᠠᠭᠠᠨ ᠬᠠᠮᠠᠭᠠᠯᠠᠬᠤ ᠠᠵᠢᠯ᠎ᠢ ᠰᠠᠢᠲᠤᠷ ᠬᠢᠵᠦ᠂ ᠠᠶᠠᠨᠴᠢᠳ᠎ᠤᠨ ᠵᠦᠭᠡᠭᠡᠪᠦᠷᠢ᠎ᠶᠢᠨ ᠳᠡᠭᠦᠵᠢᠩ ᠵᠠᠮ᠂ ᠲᠣᠮᠣ᠌ ᠬᠡᠯᠪᠡᠷᠢ᠎ᠶᠢᠨ ᠵᠤᠭ᠎ᠠ ᠴᠡᠩᠭᠡᠯ᠎ᠦᠨ ᠲᠤᠨᠤᠭ ᠲᠦᠬᠦᠭᠡᠷᠦᠮᠵᠢ᠂ ᠰᠢᠨ᠎ᠡ᠎ᠪᠡᠷ ᠪᠤᠢ ᠪᠤᠯᠤᠭᠰᠠᠨ ᠲᠦᠭᠰᠢᠭᠦᠷᠢ ᠶᠡᠬᠡᠲᠡᠢ ᠵᠤᠭ᠎ᠠ ᠴᠡᠩᠭᠡᠯ᠎ᠦᠨ ᠲᠥᠷᠥᠯ ᠵᠦᠢᠯ᠎ᠦᠨ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭᠠᠳᠬᠠᠬᠤ ᠬᠡᠷᠡᠭᠳᠡᠢ᠃ ᠳᠡᠯᠭᠡᠨ ᠦᠵᠡᠭᠦᠯᠵᠦ ᠪᠣᠷᠣᠯᠠᠭᠤᠯᠬᠤ᠂ ᠤᠷᠠᠨ ᠰᠠᠢᠬᠠᠨ᠎ᠤ ᠲᠣᠭᠯᠠᠯᠲᠠ᠂ ᠰᠦᠮ᠎ᠡ᠎ᠶᠢᠨ ᠴᠤᠭᠯᠠᠭᠠᠨ ᠳ᠋ᠧᠩᠯᠦ᠎ᠶᠢᠨ ᠴᠤᠭᠯᠠᠭᠠᠨ᠂ ᠬᠤᠸᠠᠷ ᠫᠤᠤᠵᠢᠩ᠎ᠤᠨ ᠦᠳᠡᠰᠢᠯᠡᠭᠡ᠂ ᠳ᠋ᠧᠩ᠎ᠦᠨ ᠬᠡᠷᠡᠯ᠎ᠤᠨ ᠦᠵᠡᠭᠦᠯᠭᠡ ᠵᠡᠷᠭᠡ ᠲᠣᠮᠣ᠌ ᠬᠡᠯᠪᠡᠷᠢ᠎ᠶᠢᠨ ᠣᠯᠠᠨ ᠲᠦᠮᠡᠨᠴᠢ ᠴᠢᠨᠠᠷᠲᠠᠢ ᠠᠵᠢᠯᠯᠠᠭ᠎ᠠ᠎ᠶᠢᠨ ᠲᠦᠭᠰᠢᠭᠦᠷᠢ᠎ᠶᠢ ᠦᠨᠡᠯᠡᠨ ᠵᠢᠱ᠌ᠢᠬᠦ ᠪᠠ ᠠᠮᠤᠷ ᠲᠦᠪᠰᠢᠨ᠎ᠦ ᠬᠠᠮᠢᠶᠠᠷᠤᠯᠲᠠ ᠡᠵᠡᠮᠳᠡᠯ᠎ᠢ ᠴᠢᠩᠭᠠᠳᠬᠠᠬᠤ ᠬᠡᠷᠡᠭᠳᠡᠢ᠃ ᠳᠤᠤᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠪᠠ ᠬᠠᠯᠢᠶ᠎ᠠ ᠦᠶᠡᠷ᠎ᠦᠨ ᠭᠠᠮᠰᠢᠭ᠋᠂ ᠤᠢ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠤᠨ ᠭᠠᠮᠰᠢᠭ᠋᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠲᠦᠭᠰᠢᠭᠦᠷᠢ᠎ᠶᠢ ᠰᠠᠨᠠᠭᠤᠯᠬᠤ ᠪᠠ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ᠎ᠶᠢ ᠴᠢᠩᠭᠠᠷᠠᠭᠤᠯᠬᠤ ᠬᠡᠷᠡᠭᠳᠡᠢ᠃ ᠠᠮᠤᠷ ᠲᠦᠪᠰᠢᠨ᠎ᠦ ᠤᠬᠠᠭᠤᠯᠭ᠎ᠠ ᠬᠥᠮᠦᠵᠢᠯ᠎ᠢ ᠥᠷᠭᠡᠨ᠎ᠢᠶᠡᠷ ᠥᠷᠨᠢᠭᠦᠯᠵᠦ᠂ ᠤᠯᠠᠨ ᠲᠦᠮᠡᠨ᠎ᠦ ᠠᠮᠤᠷ ᠲᠦᠪᠰᠢᠨ᠎ᠦ ᠰᠡᠷᠭᠡᠢᠯᠡᠯᠲᠡ᠎ᠶᠢᠨ ᠤᠬᠠᠮᠰᠠᠷ ᠪᠣᠯᠣᠨ ᠠᠶᠤᠯ᠎ᠡᠴᠡ ᠵᠠᠢᠯᠠᠵᠤ ᠥᠪᠡᠷ᠎ᠢ᠎ᠪᠡᠨ ᠠᠪᠤᠷᠠᠬᠤ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠳᠡᠢ᠃ ᠭᠣᠣᠯᠳᠠᠯᠭ᠎ᠠ᠎ᠲᠠᠢ ᠬᠠᠯᠳᠠᠪᠤᠷᠢᠲᠤ ᠡᠪᠡᠳᠴᠢᠨ᠎ᠢ ᠬᠢᠨᠠᠨ ᠬᠡᠮᠵᠢᠵᠦ ᠰᠡᠷᠭᠡᠢᠯᠡᠨ ᠡᠵᠡᠮᠳᠡᠬᠦ᠎ᠶᠢ ᠴᠢᠩᠭᠠᠳᠬᠠᠵᠤ᠂ ᠠᠮᠢᠰᠬᠤᠯ᠎ᠤᠨ ᠵᠠᠮ᠎ᠤᠨ ᠬᠠᠯᠳᠠᠪᠤᠷᠢᠲᠤ ᠡᠪᠡᠳᠴᠢᠨ᠎ᠢ ᠣᠨᠣᠰᠢᠯᠠᠨ ᠡᠮᠴᠢᠯᠡᠬᠦ ᠠᠵᠢᠯ᠎ᠢ ᠰᠠᠢᠲᠤᠷ ᠬᠢᠬᠦ ᠬᠡᠷᠡᠭᠳᠡᠢ᠃
ᠵᠢᠷᠭᠤᠭ᠎ᠠ᠂ ᠨᠡᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ᠎ᠢ ᠪᠦᠬᠦ ᠬᠦᠴᠦ᠎ᠪᠡᠷ᠎ᠢᠶᠡᠨ ᠬᠠᠮᠠᠭᠠᠯᠠᠬᠤ ᠬᠡᠷᠡᠭᠳᠡᠢ᠃ ᠰᠢᠨ᠎ᠡ ᠴᠠᠭ ᠦᠶ᠎ᠡ᠎ᠶᠢᠨ 《ᠹᠸᠩᠴᠢᠶᠤᠤ᠎ᠶᠢᠨ ᠲᠤᠷᠰᠢᠯᠭ᠎ᠠ》᠎ᠶᠢ ᠪᠠᠷᠢᠮᠲᠠᠯᠠᠨ ᠬᠥᠭᠵᠢᠭᠦᠯᠵᠦ᠂ ᠡᠯ᠎ᠡ ᠲᠦᠷᠦᠯ᠎ᠦᠨ ᠵᠥᠷᠢᠴᠡᠯ ᠵᠠᠭᠤᠷᠠᠯᠳᠤᠭᠠᠨ ᠪᠠ ᠠᠶᠤᠯ ᠲᠦᠭᠰᠢᠭᠦᠷᠢ᠎ᠶᠢᠨ ᠬᠡᠮ ᠰᠣᠭᠣᠭ᠎ᠲᠤ ᠦᠨᠴᠦᠭ ᠪᠤᠯᠤᠩ ᠦᠯᠡᠳᠡᠭᠡᠬᠦ ᠦᠬᠡᠢ ᠬᠡᠯᠪᠡᠷᠢ᠎ᠶᠢᠨ ᠪᠠᠢᠴᠠᠭᠠᠯᠲᠠ᠎ᠶᠢ ᠥᠷᠨᠢᠭᠦᠯᠵᠦ᠂ ᠤᠳᠤᠷᠢᠳᠬᠤ ᠺᠠᠳ᠋ᠷ᠎ᠤᠨ ᠰᠣᠷᠪᠤᠯᠵᠢᠯᠠᠯᠢ ᠬᠦᠯᠢᠶᠡᠨ ᠠᠪᠬᠤ ᠪᠠ ᠳᠣᠷᠣᠭ᠍ᠰᠢ ᠪᠠᠭᠤᠵᠤ ᠰᠤᠷᠪᠤᠯᠵᠢᠯᠠᠬᠤ ᠡᠷᠴᠢᠮ᠎ᠢ ᠴᠢᠩᠭᠠᠷᠠᠭᠤᠯᠵᠤ᠂ ᠶᠡᠷᠦᠩᠬᠡᠢᠯᠡᠨ ᠵᠠᠰᠠᠬᠤ ᠲᠥᠪ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠯ᠎ᠡ ᠵᠦᠢᠯ᠎ᠦᠨ ᠲᠣᠭᠲᠠᠭᠤᠨ ᠪᠤᠰᠤ ᠬᠦᠴᠦᠨ ᠵᠦᠢᠯ᠎ᠢ ᠴᠤᠬᠤᠶ᠋ᠢᠭᠰᠠᠨ ᠳᠠᠷᠤᠢ᠎ᠳᠤ᠎ᠨᠢ ᠰᠢᠢᠳᠪᠦᠷᠢᠯᠡᠵᠦ᠂ ᠦᠨᠳᠦᠰᠦᠨ ᠱᠠᠲᠤᠨ᠎ᠳ᠋ᠤ ᠰᠢᠢᠳᠪᠦᠷᠢᠯᠡᠬᠦ᠎ᠪᠠᠷ ᠴᠢᠷᠮᠠᠢᠬᠤ ᠬᠡᠷᠡᠭᠳᠡᠢ᠃ 《ᠬᠤᠯᠠᠭᠠᠢᠯᠠᠬᠤ ᠪᠤᠯᠢᠶᠠᠬᠤ ᠮᠡᠬᠡᠯᠡᠬᠦ》᠂ 《ᠱᠠᠯᠢᠭ᠋ ᠵᠠᠪᠬᠠᠢ ᠵᠣᠭᠣᠰ ᠮᠦᠷᠦᠢᠴᠡᠬᠦ ᠬᠣᠣᠷ ᠲᠠᠲᠠᠬᠤ》 ᠵᠡᠷᠭᠡ ᠬᠠᠤᠯᠢ᠎ᠶᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠳᠡᠢ᠃ ᠠᠮᠤᠷ ᠲᠦᠪᠰᠢᠨ᠎ᠦ ᠬᠡᠮ ᠰᠤᠭᠤᠭ ᠪᠠ ᠨᠢᠭᠤᠭᠳᠠᠮᠠᠯ ᠴᠡᠭ᠎ᠢ ᠪᠥᠬᠥ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠬᠥᠭᠵᠢᠶᠡᠨᠲᠦ ᠬᠤᠳᠠᠯᠳᠤᠭᠠᠨ᠎ᠤ ᠲᠣᠭᠣᠷᠢᠭ᠋᠂ ᠵᠢᠭᠤᠯᠴᠢᠯᠠᠯ᠎ᠤᠨ ᠦᠵᠡᠮᠵᠢ᠎ᠶᠢᠨ ᠣᠷᠣᠨ᠂ ᠨᠡᠢᠲᠡ᠎ᠶᠢᠨ ᠮᠠᠰᠢᠨ ᠲᠡᠷᠭᠡ ᠭᠠᠵᠠᠷ ᠲᠤᠤᠷᠠᠬᠢ ᠲᠠᠮᠤᠷ ᠵᠠᠮ᠎ᠤᠨ ᠲᠡᠷᠬᠡ᠂ ᠮᠠᠰᠢᠨ ᠲᠡᠷᠭᠡᠨ᠎ᠤ ᠥᠷᠲᠡᠭᠡ ᠨᠢᠰᠬᠡᠯ᠎ᠦᠨ ᠪᠠᠭᠤᠳᠠᠯ᠂ ᠰᠤᠷᠭᠠᠭᠤᠯᠢ ᠡᠮᠨᠡᠯᠭᠡ᠎ᠶᠢᠨ ᠬᠣᠷᠢᠶ᠎ᠠ᠂ ᠴᠡᠴᠡᠷᠯᠢᠭ ᠠᠭᠤᠳᠠᠮ ᠲᠠᠯᠠᠪᠠᠶ ᠵᠡᠷᠭᠡ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ᠎ᠤᠨ ᠠᠮᠤᠷ ᠲᠦᠪᠰᠢᠨ᠎ᠦ ᠰᠡᠷᠭᠡᠢᠯᠡᠯᠲᠡ᠎ᠶᠢ ᠴᠢᠩᠭᠠᠳᠬᠠᠵᠤ᠂ ᠫᠤᠤ ᠵᠡᠪᠰᠡᠭ ᠰᠤᠮᠤ ᠳᠠᠷᠢ᠂ ᠠᠶᠤᠯᠲᠠᠢ ᠳᠡᠯᠪᠡᠷᠡᠬᠦ ᠡᠳ᠋ ᠪᠣᠳᠠᠰ᠂ ᠬᠠᠮᠢᠶᠠᠷᠤᠨ ᠡᠵᠡᠮᠳᠡᠬᠦ ᠬᠢᠲᠤᠭ᠎ᠠ ᠪᠠᠭᠠᠵᠢ ᠵᠡᠷᠭᠡ ᠭᠣᠣᠯᠳᠠᠯᠭ᠎ᠠ᠎ᠲᠠᠢ ᠡᠳ᠋ ᠪᠣᠳᠠᠰ᠎ᠤᠨ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭᠠᠳᠬᠠᠬᠤ ᠬᠡᠷᠡᠭᠳᠡᠢ᠃ ᠨᠡᠢᠭᠡᠮ᠎ᠦᠨ ᠲᠠᠯ᠎ᠠ᠎ᠡᠴᠡ ᠲᠣᠭᠣᠷᠢᠨ ᠪᠠᠢᠴᠠᠭᠠᠵᠤ ᠬᠠᠮᠢᠶᠠᠷᠤᠨ ᠡᠵᠡᠮᠳᠡᠬᠦ᠎ᠶᠢ ᠴᠢᠩᠭᠠᠳᠬᠠᠵᠤ᠂ ᠳᠣᠲᠣᠭᠠᠳᠤ᠎ᠶᠢ ᠬᠠᠮᠠᠭᠠᠯᠠᠬᠤ ᠲᠤᠪᠴᠢᠶ᠎ᠠ ᠵᠡᠪᠰᠡᠭᠲᠦ ᠴᠠᠭᠳᠠᠭ᠎ᠠ᠎ᠶᠢᠨ ᠬᠠᠮᠲᠤᠷᠠᠭᠰᠠᠨ ᠵᠢᠵᠢᠭᠦᠷᠯᠡᠨ ᠴᠠᠭᠳᠠᠨ ᠰᠡᠷᠭᠡᠢᠯᠡᠬᠦ᠎ᠶᠢ ᠨᠠᠢᠳᠠᠪᠤᠷᠢᠵᠢᠭᠤᠯᠵᠤ᠂ ᠭᠡᠨᠡᠳᠲᠡ᠎ᠶᠢᠨ ᠬᠡᠷᠡᠭ᠎ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ᠎ᠢ ᠲᠡᠭᠦᠯᠳᠡᠷᠵᠢᠭᠦᠯᠵᠦ᠂ ᠬᠦᠴᠦᠷᠬᠡᠭᠯᠡᠯ ᠰᠦᠷᠳᠡᠭᠦᠯᠦᠯ᠎ᠦᠨ ᠳᠠᠭᠠᠷᠢᠯᠲᠠ ᠡᠭᠦᠰᠬᠦ᠎ᠶᠢ ᠴᠢᠩᠭ᠎ᠠ ᠰᠡᠷᠭᠡᠢᠯᠡᠵᠦ᠂ ᠬᠡᠲᠦᠷᠡᠮᠡᠬᠡᠢ ᠬᠡᠷᠡᠭ ᠡᠭᠦᠰᠬᠦ᠎ᠶᠢ ᠴᠢᠩᠭ᠎ᠠ ᠰᠡᠷᠭᠡᠢᠯᠡᠬᠦ ᠬᠡᠷᠡᠭᠳᠡᠢ᠃ ᠨᠡᠢᠭᠡᠮ᠎ᠦᠨ ᠶᠠᠷᠢᠶ᠎ᠠ ᠬᠡᠯᠡᠯᠴᠡᠭᠡ᠎ᠶᠢ ᠨᠢᠭ᠍ᠲᠠ ᠠᠩᠬᠠᠷᠴᠤ᠂ ᠠᠶᠤᠯ ᠲᠦᠭᠰᠢᠭᠦᠷᠢ᠎ᠶᠢ ᠰᠤᠳᠤᠯᠤᠨ ᠮᠠᠭᠠᠳᠯᠠᠬᠤ ᠪᠠ ᠠᠷᠭᠠᠴᠠᠭᠠᠨ ᠰᠢᠢᠳᠪᠦᠷᠢᠯᠡᠬᠦ ᠠᠵᠢᠯ᠎ᠢ ᠢᠳᠡᠪᠬᠢᠲᠡᠢ ᠯᠠᠪᠳᠠᠭᠤᠨ ᠰᠠᠢᠲᠤᠷ ᠬᠢᠬᠦ ᠬᠡᠷᠡᠭᠳᠡᠢ᠃
ᠳᠣᠯᠣᠭ᠎ᠠ᠂ 《ᠳᠥᠷᠪᠡᠨ ᠰᠤᠷᠲᠠᠯ》᠎ᠢ ᠦᠷᠭᠦᠯᠵᠢᠯᠡᠨ ᠵᠠᠯᠠᠷᠠᠭᠤᠯᠵᠤ ᠱᠢᠨ᠎ᠡ ᠬᠡᠪ ᠰᠤᠷᠲᠠᠯ᠎ᠢ ᠪᠣᠶ ᠪᠣᠯᠭᠠᠬᠤ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠱᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠭᠡᠷ᠎ᠦᠨ ᠰᠤᠷᠭᠠᠯ ᠭᠡᠷ᠎ᠦᠨ ᠰᠤᠷᠲᠠᠯ᠎ᠢ ᠴᠢᠩᠳᠠᠯᠠᠵᠤ᠂ ᠠᠵᠢᠯᠴᠢ ᠠᠷᠪᠢᠴᠢ ᠠᠷᠪᠢᠯᠠᠨ ᠭᠠᠮᠨᠠᠬᠤ᠎ᠶ᠋ᠢ ᠰᠠᠨᠠᠭᠠᠴᠢᠯᠠᠵᠤ᠂ ᠪᠤᠯᠬᠢ ᠪᠦᠳᠦᠬᠦᠯᠢᠭ ᠬᠠᠭᠤᠴᠢᠨ ᠬᠡᠪ ᠵᠠᠩᠱᠢᠯ᠎ᠢ ᠥᠭᠡᠷᠡᠴᠢᠯᠡᠬᠦ᠌᠎ᠶ᠋ᠢ ᠠᠬᠢᠭᠤᠯᠵᠤ᠂ ᠶᠡᠬᠡ ᠬᠡᠮᠵᠢᠶᠡᠨ᠎ᠤ ᠪᠤᠭᠳᠤᠯᠠᠬᠤ ᠪᠡᠯᠡᠭ ᠦᠭᠴᠤ ᠠᠪᠬᠤ᠂ ᠨᠠᠢᠷ ᠲᠠᠯ᠎ᠠ᠎ᠶ᠋ᠢᠨ ᠠᠳᠠᠯᠢᠳᠭᠠᠯ ᠬᠢᠬᠦ᠌᠂ ᠬᠦᠨᠳᠦ᠍᠎ᠪᠡᠷ ᠣᠷᠣᠱᠢᠭᠤᠯᠵᠤ ᠬᠦᠢᠲᠡᠮᠰᠦᠭ ᠠᠷᠠᠴᠢᠯᠠᠨ ᠳᠡᠵᠢᠬᠡᠬᠦ ᠵᠡᠷᠭᠡ ᠮᠠᠭᠤ ᠮᠠᠭᠤᠬᠠᠢ ᠳᠠᠳᠭᠠᠯ᠎ᠢ ᠡᠰᠡᠷᠭᠦᠴᠡᠬᠦ ᠬᠡᠷᠡᠭᠳᠡᠢ᠃ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠱᠢᠨ᠎ᠡ ᠵᠢᠯ ᠴᠠᠭᠠᠨ ᠰᠠᠷ᠎ᠠ᠎ᠶᠢᠨ ᠬᠤᠭᠤᠴᠠᠭ᠎ᠠ᠎ᠶᠢ ᠴᠢᠩᠭ᠎ᠠ ᠠᠩᠬᠠᠷᠴᠤ᠌᠂ ᠲᠣᠭ᠍ᠲᠠᠭᠠᠯ ᠡᠴᠡ ᠵᠥᠷᠢᠴᠡᠨ ᠢᠳᠡᠵᠦ᠍ ᠤᠤᠭᠤᠬᠤ᠂ ᠲᠣᠭ᠍ᠲᠠᠭᠠᠯ ᠡᠴᠡ ᠵᠥᠷᠢᠴᠡᠨ ᠪᠡᠯᠡᠭ ᠰᠡᠯᠲᠡ ᠪᠡᠯᠡᠭ᠎ᠦᠨ ᠵᠣᠭᠣᠰ ᠬᠤᠷᠢᠶᠠᠬᠤ ᠪᠠ ᠬᠦᠷᠭᠡᠬᠦ᠌᠂ ᠲᠣᠭ᠍ᠲᠠᠭᠠᠯ ᠡᠴᠡ ᠵᠥᠷᠢᠴᠡᠨ ᠬᠤᠷᠢᠮ ᠪᠡᠯᠪᠡᠰᠦᠷᠡᠯ ᠪᠠᠶᠠᠷ ᠨᠠᠢᠷ ᠡᠷᠬᠢᠯᠡᠬᠦ ᠵᠠᠪᠱᠢᠶᠠᠨ᠎ᠢ ᠳᠠᠯᠢᠮᠳᠠᠭᠤᠯᠤᠨ ᠡᠳ᠋ ᠠᠰᠢᠭ ᠤᠯᠬᠤ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠵᠤ᠂ ᠬᠡᠪ ᠰᠤᠷᠲᠠᠯ ᠢᠯᠵᠢᠷᠠᠯ᠎ᠢ ᠵᠡᠷᠭᠡ᠎ᠪᠡᠷ ᠪᠠᠢᠴᠠᠭᠠᠵᠤ ᠬᠠᠮᠲᠤ᠎ᠪᠠᠷ ᠵᠠᠰᠠᠬᠤ ᠠᠵᠢᠯ᠎ᠢ ᠭᠦᠨᠵᠡᠭᠡᠢᠷᠡᠭᠦᠯᠦᠨ᠂ ᠲᠥᠪ ᠪᠤᠰᠤ ᠰᠤᠷᠲᠠᠯ ᠲᠠᠬᠢᠨ ᠢᠯᠡᠷᠡᠬᠦ᠌᠎ᠡᠴᠡ ᠰᠡᠷᠭᠡᠢᠯᠡᠬᠦ᠌ ᠬᠡᠷᠡᠭ᠌ᠲᠡᠢ᠃ ᠨᠠᠮ ᠵᠠᠰᠠᠭ᠎ᠤᠨ ᠪᠠᠢᠭᠤᠯᠭ᠎ᠠ᠎ᠶ᠋ᠢᠨ ᠠᠷᠪᠢᠴᠢ ᠭᠠᠮᠲᠠᠢ ᠠᠮᠢᠳᠤᠷᠠᠬᠤ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠪᠦᠷᠢᠯᠭᠡᠨ ᠰᠦᠢᠳᠭᠡᠬᠦ᠌᠎ᠶ᠋ᠢ ᠴᠢᠩᠭ᠎ᠠ ᠰᠡᠷᠭᠡᠢᠯᠡᠬᠦ᠌ ᠬᠡᠷᠡᠭ᠌ᠲᠡᠢ᠃ ᠵᠠᠰᠠᠭ᠎ᠦᠨ ᠠᠵᠢᠯ᠎ᠦᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠡᠬᠢ ᠪᠤᠢ ᠪᠣᠯᠭᠠᠨ ᠦᠢᠯᠡᠳᠦᠯᠭᠡᠵᠢᠭᠦᠯᠵᠦ᠍᠂ ᠨᠠᠢᠳᠠᠪᠤᠷᠢᠵᠢᠭᠤᠯᠬᠤ᠎ᠳᠠᠭᠠᠨ ᠠᠯᠪᠠ ᠬᠠᠱᠢᠵᠤ ᠠᠮᠠ ᠪᠥᠭ᠌ᠯᠡᠬᠦ᠌᠂ ᠲᠣᠭ᠎ᠠ ᠪᠠᠷᠢᠮᠲᠠ ᠮᠡᠳᠡᠭᠦᠯᠬᠦ᠌᠎ᠳᠡᠭᠡᠨ ᠬᠤᠳᠠᠯ ᠬᠠᠭᠤᠷᠮᠠᠭ᠎ᠢᠶᠠᠷ ᠵᠣᠬᠢᠶᠠᠬᠤ᠂ ᠱᠢᠯᠭᠠᠨ ᠠᠪᠬᠤ᠎ᠳᠠᠭᠠᠨ ᠬᠠᠰᠢ ᠶᠠᠰᠢ ᠥᠩᠭᠡᠷᠡᠭᠦᠯᠬᠦ᠌ ᠵᠡᠷᠭᠡ ᠠᠰᠠᠭᠤᠳᠠᠯ᠎ᠢ ᠬᠦᠴᠦᠯᠡᠨ ᠵᠠᠯᠠᠷᠠᠭᠤᠯᠤᠨ ᠵᠠᠰᠠᠬᠤ ᠬᠡᠷᠡᠭ᠌ᠲᠡᠢ᠃ ᠪᠢᠴᠢᠭ ᠮᠠᠲ᠋ᠧᠷᠢᠶᠠᠯ ᠬᠤᠷᠠᠯ ᠬᠤᠢ ᠣᠯᠠᠨ ᠦᠷ᠎ᠡ ᠪᠦᠲᠦᠮᠵᠢ ᠨᠢ ᠠᠨᠠᠶ ᠪᠠᠢᠬᠤ᠂ ᠳ᠋ᠦᠩᠨᠡᠬᠦ᠌ ᠪᠠ ᠠᠬᠢᠭᠤᠯᠬᠤ ᠨᠡᠷ᠎ᠡ᠎ᠪᠡᠷ ᠳᠤᠷ᠎ᠠ᠎ᠪᠠᠷ᠎ᠢᠶᠠᠨ ᠦᠨᠳᠦᠰᠦᠨ ᠱᠠᠲᠤᠨ᠎ᠳᠤ ᠡᠭᠦᠷᠭᠡ ᠳᠠᠭᠠᠭᠠᠯᠭᠠᠬᠤ᠂ ᠣᠯᠠᠨ ᠲᠠᠯ᠎ᠠ ᠡᠴᠡ ᠮᠠᠲ᠋ᠧᠷᠢᠶᠠᠯ᠎ᠢ ᠳᠠᠬᠢᠨ ᠳᠠᠪᠲᠠᠨ ᠠᠪᠬᠤ᠂ ᠱᠠᠯᠠᠪᠳᠠᠭᠤᠯᠤᠨ ᠪᠠᠢᠴᠠᠭᠠᠬᠤ ᠬᠢᠨᠠᠨ ᠪᠠᠢᠴᠠᠭᠠᠬᠤ ᠱᠢᠯᠭᠠᠨ ᠬᠢᠨᠠᠬᠤ ᠪᠠ ᠪᠠᠢᠴᠠᠭᠠᠨ ᠰᠤᠳᠤᠯᠤᠯᠲᠠ ᠬᠢᠬᠦ᠌᠎ᠨᠢ ᠬᠡᠲᠦ ᠣᠯᠠᠨ ᠬᠡᠲᠦ ᠣᠯᠠᠱᠢᠷᠠᠬᠤ ᠵᠡᠷᠭᠡ ᠦᠵᠡᠭ᠌ᠳᠡᠯ᠎ᠢ ᠡᠷᠡᠰ ᠴᠡᠭ᠌ᠴᠡᠯᠡᠨ ᠵᠠᠰᠠᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠦᠨᠳᠦᠷᠡᠭᠦᠯᠬᠦ᠌᠎ᠡᠴᠡ ᠰᠡᠷᠭᠡᠢᠯᠡᠬᠦ᠌ ᠬᠡᠷᠡᠭ᠌ᠲᠡᠶ᠃ ᠨᠠᠮ᠎ᠤᠨ ᠭᠡᠱᠢᠭᠦᠨ᠂ ᠺᠠᠳ᠋ᠷᠴᠤᠳ ᠤᠬᠠᠮᠰᠠᠷ ᠡᠴᠡ᠎ᠪᠠᠨ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠱᠢᠯᠢᠳᠡᠭ ᠰᠤᠷᠲᠠᠯ᠎ᠢ ᠪᠠᠳᠠᠷᠠᠭᠤᠯᠵᠤ᠂ ᠣᠨᠴᠠ ᠡᠷᠬᠡ᠎ᠶ᠋ᠢᠨ ᠦᠵᠡᠯ ᠰᠠᠨᠠᠭ᠎ᠠ ᠪᠠ ᠣᠨᠴᠠ ᠡᠷᠬᠡ᠎ᠶ᠋ᠢᠨ ᠦᠵᠡᠭ᠌ᠳᠡᠯ᠎ᠢ ᠡᠰᠡᠷᠭᠦᠴᠡᠵᠦ᠍᠂ ᠱᠢᠯᠢᠳᠡᠭ ᠨᠠᠮ᠎ᠤᠨ ᠰᠤᠷᠲᠠᠯ᠎ᠢᠶᠠᠷ ᠨᠡᠢᠭᠡᠮ᠎ᠦᠨ ᠰᠤᠷᠲᠠᠯ ᠠᠷᠠᠳ᠎ᠤᠨ ᠰᠤᠷᠲᠠᠯ᠎ᠢ ᠬᠦᠳᠦᠯᠦᠨ ᠳᠠᠭᠠᠭᠤᠯᠵᠤ ᠥᠭᠡᠳᠡᠯᠡᠨ ᠳᠠᠪᠱᠢᠬᠤ ᠬᠡᠷᠡᠭ᠌ᠲᠡᠢ᠃
ᠨᠠᠶ᠋ᠮᠠ᠂ ᠵᠢᠵᠢᠭᠦᠷᠯᠡᠨ ᠰᠠᠬᠢᠬᠤ ᠪᠠ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠢ ᠨᠠᠷᠢᠨ ᠬᠢᠨᠠᠮᠠᠭᠠᠶ ᠰᠠᠢᠲᠤᠷ ᠬᠢᠬᠦ᠌ ᠬᠡᠷᠡᠭ᠌ᠲᠡᠶ᠃ 24 ᠴᠠᠭ᠎ᠢᠶᠠᠷ ᠲᠤᠰᠭᠠᠶ ᠬᠥᠮᠦᠨ ᠵᠢᠵᠢᠭᠦᠷᠯᠡᠬᠦ᠌ ᠪᠠ ᠤᠳᠤᠷᠢᠳᠭᠤ ᠺᠠᠳ᠋ᠷ ᠠᠵᠢᠯ᠎ᠤᠨ ᠪᠠᠢᠷᠢ᠎ᠳᠠᠭᠠᠨ ᠵᠢᠵᠢᠭᠦᠷᠯᠡᠬᠦ᠌᠂ ᠭᠠᠳᠠᠭ᠍ᠰᠢ ᠭᠠᠷᠬᠤ᠎ᠳᠤ ᠮᠡᠳᠡᠭᠦᠯᠦᠨ ᠳᠠᠩᠰᠠᠯᠠᠭᠤᠯᠬᠤ ᠵᠡᠷᠭᠡ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠭᠠᠨ᠂ ᠬᠠᠷᠢᠭᠤᠴᠠᠯᠭ᠎ᠠ᠎ᠶ᠋ᠢ ᠱᠠᠲᠤ ᠱᠠᠲᠤ᠎ᠪᠠᠷ ᠪᠣᠳᠠᠲᠠᠢᠵᠢᠭᠤᠯᠬᠤ ᠬᠡᠷᠡᠭᠳᠡᠢ᠃ ᠬᠣᠷᠢᠭ᠎ᠠ ᠱᠤᠭᠤᠮ᠎ᠤᠨ ᠰᠡᠳᠭᠢᠬᠦᠶ ᠪᠠ ᠠᠶᠤᠯ ᠲᠦᠭ᠌ᠰᠢᠭᠦᠷᠢ᠎ᠶ᠋ᠢᠨ ᠤᠬᠠᠮᠰᠠᠷ᠎ᠢ ᠪᠠᠲᠤ ᠪᠣᠶ ᠪᠣᠯᠭᠠᠵᠤ᠂ ᠵᠢᠵᠢᠭᠦᠷᠯᠡᠬᠦ᠌ ᠬᠦᠴᠦᠨ᠎ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠤᠨ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠦᠨ ᠰᠣᠷᠢᠯᠲᠠ᠎ᠶ᠋ᠢ ᠴᠢᠩᠭᠠᠳᠭᠠᠵᠤ᠂ ᠡᠯ᠎ᠡ ᠲᠥᠷᠥᠯ᠎ᠦᠨ ᠭᠡᠨᠡᠳᠲᠡ᠎ᠶ᠋ᠢᠨ ᠬᠡᠷᠡᠭ᠎ᠦᠨ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠪᠡᠯᠡᠳᠭᠡᠯ᠎ᠢ ᠰᠠᠢᠲᠤᠷ ᠬᠢᠵᠦ᠍᠂ ᠭᠡᠨᠡᠳᠲᠡ᠎ᠶ᠋ᠢᠨ ᠬᠡᠷᠡᠭ ᠲᠣᠬᠢᠶᠠᠯᠳᠤᠪᠠᠯ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠥᠨᠳᠥᠷ ᠪᠦᠲᠦᠮᠵᠢᠲᠡᠶ ᠡᠮᠬᠢ ᠵᠢᠷᠤᠮ᠎ᠲᠠᠶ ᠱᠢᠶ᠋ᠳᠪᠦᠷᠢᠯᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠤᠯᠠᠨ ᠲᠦᠮᠡᠨ᠎ᠳᠦ ᠱᠢᠭᠤᠳ ᠦᠢᠯᠡᠴᠢᠯᠡᠵᠦ᠍ ᠪᠠᠢᠭ᠎ᠠ ᠨᠢᠭᠡᠴᠢ ᠪᠠᠶᠠᠷ᠎ᠤᠨ ᠡᠳᠦᠷ᠎ᠦᠨ ᠬᠤᠭᠤᠴᠠᠭᠠᠨ᠎ᠳᠤ ᠵᠢᠵᠢᠭᠦᠷ᠎ᠢ ᠵᠦᠢ ᠵᠣᠬᠢᠰᠲᠠᠢ ᠲᠤᠬᠢᠷᠠᠭᠤᠯᠵᠤ᠂ ᠦᠢᠯᠡᠴᠢᠯᠡᠭᠡᠨ᠎ᠦ ᠶᠠᠰᠤ ᠴᠢᠨᠠᠷ᠎ᠢ ᠪᠠᠲᠤᠯᠠᠬᠤ ᠮᠥᠷᠲᠡᠭᠡᠨ ᠬᠡᠯᠪᠡᠷᠢᠴᠢ ᠦᠵᠡᠯ᠎ᠦᠨ ᠠᠰᠠᠭᠤᠳᠠᠯ ᠭᠠᠷᠬᠤ ᠡᠴᠡ ᠵᠠᠢᠯᠠᠰᠭᠢᠬᠦ᠌ ᠬᠡᠷᠡᠭ᠌ᠲᠡᠢ᠃ ᠵᠢᠭᠠᠪᠤᠷᠢ ᠠᠪᠴᠤ᠌ ᠮᠡᠳᠡᠭᠦᠯᠬᠦ᠌ ᠳᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠤᠳᠠᠭᠠᠱᠢᠷᠠᠭᠤᠯᠤᠨ ᠮᠡᠳᠡᠭᠦᠯᠬᠦ᠌᠂ ᠬᠤᠳᠠᠯ ᠢᠶᠠᠷ ᠮᠡᠳᠡᠭᠦᠯᠬᠦ᠌᠂ ᠮᠡᠳᠡᠭᠦᠯᠬᠦ᠌ ᠦᠭᠡᠶ ᠨᠢᠭᠤᠬᠤ᠎ᠶᠢ ᠡᠷᠡᠰ ᠳᠡᠪᠴᠢᠬᠦ ᠬᠡᠷᠡᠭᠳᠡᠢ᠃
ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠨ᠂ ᠱᠢᠨ᠎ᠡ ᠵᠢᠯ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠡᠯ᠎ᠡ ᠵᠦᠶ᠋ᠯ᠎ᠦᠨ ᠠᠵᠢᠯ᠎ᠢ ᠨᠠᠷᠢᠨ ᠬᠢᠨᠠᠮᠠᠭᠠᠶ ᠪᠠᠢᠷᠢᠯᠠᠭᠤᠯᠤᠨ ᠨᠠᠢᠳᠠᠪᠤᠷᠢᠵᠢᠭᠤᠯᠵᠤ᠂ ᠲᠣᠰ ᠮᠡᠳᠡᠭ᠌ᠳᠡᠯ᠎ᠦᠨ ᠵᠣᠷᠢᠭ ᠰᠠᠨᠠᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃