ᠡᠦ ᠳ᠋ᠠᠨ
ᠣᠢᠷ᠎ᠠ᠎ᠳᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠲᠤᠬᠠᠢ ᠬᠣᠶᠠᠷ ᠲᠥᠷᠥ᠎ᠶᠢᠨ ᠪᠣᠳᠣᠯᠭ᠎ᠠ᠎ᠶᠢᠨ ᠪᠢᠴᠢᠭ ᠮᠠᠲᠧᠷᠢᠶᠠᠯ ᠵᠠᠯᠭᠠᠭ᠎ᠠ᠎ᠪᠠᠷ ᠨᠡᠢᠲᠡᠯᠡᠭᠳᠡᠪᠡ᠂ ᠤᠶᠠᠯᠳᠤᠭᠤᠯᠵᠤ ᠦᠵᠡᠬᠦ᠎ᠳᠦ ᠭᠦᠨᠵᠡᠭᠡᠢ ᠤᠳᠬ᠎ᠠ ᠠᠭᠤᠯᠭ᠎ᠠ᠎ᠲᠠᠢ ᠪᠠᠢᠨ᠎ᠠ᠃
ᠪᠠᠭ᠍ᠰᠢ᠎ᠶᠢᠨ ᠳᠠᠷᠤᠭᠠᠰᠤ᠎ᠶᠢ ᠬᠥᠩᠭᠡᠷᠡᠭᠦᠯᠬᠦ᠎ᠶᠢᠨ ᠲᠣᠭᠣᠷᠢᠨ᠎ᠳᠤ᠂ ᠰᠤᠷᠭᠠᠨ ᠬᠥᠮᠦᠵᠢᠯ᠎ᠦᠨ ᠶᠠᠮᠤᠨ 《ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ ᠨᠠᠷ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠪᠤᠰᠤ ᠳᠠᠷᠤᠭᠠᠰᠤ᠎ᠶᠢ ᠤᠯᠠᠮ ᠨᠢᠭᠡ ᠠᠯᠬᠤᠮ ᠬᠥᠩᠭᠡᠷᠡᠭᠦᠯᠬᠦ ᠠᠷᠭ᠎ᠠ ᠬᠡᠮᠵᠢᠶ᠎ᠡ᠎ᠨᠦᠭᠦᠳ᠎ᠦᠨ ᠲᠤᠬᠠᠢ ᠮᠡᠳᠡᠭᠳᠡᠯ》᠎ᠢ ᠳᠠᠷᠤᠮᠠᠯᠯᠠᠨ ᠶᠠᠪᠤᠭᠤᠯᠵᠤ᠂ ᠳᠠᠷᠤᠭᠠᠰᠤ᠎ᠶᠢ ᠬᠥᠩᠭᠡᠷᠡᠭᠦᠯᠬᠦ 8 ᠵᠦᠢᠯ᠎ᠦᠨ ᠠᠷᠭ᠎ᠠ ᠬᠡᠮᠵᠢᠶ᠎ᠡ᠎ᠶᠢ ᠳᠤᠷᠠᠳᠪᠠ; ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠣᠭᠣᠷᠢᠨ᠎ᠳᠤ᠂ ᠰᠤᠷᠭᠠᠨ ᠬᠥᠮᠦᠵᠢᠯ᠎ᠦᠨ ᠶᠠᠮᠤᠨ ᠵᠡᠷᠭᠡ 7 ᠰᠠᠯᠠᠭ᠎ᠠ ᠮᠥᠴᠢᠷ ᠬᠠᠮᠲᠤᠷᠠᠨ 《ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠷᠭᠠᠨ ᠬᠥᠮᠦᠵᠢᠯ᠎ᠢ ᠴᠢᠩᠭᠠᠳᠬᠠᠬᠤ ᠲᠤᠬᠠᠢ ᠰᠠᠨᠠᠯ》᠎ᠢ ᠳᠠᠷᠤᠮᠠᠯᠯᠠᠨ ᠶᠠᠪᠤᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢᠲᠠᠨ ᠬᠥᠮᠥᠵᠢᠭᠦᠯᠬᠦ ᠰᠠᠭᠤᠷᠢ᠎ᠶᠢ ᠪᠠᠲᠤᠳᠬᠠᠪᠠ᠃
ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ ᠨᠠᠷ᠎ᠤᠨ ᠵᠢᠭᠠᠨ ᠰᠤᠷᠭᠠᠯᠲᠠ᠎ᠶᠢᠨ ᠪᠤᠰᠤ ᠳᠠᠷᠤᠭᠠᠰᠤ᠎ᠶᠢ ᠬᠥᠩᠭᠡᠷᠡᠭᠦᠯᠬᠦ ᠨᠢ 《ᠬᠠᠰᠤᠬᠤ》 ᠶᠠᠪᠤᠳᠠᠯ ᠮᠥᠨ; ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠎ᠳᠦ ᠰᠢᠨᠵᠢᠯᠡᠬᠦ ᠤᠬᠠᠭᠠᠨ᠎ᠤ ᠰᠡᠬᠡᠭᠡᠷᠡᠭᠦᠯᠦᠯ ᠪᠠ ᠳᠤᠷ᠎ᠠ ᠰᠣᠨᠢᠷᠬᠠᠯ᠎ᠤᠨ ᠬᠥᠮᠦᠵᠢᠯ᠎ᠢ ᠴᠢᠩᠭᠠᠳᠬᠠᠬᠤ ᠨᠢ 《ᠨᠡᠮᠡᠬᠦ》 ᠶᠠᠪᠤᠳᠠᠯ ᠮᠥᠨ᠃ ᠤᠯᠤᠰ᠎ᠤᠨ ᠬᠥᠭᠵᠢᠯᠲᠡ᠎ᠶᠢᠨ ᠶᠡᠬᠡ ᠠᠬᠤᠢ ᠪᠠᠢᠳᠠᠯ᠎ᠠᠴᠠ ᠠᠪᠴᠤ ᠦᠵᠡᠪᠡᠯ᠂ ᠡᠨᠡ ᠬᠦ᠌ ᠨᠢᠭᠡ᠎ᠶᠢ ᠬᠠᠰᠤᠵᠤ ᠨᠢᠭᠡ᠎ᠶᠢ ᠨᠡᠮᠡᠬᠦ᠂ ᠨᠢᠭᠡ ᠳᠤᠲᠠᠭᠳᠠᠵᠤ ᠨᠢᠭᠡ ᠢᠯᠡᠭᠦᠦ ᠪᠠᠢᠯᠭᠠᠬᠤ᠎ᠶᠢᠨ ᠪᠣᠳᠠᠲᠠᠢ ᠠᠷᠭ᠎ᠠ ᠵᠠᠮ ᠨᠢ ᠠᠳᠠᠯᠢ ᠦᠭᠡᠢ ᠪᠣᠯᠪᠠᠴᠤ ᠦᠨᠡᠨ᠎ᠳᠦ᠎ᠪᠡᠨ ᠠᠳᠠᠯᠢ ᠳᠠᠪᠲᠠᠮᠵᠢ ᠲᠠᠢ ᠠᠵᠢᠯᠯᠠᠭᠠᠨ ᠪᠠᠢᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ ᠵᠦᠭ ᠬᠠᠮᠲᠤ᠎ᠪᠠᠷ ᠴᠢᠭᠯᠡᠵᠦ᠂ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶᠢᠨ ᠭᠦᠨ ᠳᠠᠪᠬᠤᠷᠭ᠎ᠠ᠎ᠶᠢᠨ ᠯᠣᠭᠢᠭ᠋᠎ᠢ ᠲᠤᠰᠬᠠᠵᠤ ᠪᠠᠢᠨ᠎ᠠ᠃
ᠴᠢᠳᠠᠪᠤᠷᠢᠲᠠᠨ᠎ᠢ ᠬᠥᠮᠥᠵᠢᠭᠦᠯᠬᠦ ᠪᠠ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠡᠷᠡᠭᠴᠡᠭᠡ᠎ᠶᠢ ᠵᠣᠬᠢᠴᠠᠭᠤᠯᠬᠤ ᠲᠣᠭᠲᠠᠴᠠ᠎ᠪᠠᠨ ᠲᠡᠭᠦᠯᠳᠡᠷᠵᠢᠭᠦᠯᠵᠦ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠳᠤ ᠪᠠᠴᠢᠮ ᠱᠠᠭᠠᠷᠳᠠᠭᠳᠠᠵᠤ ᠪᠠᠢᠭ᠎ᠠ ᠴᠢᠳᠠᠪᠤᠷᠢᠲᠠᠨ᠎ᠢ ᠬᠥᠮᠥᠵᠢᠭᠦᠯᠬᠦ ᠠᠵᠢᠯ᠎ᠢᠶᠠᠨ ᠨᠡᠩ ᠲᠣᠪᠣᠢᠮ᠎ᠠ ᠪᠠᠢᠷᠢᠨ᠎ᠳᠤ ᠲᠠᠯᠪᠢᠵᠤ᠂ ᠰᠢᠨ᠎ᠡ᠎ᠶᠢ ᠡᠭᠦᠳᠬᠦ ᠣᠷᠣᠢᠯᠠᠭᠰᠠᠨ ᠴᠢᠳᠠᠪᠤᠷᠢᠲᠠᠨ᠎ᠢ ᠬᠦᠴᠦᠯᠡᠨ ᠬᠥᠮᠥᠵᠢᠭᠦᠯᠵᠦ᠂ ᠥᠨᠳᠥᠷ ᠬᠢᠷᠢ ᠲᠦᠪᠰᠢᠨᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭᠵᠢᠭᠦᠯᠬᠦ᠎ᠶᠢ ᠠᠬᠢᠭᠤᠯᠵᠤ ᠪᠡᠶᠡᠯᠡᠭᠦᠯᠦᠨ᠎ᠡ᠃
ᠥᠨᠥᠳᠥᠷ᠎ᠦᠨ ᠬᠡᠦᠬᠡᠳ ᠪᠠᠭᠠᠴᠤᠳ ᠪᠣᠯ ᠮᠠᠷᠭᠠᠰᠢ᠎ᠶᠢᠨ ᠪᠦᠲᠦᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ ᠶᠤᠮ᠃ ᠰᠠᠭᠤᠷᠢ ᠰᠤᠷᠭᠠᠨ ᠬᠥᠮᠦᠵᠢᠯ ᠪᠣᠯ ᠰᠤᠷᠤᠭ᠍ᠴᠢᠳ᠎ᠤᠨ ᠮᠡᠳᠡᠯᠭᠡ᠎ᠶᠢᠨ ᠰᠠᠭᠤᠷᠢ᠎ᠶᠢ ᠪᠠᠲᠤᠳᠬᠠᠬᠤ᠎ᠪᠠᠷ ᠦᠯᠦ ᠪᠠᠷᠠᠮ ᠰᠤᠷᠤᠭ᠍ᠴᠢᠳ᠎ᠤᠨ ᠰᠢᠨᠵᠢᠯᠡᠬᠦ ᠤᠬᠠᠭᠠᠨ᠎ᠢ ᠡᠷᠬᠢᠮᠯᠡᠬᠦ᠂ ᠦᠯᠦ ᠮᠡᠳᠡᠬᠦᠢ᠎ᠶᠢ ᠰᠦᠪᠡᠭᠴᠢᠯᠡᠬᠦ ᠰᠣᠨᠢᠷᠬᠠᠯ᠎ᠢ ᠨᠢ ᠬᠥᠭᠵᠢᠭᠡᠵᠦ᠂ ᠰᠢᠨ᠎ᠡ᠎ᠶᠢ ᠡᠭᠦᠳᠬᠦ ᠰᠡᠳᠬᠢᠬᠦᠢ᠎ᠶᠢ ᠨᠢ ᠬᠥᠮᠥᠵᠢᠭᠦᠯᠬᠦ ᠶᠠᠪᠤᠳᠠᠯ ᠪᠣᠯᠣᠨ᠎ᠠ᠃ ᠳᠤᠮᠳᠠᠳᠤ ᠪᠠᠭ᠎ᠠ ᠰᠤᠷᠭᠠᠭᠤᠯᠢ᠎ᠶᠢᠨ ᠱᠠᠲᠤᠨ᠎ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠷᠭᠠᠨ ᠬᠥᠮᠦᠵᠢᠯ᠎ᠢ ᠴᠢᠩᠭᠠᠳᠬᠠᠵᠤ᠂ ᠰᠤᠷᠤᠭ᠍ᠴᠢᠳ᠎ᠢ ᠬᠥᠲᠥᠯᠥᠨ ᠵᠢᠯᠤᠭᠣᠳᠴᠤ ᠪᠠᠢᠭᠠᠳ ᠭᠠᠷ ᠣᠷᠣᠭᠤᠯᠤᠨ ᠲᠤᠷᠰᠢᠬᠤ᠂ ᠦᠢᠯᠡᠳᠦᠯᠭᠡ᠎ᠪᠠᠷ ᠰᠦᠪᠡᠭᠴᠢᠯᠡᠬᠦ ᠶᠠᠪᠤᠴᠠ᠎ᠳᠤ᠎ᠪᠠᠨ᠂ ᠰᠢᠨᠵᠢᠯᠡᠬᠦ ᠤᠬᠠᠭᠠᠨ᠎ᠢ ᠬᠠᠢᠷᠠᠯᠠᠵᠤ᠂ ᠵᠣᠷᠢᠭ᠍ᠲᠠᠢ᠎ᠪᠠᠷ ᠬᠠᠢᠨ ᠰᠦᠪᠡᠭᠴᠢᠯᠡᠵᠦ᠂ ᠡᠭᠦᠳᠦᠨ ᠪᠦᠲᠦᠭᠡᠬᠦ᠎ᠶᠢ ᠰᠤᠷᠬᠤ ᠨᠢ ᠰᠤᠷᠤᠭ᠍ᠴᠢᠳ᠎ᠤᠨ ᠭᠣᠣᠯᠯᠠᠬᠤ ᠬᠡᠪ ᠪᠣᠯᠪᠠᠰᠤᠷᠠᠯ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠂ ᠤᠯᠤᠰ᠎ᠤᠨ ᠰᠢᠨ᠎ᠡ᠎ᠶᠢ ᠡᠭᠦᠳᠬᠦ ᠴᠢᠳᠠᠪᠤᠷᠢᠲᠠᠨ᠎ᠤ ᠰᠠᠭᠤᠷᠢ᠎ᠶᠢ ᠪᠠᠲᠤᠳᠬᠠᠬᠤ᠎ᠳᠤ ᠠᠯᠤᠰ ᠬᠡᠳᠤ᠎ᠶᠢᠨ ᠠᠴᠢ ᠬᠣᠯᠪᠣᠭᠳᠠᠯ᠎ᠲᠠᠢ ᠶᠤᠮ᠃ ᠡᠨᠡ ᠬᠦ᠌ ᠶᠠᠪᠤᠴᠠ᠎ᠳᠤ ᠪᠠᠭ᠍ᠰᠢ᠎ᠶᠢᠨ ᠳᠠᠷᠤᠭᠠᠰᠤ᠎ᠶᠢ ᠬᠥᠩᠭᠡᠷᠡᠭᠦᠯᠬᠦ ᠨᠢ ᠮᠥᠨ ᠴᠦ᠍ ᠰᠤᠷᠤᠭ᠍ᠴᠢᠳ᠎ᠤᠨ ᠣᠢ ᠪᠢᠯᠢᠭ᠎ᠢ ᠨᠠᠩ ᠰᠠᠢᠨ ᠨᠡᠭᠡᠭᠡᠬᠦ᠎ᠶᠢᠨ ᠲᠥᠯᠥᠭᠡ ᠶᠤᠮ᠃ ᠪᠠᠭ᠍ᠰᠢ ᠨᠠᠷ ᠴᠢᠬᠤᠯᠠ ᠪᠤᠰᠤ ᠠᠵᠢᠯ ᠬᠡᠷᠡᠭ᠎ᠦᠨ ᠴᠢᠨᠠᠷᠲᠠᠢ ᠠᠵᠢᠯ᠎ᠠᠴᠠ ᠵᠠᠢᠳᠠᠵᠤ ᠴᠢᠳᠠᠪᠠᠯ ᠵᠢᠭᠠᠨ ᠰᠤᠷᠭᠠᠯᠲᠠ᠎ᠶᠢᠨ ᠰᠤᠳᠤᠯᠭᠠᠨ ᠪᠠ ᠬᠢᠴᠢᠶᠡᠯ ᠪᠡᠯᠡᠳᠬᠡᠨ ᠮᠡᠳᠡᠯᠭᠡ ᠮᠡᠷᠭᠡᠰᠢᠯ᠎ᠢᠶᠡᠨ ᠥᠷᠭᠡᠳᠬᠡᠨ ᠳᠡᠭᠡᠭᠰᠢᠯᠡᠭᠦᠯᠬᠦ᠎ᠳᠦ ᠣᠷᠣᠯᠴᠠᠬᠤ ᠴᠠᠭ ᠲᠠᠢ ᠪᠥᠭᠡᠳ ᠤᠶᠤᠨ ᠴᠢᠳᠠᠯ᠎ᠢᠶᠠᠨ ᠭᠦᠢᠴᠡᠳ ᠪᠠᠳᠠᠷᠠᠭᠤᠯᠵᠤ᠂ ᠰᠤᠷᠤᠭ᠍ᠴᠢᠳ᠎ᠤᠨ ᠪᠦᠬᠦ ᠲᠠᠯ᠎ᠠ᠎ᠶᠢᠨ ᠬᠥᠭᠵᠢᠯᠲᠡ᠎ᠳᠦ ᠦᠨᠡᠨ ᠬᠦ᠌ ᠰᠡᠳᠬᠢᠯ ᠲᠠᠯᠪᠢᠵᠤ᠂ ᠶᠣᠰᠣ᠌ ᠰᠤᠷᠲᠠᠬᠤᠨ ᠲᠠᠢ ᠪᠣᠯᠭᠠᠵᠤ ᠬᠥᠮᠥᠨ᠎ᠢ ᠬᠥᠮᠥᠵᠢᠭᠦᠯᠬᠦ ᠭᠣᠣᠯ ᠠᠵᠢᠯ᠎ᠳᠤ᠎ᠪᠠᠨ ᠬᠦᠴᠦᠯᠡᠵᠦ ᠴᠢᠳᠠᠨ᠎ᠠ᠃
ᠪᠠᠭ᠍ᠰᠢ᠎ᠶᠢᠨ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠬᠤ ᠪᠣᠯ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠶᠢᠨ ᠬᠠᠮᠤᠭ᠎ᠤᠨ ᠴᠢᠬᠤᠯᠠ ᠰᠠᠭᠤᠷᠢ ᠠᠵᠢᠯ ᠮᠥᠨ᠃ ᠴᠢᠳᠠᠪᠤᠷᠢᠲᠠᠨ᠎ᠢ ᠨᠠᠩ ᠰᠠᠢᠨ ᠬᠥᠮᠥᠵᠢᠭᠦᠯᠬᠦ᠎ᠶᠢᠨ ᠲᠥᠯᠥᠭᠡ᠂ ᠪᠠᠭ᠍ᠰᠢ᠎ᠶᠢᠨ ᠳᠠᠷᠤᠭᠠᠰᠤ᠎ᠶᠢ ᠬᠥᠩᠭᠡᠷᠡᠭᠦᠯᠬᠦ᠎ᠪᠡᠷ ᠪᠠᠷᠠᠬᠤ ᠦᠭᠡᠢ ᠪᠠᠭ᠍ᠰᠢ᠎ᠶᠢᠨ ᠬᠡᠪ ᠪᠣᠯᠪᠠᠰᠤᠷᠠᠯ᠎ᠢ ᠴᠤ᠌ ᠳᠡᠭᠡᠭᠰᠢᠯᠡᠭᠦᠯᠬᠦ ᠬᠡᠷᠡᠭᠲᠡᠢ᠃ ᠰᠧᠴᠤᠸᠠᠨ ᠮᠤᠵᠢ᠎ᠶᠢᠨ ᠬᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠯᠤᠭ᠎ᠠ ᠬᠠᠮᠢᠶ᠎ᠠ ᠦᠭᠡᠢ ᠠᠵᠢᠯᠯᠠᠭ᠎ᠠ᠎ᠳᠤ ᠪᠠᠭᠰᠢ ᠰᠣᠷᠣᠭᠴᠢᠳ᠎ᠢᠶᠠᠨ ᠠᠯᠪᠠᠳᠠᠨ ᠣᠷᠣᠯᠴᠠᠭᠤᠯᠬᠤ᠎ᠶᠢ ᠴᠢᠩᠭ᠎ᠠ ᠬᠣᠷᠢᠭᠯᠠᠳᠠᠭ; ᠱᠠᠩᠬᠠᠢ᠎ᠶᠢᠨ ᠬᠢᠨ ᠠᠩᠭᠢ᠎ᠶᠢᠨ ᠡᠷᠬᠢᠯᠡᠭᠴᠢ ᠨᠠᠷ᠎ᠤᠨ ᠠᠩᠭᠢ᠎ᠪᠠᠨ ᠪᠦᠲᠦᠭᠡᠨ ᠪᠠᠢᠭᠤᠯᠵᠤ ᠬᠥᠮᠥᠨ ᠬᠥᠮᠥᠵᠢᠭᠦᠯᠬᠦ ᠠᠵᠢᠯ᠎ᠢ ᠰᠠᠢᠲᠤᠷ ᠬᠢᠬᠦ ᠴᠠᠭ ᠪᠠ ᠣᠶᠤᠨ ᠴᠢᠳᠠᠯ ᠲᠠᠢ ᠪᠠᠢᠬᠤ᠎ᠶᠢ ᠨᠢ ᠪᠠᠲᠤᠯᠠᠵᠤ᠂ ᠳᠠᠬᠢᠨ ᠳᠠᠪᠲᠠᠬᠤ ᠴᠢᠨᠠᠷᠲᠠᠢ ᠠᠵᠢᠯ ᠪᠠ ᠰᠤᠷᠭᠠᠨ ᠬᠥᠮᠦᠵᠢᠯ᠎ᠦᠨ ᠪᠤᠰᠤ ᠲᠥᠷᠥᠯ᠎ᠦᠨ ᠠᠵᠢᠯ ᠶᠠᠪᠤᠳᠠᠯ᠎ᠤᠨ ᠴᠢᠨᠠᠷᠲᠠᠢ ᠠᠵᠢᠯ᠎ᠢ ᠦᠨᠡᠨ ᠬᠦ᠌ ᠪᠠᠭᠠᠰᠬᠠᠬᠤ ᠬᠡᠷᠡᠭᠲᠡᠢ ᠭᠡᠵᠦ ᠳᠤᠷᠠᠳᠪᠠ᠁ ᠡᠯ᠎ᠡ ᠭᠠᠵᠠᠷ᠎ᠤᠨ ᠬᠢᠨ ᠵᠠᠯᠭᠠᠭ᠎ᠠ᠎ᠪᠠᠷ ᠠᠷᠭ᠎ᠠ ᠬᠡᠮᠵᠢᠶ᠎ᠡ ᠨᠡᠢᠲᠡᠯᠡᠵᠦ ᠪᠠᠢᠭ᠎ᠠ ᠨᠢ ᠴᠥᠮ ᠨᠢᠭᠡ ᠰᠡᠳᠬᠢᠯ᠎ᠢᠶᠡᠷ ᠪᠢᠴᠢᠭ ᠵᠢᠭᠠᠬᠤ᠂ ᠰᠡᠳᠬᠢᠯ ᠲᠣᠭᠲᠠᠭᠤᠨ᠎ᠢᠶᠠᠷ ᠬᠥᠮᠥᠨ ᠬᠥᠮᠥᠵᠢᠭᠦᠯᠬᠦ ᠰᠠᠢᠨ ᠰᠠᠢᠬᠠᠨ ᠣᠷᠴᠢᠨ ᠨᠥᠬᠥᠴᠡᠯ᠎ᠢ ᠪᠣᠶ ᠪᠣᠯᠭᠠᠬᠤ᠎ᠶᠢᠨ ᠲᠥᠯᠥᠭᠡ ᠶᠤᠮ᠃ ᠡᠭᠦᠨ᠎ᠦ ᠬᠠᠮᠲᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠷᠭᠠᠨ ᠬᠥᠮᠦᠵᠢᠯ᠎ᠢ ᠴᠢᠩᠭᠠᠳᠬᠠᠬᠤ᠎ᠳᠤ ᠪᠠᠭ᠍ᠰᠢ᠎ᠶᠢᠨ ᠡᠩᠨᠡᠭᠡᠨ᠎ᠦ ᠪᠠᠢᠭᠤᠯᠤᠯᠲᠠ᠎ᠶᠢ ᠠᠬᠢᠭᠤᠯᠵᠤ᠂ ᠭᠡᠷ ᠪᠦᠯᠢ ᠰᠤᠷᠭᠠᠭᠤᠯᠢ ᠨᠡᠢᠭᠡᠮ᠎ᠦᠨ ᠬᠠᠮᠵᠢᠯᠴᠠᠬᠤ ᠲᠣᠭᠲᠠᠴᠠ᠎ᠪᠠᠨ ᠲᠡᠭᠦᠯᠳᠡᠷᠵᠢᠭᠦᠯᠬᠦ᠎ᠶᠢ ᠨᠢ ᠠᠬᠢᠭᠤᠯᠵᠤ ᠪᠠᠢᠭᠠᠳ᠂ ᠰᠢᠨᠵᠢᠯᠡᠭᠡᠨ᠎ᠦ ᠰᠠᠯᠠᠭ᠎ᠠ ᠠᠯᠤᠰᠯᠠᠭᠰᠠᠨ ᠮᠡᠳᠡᠯᠭᠡ ᠪᠠ ᠤᠷ᠎ᠠ ᠴᠢᠳᠠᠪᠤᠷᠢ᠎ᠲᠠᠢ ᠬᠠᠮ ᠬᠡᠯᠪᠡᠷᠢ᠎ᠶᠢᠨ ᠰᠤᠷᠭᠠᠨ ᠬᠥᠮᠦᠵᠢᠯ᠎ᠦᠨ ᠴᠢᠳᠠᠪᠤᠷᠢᠲᠠᠨ᠎ᠢ ᠬᠠᠨᠳᠤᠯᠭ᠎ᠠ᠎ᠲᠠᠢ ᠬᠥᠮᠥᠵᠢᠭᠦᠯᠵᠦ᠂ ᠥᠨᠳᠥᠷ ᠬᠡᠪ ᠪᠣᠯᠪᠠᠰᠤᠷᠠᠯ᠎ᠲᠠᠢ ᠪᠠᠭ᠍ᠰᠢ ᠨᠠᠷ᠎ᠢᠶᠠᠷ ᠥᠨᠳᠥᠷ ᠬᠡᠪ ᠪᠣᠯᠪᠠᠰᠤᠷᠠᠯ᠎ᠲᠠᠢ ᠰᠣᠷᠣᠭᠴᠢᠳ᠎ᠢ ᠬᠥᠮᠥᠵᠢᠭᠦᠯᠦᠨ᠎ᠡ᠃
ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭᠵᠢᠯᠲᠡ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ ᠪᠠ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠎ᠳᠤ ᠰᠠᠢᠨ᠎ᠢᠶᠠᠷ ᠬᠥᠳᠡᠯᠦᠯᠴᠡᠬᠦ᠂ ᠬᠠᠷᠢᠯᠴᠠᠨ ᠲᠤᠯᠭᠠᠭᠤᠷᠢᠯᠠᠬᠤ᠎ᠶᠢ ᠪᠡᠶᠡᠯᠡᠭᠦᠯᠦᠨ᠎ᠡ᠃
ᠳᠤᠮᠳᠠᠳᠤ ᠪᠠᠭ᠎ᠠ ᠰᠤᠷᠭᠠᠭᠤᠯᠢ᠎ᠶᠢᠨ ᠱᠠᠲᠤ ᠦᠶ᠎ᠡ ᠪᠣᠯ ᠰᠤᠷᠤᠭ᠍ᠴᠢᠳ᠎ᠤᠨ ᠰᠢᠨᠵᠢᠯᠡᠬᠦ ᠤᠬᠠᠭᠠᠨ᠎ᠤ ᠳᠤᠷ᠎ᠠ ᠰᠣᠨᠢᠷᠬᠠᠯ᠂ ᠰᠢᠨ᠎ᠡ᠎ᠶᠢ ᠡᠭᠦᠳᠬᠦ ᠤᠬᠠᠮᠰᠠᠷ ᠪᠠ ᠦᠢᠯᠡᠳᠦᠯᠭᠡ᠎ᠶᠢᠨ ᠴᠢᠳᠠᠪᠤᠷᠢ᠎ᠶᠢ ᠬᠥᠮᠥᠵᠢᠭᠦᠯᠬᠦ ᠴᠢᠬᠤᠯᠠ ᠴᠠᠭ ᠦᠶ᠎ᠡ ᠮᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠷᠭᠠᠨ ᠬᠥᠮᠦᠵᠢᠯ᠎ᠦᠨ ᠴᠢᠨᠠᠷ ᠴᠢᠨᠰᠠᠭ᠎ᠠ ᠨᠢ ᠢᠷᠡᠭᠡᠳᠦᠢ᠎ᠶᠢᠨ ᠴᠢᠳᠠᠪᠤᠷᠢᠲᠠᠨ᠎ᠤ ᠬᠥᠮᠥᠷᠭᠡ᠎ᠶᠢᠨ ᠭᠦᠨ ᠪᠠ ᠥᠷᠭᠡᠨ᠎ᠢ ᠰᠢᠭᠤᠳ ᠲᠣᠭᠲᠠᠭᠠᠬᠤ ᠪᠣᠯᠣᠨ᠎ᠠ᠃ ᠪᠠᠭ᠍ᠰᠢ ᠨᠠᠷ᠎ᠢ ᠵᠢᠭᠠᠨ ᠰᠤᠷᠭᠠᠯᠲᠠ᠎ᠶᠢ ᠠᠳᠬᠤᠬᠤ ᠨᠡᠩ ᠤᠯᠠᠨ ᠴᠠᠭ᠎ᠲᠠᠢ ᠪᠣᠯᠭᠠᠵᠤ᠂ ᠰᠤᠷᠭᠠᠭᠤᠯᠢ᠎ᠶᠢ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠷᠭᠠᠨ ᠬᠥᠮᠦᠵᠢᠯ᠎ᠢ ᠨᠡᠩ ᠢᠯᠡᠭᠦᠦ ᠴᠢᠬᠤᠯᠠᠴᠢᠯᠠᠬᠤ ᠪᠣᠯᠭᠠᠬᠤ ᠨᠢ ᠰᠤᠷᠭᠠᠨ ᠬᠥᠮᠦᠵᠢᠯ᠎ᠦᠨ ᠲᠤᠯᠭᠠᠭᠤᠷᠢᠯᠠᠬᠤ ᠬᠦᠴᠦᠨ ᠬᠦᠷᠦᠯᠴᠡᠬᠦ ᠦᠭᠡᠢ᠂ ᠴᠢᠳᠠᠪᠤᠷᠢᠲᠠᠨ᠎ᠢ ᠬᠥᠮᠥᠵᠢᠭᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠨᠢ ᠵᠣᠯᠭᠠᠭᠤᠯᠬᠤ ᠰᠠᠭᠠᠳ ᠦᠭᠡᠢ ᠪᠠᠢᠬᠤ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠳᠦ ᠲᠤᠰᠠᠲᠠᠢ ᠶᠤᠮ᠃
ᠡᠢᠮᠦᠷᠬᠦᠦ ᠥᠭᠡᠷᠡᠴᠢᠯᠡᠯᠲᠡ᠎ᠶᠢᠨ ᠰᠡᠳᠬᠢᠮᠵᠢ᠎ᠶᠢ ᠰᠤᠷᠭᠠᠨ ᠬᠥᠮᠦᠵᠢᠯ᠎ᠦᠨ ᠡᠯ᠎ᠡ ᠬᠦᠷᠢᠶᠡᠨ᠎ᠳᠦ ᠠᠯᠬᠤᠮ ᠠᠯᠬᠤᠮ᠎ᠢᠶᠠᠷ ᠥᠷᠭᠡᠳᠬᠡᠵᠡᠢ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠥᠭᠵᠢᠯᠲᠡ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ᠎ᠪᠡᠷ ᠬᠥᠲᠥᠯᠥᠭᠦᠯᠦᠭᠰᠡᠨ ᠰᠢᠨᠵᠢᠯᠡᠭᠡᠨ᠎ᠦ ᠲᠣᠬᠢᠷᠠᠭᠤᠯᠬᠤ ᠲᠣᠭᠲᠠᠴᠠ ᠪᠠ ᠴᠢᠳᠠᠪᠤᠷᠢᠲᠠᠨ᠎ᠢ ᠬᠥᠮᠥᠵᠢᠭᠦᠯᠬᠦ ᠬᠡᠪ ᠵᠠᠭᠪᠤᠷ᠎ᠢ ᠪᠠᠢᠭᠤᠯᠤᠨ ᠲᠡᠭᠦᠯᠳᠡᠷᠵᠢᠭᠦᠯᠵᠦ᠂ ᠵᠣᠬᠢᠶᠠᠮᠠᠯ ᠣᠶᠣᠨ᠎ᠢᠶᠠᠷ ᠬᠥᠳᠡᠯᠭᠡᠭᠦᠷ ᠪᠣᠯᠭᠠᠬᠤ ᠰᠤᠷᠭᠠᠨ ᠬᠥᠮᠦᠵᠢᠯ᠎ᠦᠨ ᠬᠡᠪ ᠵᠠᠭᠪᠤᠷ᠎ᠤᠨ ᠬᠤᠪᠢᠰᠤᠯᠲᠠ᠎ᠶᠢ ᠢᠳᠡᠪᠬᠢᠲᠡᠢ ᠠᠬᠢᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠯᠠᠭᠠᠨ ᠪᠠ ᠴᠢᠳᠠᠪᠤᠷᠢᠲᠠᠨ᠎ᠤ ᠪᠣᠶ᠋ᠢᠵᠢᠯᠲᠠ᠎ᠶᠢᠨ ᠵᠢᠮ᠎ᠡ ᠶᠣᠰᠣᠨ᠎ᠳᠤ ᠨᠡᠢᠴᠡᠭᠰᠡᠨ ᠠᠩᠭᠢᠯᠠᠵᠤ ᠦᠨᠡᠯᠡᠬᠦ ᠰᠢᠰᠲ᠋ᠧᠮ ᠪᠠ ᠰᠢᠯᠭᠠᠵᠤ ᠬᠢᠨᠠᠬᠤ ᠰᠢᠰᠲ᠋ᠧᠮ᠎ᠢ ᠪᠠᠢᠭᠤᠯᠪᠠ᠁ ᠠᠯᠢ ᠤᠯᠠᠨ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ ᠬᠠᠷᠢᠯᠴᠠᠨ ᠵᠣᠯᠭᠠᠯᠴᠠᠵᠤ᠂ ᠬᠠᠷᠢᠯᠴᠠᠨ ᠠᠪᠴᠠᠯᠳᠤᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠭᠤᠷᠪᠠ᠎ᠶᠢᠨ ᠰᠠᠢᠨ ᠣᠷᠴᠢᠯ᠎ᠤᠨ ᠡᠪᠡᠷᠰᠢᠶᠡᠯ ᠲᠦᠭᠵᠢᠷᠡᠯ᠎ᠢ ᠤᠯᠠᠮ ᠨᠢᠭᠡ ᠠᠯᠬᠤᠮ ᠨᠠᠪᠲᠠᠷᠡᠭᠦᠯᠵᠦ᠂ ᠴᠢᠨᠠᠷ ᠰᠠᠢᠲᠠᠢ ᠰᠤᠷᠭᠠᠨ ᠬᠥᠮᠦᠵᠢᠯ᠂ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠂ ᠥᠨᠳᠥᠷ ᠲᠦᠪᠰᠢᠨᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠦᠢᠯᠡᠰ᠎ᠦᠨ ᠬᠠᠷᠢᠯᠴᠠᠨ ᠨᠡᠪᠲᠡᠷᠡᠯᠴᠡᠨ ᠬᠠᠮᠵᠢᠯᠴᠠᠬᠤ᠎ᠶᠢ ᠠᠬᠢᠭᠤᠯᠤᠨ᠎ᠠ᠃
ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠶᠢᠨ ᠴᠢᠬᠤᠯᠠ ᠠᠭᠤᠯᠭ᠎ᠠ ᠪᠣᠯᠬᠤ ᠮᠥᠷᠲᠡᠭᠡᠨ ᠪᠠᠰᠠ ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ᠎ᠢ ᠪᠠᠳᠠᠷᠠᠭᠤᠯᠵᠤ ᠪᠠᠢᠳᠠᠭ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠳᠤ ᠦᠵᠡᠭᠦᠯᠬᠦ ᠬᠡᠷᠡᠭᠴᠡᠭᠡ᠎ᠶᠢ ᠭᠦᠨᠵᠡᠭᠡᠢ ᠡᠵᠡᠮᠳᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠴᠢᠳᠠᠪᠤᠷᠢᠲᠠᠨ᠎ᠳᠤ ᠦᠵᠡᠭᠦᠯᠬᠦ ᠰᠤᠷᠭᠠᠨ ᠬᠥᠮᠥᠵᠢᠯ᠎ᠦᠨ ᠲᠤᠯᠭᠠᠭᠤᠷᠢᠯᠠᠬᠤ ᠦᠢᠯᠡᠳᠦᠯ᠎ᠢ ᠴᠢᠩᠭᠠᠳᠬᠠᠪᠠᠯ ᠰᠠᠶᠢ ᠰᠤᠷᠭᠠᠨ ᠬᠥᠮᠦᠵᠢᠯ᠎ᠦᠨ ᠬᠦᠴᠦᠨ᠎ᠢᠶᠡᠷ ᠠᠷᠠᠳ ᠲᠦᠮᠡᠨ᠎ᠦ ᠵᠣᠯ ᠵᠢᠷᠭᠠᠯ᠎ᠤᠨ ᠦᠨᠳᠦᠰᠦ᠎ᠶᠢ ᠵᠤᠵᠠᠭᠠᠳᠬᠠᠵᠤ᠂ ᠰᠤᠷᠭᠠᠨ ᠬᠥᠮᠦᠵᠢᠯ᠎ᠦᠨ ᠬᠦᠴᠦᠷᠬᠡᠭ᠎ᠢᠶᠡᠷ ᠤᠯᠤᠰ᠎ᠤᠨ ᠪᠠᠶᠠᠵᠢᠨ ᠬᠦᠴᠦᠷᠬᠡᠭᠵᠢᠬᠦ᠎ᠶᠢᠨ ᠰᠠᠭᠤᠷᠢ᠎ᠶᠢ ᠪᠠᠲᠤᠳᠬᠠᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠲᠦ ᠬᠠᠮᠤᠭ᠎ᠤᠨ ᠪᠠᠲᠤ ᠲᠤᠯᠭᠠᠭᠤᠷᠢᠯᠠᠯ ᠬᠠᠩᠭᠠᠵᠤ ᠴᠢᠳᠠᠨ᠎ᠠ᠃