ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 12 ᠳ᠋ᠤᠭᠠᠷ ᠰᠠᠷ᠎ᠠ᠎ᠶᠢᠨ 3᠎ᠤ ᠡᠳᠦᠷ᠎ᠦᠨ ᠴᠠᠬᠢᠯᠭᠠᠨ ᠮᠡᠳᠡᠭᠡ 12 ᠳ᠋ᠤᠭᠠᠷ ᠰᠠᠷ᠎ᠠ᠎ᠶᠢᠨ 3᠎ᠤ ᠡᠳᠦᠷ᠂ ᠲᠥᠷᠥ᠎ᠶᠢᠨ ᠶᠠᠪᠤᠳᠠᠯ᠎ᠤᠨ ᠬᠣᠷᠢᠶ᠎ᠠ 《ᠬᠥᠮᠥᠨ᠎ᠢᠶᠡᠷ ᠦᠨᠳᠦᠰᠦ ᠪᠣᠯᠭᠠᠭᠰᠠᠨ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ᠎ᠶᠢ ᠭᠦᠨᠵᠡᠭᠡᠢ ᠠᠬᠢᠭᠤᠯᠵᠤ᠂ ᠬᠣᠲᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠢᠷᠢᠰᠢᠯ᠎ᠢ ᠬᠦᠴᠦᠯᠡᠨ ᠪᠣᠶ ᠪᠣᠯᠭᠠᠬᠤ》᠎ᠪᠠᠷ ᠭᠣᠣᠯ ᠰᠡᠳᠦᠪ ᠪᠣᠯᠭᠠᠨ᠂ ᠠᠷᠪᠠᠨ ᠳᠣᠯᠣᠳᠤᠭᠠᠷ ᠤᠳᠠᠭᠠᠨ᠎ᠤ ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠰᠤᠷᠤᠯᠴᠠᠯᠭ᠎ᠠ᠎ᠶᠢ ᠡᠷᠬᠢᠯᠡᠬᠦ᠎ᠳᠦ᠎ᠪᠡᠨ᠂ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ᠎ᠶᠢᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠬᠦ ᠲᠤᠬᠠᠢ ᠶᠡᠷᠦᠩᠬᠡᠢ ᠱᠦᠵᠢ ᠰᠢ᠎ᠵᠢᠨ᠎ᠫᠢᠩ ᠪᠠ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠬᠥᠮᠥᠨ᠎ᠢᠶᠡᠷ ᠦᠨᠳᠦᠰᠦ ᠪᠣᠯᠭᠠᠵᠤ ᠬᠣᠲᠠ ᠪᠠᠯᠭᠠᠰᠤᠵᠢᠯᠲᠠ᠎ᠶᠢᠨ ᠴᠢᠨᠠᠷ ᠴᠢᠨᠰᠠᠭ᠎ᠠ᠎ᠶᠢᠨ ᠬᠢᠷᠢ ᠲᠦᠪᠰᠢᠨ᠎ᠢᠶᠡᠨ ᠳᠡᠭᠡᠭᠰᠢᠯᠡᠭᠦᠯᠬᠦ᠎ᠶᠢ ᠪᠠᠷᠢᠮᠲᠠᠯᠠᠨ᠂ ᠬᠣᠲᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ᠎ᠳᠦ ᠠᠬᠤᠭᠤᠯᠤᠭᠳᠠᠵᠤ ᠪᠠᠢᠭ᠎ᠠ ᠯᠤᠲᠤ ᠶᠡᠬᠡ ᠳᠣᠲᠣᠭᠠᠳᠤ ᠬᠡᠷᠡᠭᠴᠡᠭᠡ᠎ᠶᠢᠨ ᠳᠠᠯᠳᠠ ᠬᠦᠴᠦᠨ᠎ᠢ ᠭᠦᠢᠴᠡᠳ ᠪᠠᠳᠠᠷᠠᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠭᠴᠢ ᠬᠦᠴᠦᠨ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠳᠤᠮᠳᠠᠳᠤ ᠤᠯᠤᠰ᠎ᠤᠨ ᠬᠣᠲᠠ᠂ ᠵᠢᠵᠢᠭ ᠬᠣᠲᠠ ᠪᠠᠯᠭᠠᠰᠤᠨ᠎ᠤ ᠥᠭᠡᠷᠡᠴᠢᠯᠡᠯᠲᠡ ᠪᠠ ᠬᠥᠭᠵᠢᠭᠦᠯᠦᠯᠲᠡ᠎ᠶᠢᠨ ᠲᠥᠪ᠎ᠦᠨ ᠡᠷᠬᠢᠯᠡᠭᠴᠢ ᠭᠤᠤ ᠭᠦᠸᠸ ᠯᠢ ᠲᠠᠢᠯᠤᠮᠵᠢ ᠬᠢᠵᠡᠢ᠃ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠳᠡᠳ᠋ ᠶᠡᠷᠦᠩᠬᠡᠢ ᠰᠠᠢᠳ ᠳ᠋ᠢᠩ ᠰᠢᠦᠸᠠᠢ ᠰᠢᠶᠠᠩ᠂ ᠾᠸ ᠯᠢ ᠹᠸᠩ᠂ ᠲᠦᠷᠦ᠎ᠶᠢᠨ ᠶᠠᠪᠤᠳᠠᠯ᠎ᠤᠨ ᠭᠡᠰᠢᠭᠦᠨ ᠸᠠᠩ ᠰᠢᠶᠣᠣ ᠬᠣᠩ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠭᠡᠪᠡ᠃
ᠯᠢ ᠴᠢᠶᠠᠩ ᠲᠠᠢᠯᠤᠮᠵᠢ ᠪᠠ ᠰᠠᠨᠠᠯ᠎ᠢᠶᠠᠨ ᠰᠣᠯᠢᠯᠴᠠᠬᠤ ᠦᠭᠡ᠎ᠶᠢ ᠰᠣᠨᠣᠰᠤᠭᠰᠠᠨ᠎ᠤ ᠳᠠᠷᠠᠭ᠎ᠠ ᠵᠢᠭᠠᠵᠤ ᠭᠠᠷᠭᠠᠬᠤ᠎ᠳᠤ᠎ᠪᠠᠨ᠂ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ ᠪᠣᠯ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠪᠠ ᠠᠵᠤ ᠦᠢᠯᠡᠰ᠎ᠦᠨ ᠲᠠᠰ ᠳᠡᠪᠰᠢᠬᠦ᠎ᠶᠢ ᠠᠬᠢᠭᠤᠯᠬᠤ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠬᠦᠴᠦᠷᠬᠡᠭᠵᠢᠭᠦᠯᠬᠦ ᠴᠢᠬᠤᠯᠠ ᠠᠴᠢᠶᠠᠯᠠᠪᠤᠷᠢ ᠮᠥᠨ᠃ ᠣᠢᠷ᠎ᠠ᠎ᠶᠢᠨ ᠵᠢᠯ᠎ᠦᠳ᠎ᠲᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠰᠢᠨ᠎ᠡ ᠮᠠᠶᠢᠭ᠋᠎ᠤᠨ ᠬᠤᠳᠠ ᠪᠠᠯᠭᠠᠰᠤᠵᠢᠯᠲᠠ᠎ᠶᠢᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠦᠭᠰᠡᠨ᠎ᠢᠶᠡᠷ ᠰᠢᠨ᠎ᠡ ᠮᠠᠶᠢᠭ᠋᠎ᠤᠨ ᠬᠤᠳᠠ ᠪᠠᠯᠭᠠᠰᠤᠵᠢᠯᠲᠠ᠎ᠶᠢ ᠠᠬᠢᠭᠤᠯᠬᠤ ᠠᠵᠢᠯ ᠴᠢᠬᠤᠯᠠ ᠠᠬᠢᠴᠠ ᠲᠠᠢ ᠪᠣᠯᠵᠠᠢ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭ᠎ᠠ᠎ᠶᠢ ᠪᠠᠷᠠᠯᠠᠬᠤᠶ᠎ᠠ᠂ ᠰᠢᠨ᠎ᠡ ᠮᠠᠶᠢᠭ᠋᠎ᠤᠨ ᠬᠤᠳᠠ ᠪᠠᠯᠭᠠᠰᠤᠵᠢᠯᠲᠠ᠎ᠶᠢᠨ ᠬᠥᠭᠵᠢᠯᠲᠡ᠎ᠶᠢᠨ ᠣᠷᠣᠨ ᠵᠠᠢ ᠮᠥᠨ ᠮᠠᠰᠢ ᠶᠡᠬᠡ ᠪᠠᠢᠨ᠎ᠠ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠬᠦ ᠲᠠᠯ᠎ᠠ᠎ᠶᠢᠨ ᠥᠨᠳᠥᠷᠴᠡ᠎ᠡᠴᠡ ᠰᠢᠨ᠎ᠡ ᠮᠠᠶᠢᠭ᠋᠎ᠤᠨ ᠬᠤᠲᠠ ᠪᠠᠯᠭᠠᠰᠤᠵᠢᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠡᠵᠡᠮᠳᠡᠵᠦ᠂ ᠡᠨᠡ ᠬᠦ᠌ ᠠᠵᠢᠯ᠎ᠢ ᠢᠮᠠᠭᠲᠠ ᠪᠠᠢᠯᠳᠤᠬᠤ ᠪᠣᠳᠣᠯᠭ᠎ᠠ᠎ᠶᠢᠨ ᠪᠠᠢᠷᠢᠨ᠎ᠳᠤ ᠲᠠᠯᠪᠢᠭᠠᠳ ᠪᠣᠳᠠᠲᠠᠢ ᠪᠥᠭᠡᠳ ᠰᠠᠢᠲᠤᠷ ᠠᠳᠬᠤᠵᠤ᠂ ᠳᠤᠲᠠᠭᠤᠳᠠᠯ ᠪᠠ ᠪᠠᠭᠤᠷᠠᠢ ᠲᠠᠯ᠎ᠠ᠎ᠪᠠᠨ ᠲᠦᠷᠭᠡᠨ ᠨᠥᠬᠥᠪᠦᠷᠢᠯᠡᠵᠦ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠂ ᠬᠤᠲᠠ᠎ᠶᠢᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠪᠠ ᠠᠵᠤ ᠦᠢᠯᠡᠰ᠎ᠢ ᠲᠥᠪᠯᠡᠷᠡᠭᠦᠯᠦᠨ ᠳᠡᠰ ᠳᠡᠪᠰᠢᠭᠦᠯᠬᠦ᠎ᠪᠠᠨ ᠦᠢᠯᠡᠳᠦᠯᠴᠡᠭᠦᠯᠦᠨ ᠤᠷᠤᠭᠰᠢᠯᠠᠭᠤᠯᠬᠤ᠎ᠶᠢ ᠴᠢᠷᠮᠠᠢᠨ ᠪᠡᠶᠡᠯᠡᠭᠦᠯᠬᠦ ᠬᠡᠷᠡᠭᠲᠡᠢ ᠭᠡᠪᠡ᠃
ᠯᠢ ᠴᠢᠶᠠᠩ ᠵᠢᠭᠠᠵᠤ ᠭᠠᠷᠭᠠᠬᠤ᠎ᠳᠤ᠎ᠪᠠᠨ᠂ ᠮᠠᠨ᠎ᠤ ᠤᠯᠤᠰ᠎ᠤᠨ ᠬᠤᠲᠠ ᠪᠠᠯᠭᠠᠰᠤᠵᠢᠯᠲᠠ ᠶᠠᠭ ᠲᠦᠷᠭᠡᠨ ᠨᠡᠮᠡᠭᠳᠡᠯ᠎ᠦᠨ ᠬᠤᠭᠤᠴᠠᠭ᠎ᠠ᠎ᠠᠴᠠ᠎ᠪᠠᠨ ᠲᠣᠭᠲᠠᠭᠤᠨ ᠬᠥᠭᠵᠢᠯᠲᠡ᠎ᠶᠢᠨ ᠬᠤᠭᠤᠴᠠᠭ᠎ᠠ ᠲᠡᠢᠰᠢ ᠰᠢᠯᠵᠢᠵᠦ ᠪᠠᠢᠨ᠎ᠠ᠂ ᠬᠤᠲᠠ᠎ᠶᠢᠨ ᠬᠥᠭᠵᠢᠯᠲᠡ ᠶᠠᠭ ᠨᠡᠮᠡᠭᠳᠡᠯ᠎ᠦᠨ ᠬᠡᠮᠵᠢᠶ᠎ᠡ᠎ᠪᠠᠨ ᠶᠡᠬᠡ ᠬᠡᠪᠴᠢᠶ᠎ᠡ᠎ᠪᠡᠷ ᠥᠷᠭᠡᠳᠬᠡᠬᠦ ᠱᠠᠲᠤᠨ᠎ᠠᠴᠠ᠎ᠪᠠᠨ ᠬᠠᠳᠠᠭᠠᠯᠠᠯᠲᠠ᠎ᠶᠢᠨ ᠬᠡᠮᠵᠢᠶ᠎ᠡ᠎ᠪᠡᠨ ᠳᠡᠭᠡᠭᠰᠢᠯᠡᠭᠦᠯᠵᠦ ᠦᠷ᠎ᠡ ᠠᠰᠢᠭ᠎ᠢᠶᠠᠨ ᠨᠡᠮᠡᠭᠳᠡᠭᠦᠯᠬᠦ᠎ᠪᠡᠷ ᠭᠣᠣᠯ ᠪᠣᠯᠭᠠᠬᠤ ᠱᠠᠲᠤ ᠤᠷᠤᠭᠤ ᠰᠢᠯᠵᠢᠵᠦ ᠪᠠᠢᠨ᠎ᠠ᠂ ᠬᠥᠮᠥᠨ ᠠᠮᠠ᠎ᠶᠢᠨ ᠪᠦᠲᠦᠴᠡ᠂ ᠬᠤᠲᠠ ᠪᠠᠯᠭᠠᠰᠤ᠎ᠶᠢᠨ ᠲᠣᠭᠲᠠᠯᠴᠠᠭ᠎ᠠ᠂ ᠬᠤᠲᠠ ᠬᠥᠳᠡᠭᠡ᠎ᠶᠢᠨ ᠪᠠᠢᠷᠢᠰᠢᠯ ᠵᠡᠷᠭᠡ᠎ᠳᠦ ᠴᠥᠮ ᠭᠦᠨᠵᠡᠭᠡᠢ ᠬᠤᠪᠢᠷᠠᠯᠲᠠ ᠭᠠᠷᠴᠤ᠂ ᠵᠣᠬᠢᠶᠠᠮᠠᠯ ᠤᠶᠤᠨ ᠵᠡᠷᠭᠡ ᠰᠢᠨ᠎ᠡ ᠮᠡᠷᠭᠡᠵᠢᠯ᠎ᠦᠨ ᠬᠡᠷᠡᠭᠯᠡᠯᠲᠡ ᠨᠢ ᠴᠦ᠍ ᠬᠤᠲᠠ᠎ᠶᠢᠨ ᠬᠥᠭᠵᠢᠯᠲᠡ᠂ ᠵᠠᠰᠠᠯᠲᠠ᠎ᠳᠤ ᠰᠢᠨ᠎ᠡ ᠠᠵᠠ ᠲᠣᠬᠢᠶᠠᠯ ᠪᠠ ᠥᠷᠢᠰᠦᠯᠳᠦᠭᠡᠨ᠎ᠢ ᠠᠪᠴᠢᠷᠠᠵᠤ ᠪᠠᠢᠨ᠎ᠠ᠃ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ᠎ᠶᠢᠨ ᠱᠠᠲᠤᠴᠢ ᠴᠢᠨᠠᠷᠲᠠᠢ ᠪᠥᠭᠡᠳ ᠬᠠᠨᠳᠤᠰᠢ᠎ᠶᠢᠨ ᠴᠢᠨᠠᠷᠲᠠᠢ ᠣᠨᠴᠠᠯᠢᠭ᠋ ᠰᠢᠨᠵᠢ᠎ᠶᠢ ᠭᠦᠨᠵᠡᠭᠡᠢ ᠲᠠᠨᠢᠵᠤ᠂ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ᠎ᠶᠢᠨ ᠠᠵᠢᠯ᠎ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ᠎ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ ᠭᠡᠪᠡ᠃
ᠯᠢ ᠴᠢᠶᠠᠩ ᠴᠢᠬᠤᠯᠠᠴᠢᠯᠠᠬᠤ᠎ᠳᠤ᠎ᠪᠠᠨ᠂ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ ᠪᠣᠯ ᠰᠢᠰᠲᠧᠮᠲᠦ ᠢᠨᠵᠧᠨᠧᠷᠢᠩ ᠮᠥᠨ᠃ ᠭᠠᠵᠠᠷ ᠣᠷᠣᠨ᠎ᠤ ᠪᠠᠢᠳᠠᠯ᠎ᠳᠤ ᠲᠣᠬᠢᠷᠠᠭᠤᠯᠤᠨ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ᠎ᠶᠢᠨ ᠲᠥᠯᠦᠪᠵᠢᠭᠦᠯᠭᠡ᠎ᠶᠢ ᠰᠠᠢᠲᠤᠷ ᠬᠡᠷᠡᠭᠵᠢᠭᠦᠯᠵᠦ᠂ ᠲᠥᠯᠦᠪᠵᠢᠭᠦᠯᠭᠡ᠎ᠪᠡᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠨ᠂ 《ᠬᠥᠮᠥᠨ᠂ ᠦᠢᠯᠡᠳᠪᠦᠷᠢᠯᠡᠯ᠂ ᠬᠣᠲᠠ》᠎ᠶᠢᠨ ᠪᠠᠢᠷᠢᠰᠢᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠎ᠶᠢᠨ ᠬᠠᠮᠲᠤ ᠠᠳᠠᠯᠢ ᠪᠤᠰᠤ ᠬᠣᠲᠠ᠎ᠨᠤᠭᠤᠳ᠎ᠤᠨ ᠪᠠᠢᠳᠠᠯ᠎ᠢ ᠦᠨᠳᠦᠰᠦᠯᠡᠨ ᠲᠥᠷᠥᠯ ᠬᠤᠪᠢᠶᠠᠨ ᠵᠢᠯᠤᠭᠣᠳᠬᠤ᠎ᠶᠢ ᠬᠡᠷᠡᠭᠵᠢᠭᠦᠯᠬᠦ ᠬᠡᠷᠡᠭᠲᠡᠢ᠃ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ᠎ᠶᠢ ᠬᠤᠳᠠ᠎ᠶᠢᠨ ᠠᠷᠠᠳ ᠪᠣᠯᠭᠠᠬᠤ ᠠᠵᠢᠯ᠎ᠢ ᠰᠢᠨᠵᠢᠯᠡᠬᠦ ᠤᠬᠠᠭᠠᠨᠴᠢ᠎ᠪᠠᠷ ᠡᠮᠬᠢ ᠵᠢᠷᠤᠮ᠎ᠲᠠᠢ ᠠᠬᠢᠭᠤᠯᠵᠤ᠂ ᠨᠡᠩ ᠡᠷᠴᠢᠮᠲᠡᠢ᠂ ᠨᠡᠩ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠢᠭᠠᠳ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ᠎ᠶᠢᠨ ᠠᠵᠢᠯ ᠣᠯᠭᠣᠯᠲᠠ᠂ ᠨᠡᠢᠭᠡᠮ᠎ᠦᠨ ᠪᠠᠲᠤᠯᠠᠭ᠎ᠠ᠂ ᠠᠮᠤᠭᠤᠯᠠᠩ ᠣᠷᠣᠨ ᠰᠠᠭᠤᠴᠠ᠂ ᠦᠷ᠎ᠡ ᠬᠡᠦᠬᠡᠳ᠎ᠦᠨ ᠰᠤᠷᠭᠠᠨ ᠬᠥᠮᠦᠵᠢᠯ ᠵᠡᠷᠭᠡ ᠠᠰᠠᠭᠤᠳᠠᠯ᠎ᠢ ᠰᠠᠢᠲᠤᠷ ᠰᠢᠢᠳᠪᠦᠷᠢᠯᠡᠬᠦ ᠬᠡᠷᠡᠭᠲᠡᠢ᠃ ᠬᠤᠳᠠ᠎ᠶᠢᠨ ᠰᠢᠨᠡᠳᠬᠡᠯ᠎ᠦᠨ ᠠᠵᠢᠯᠯᠠᠭ᠎ᠠ᠎ᠨᠢ ᠭᠦᠨᠵᠡᠭᠡᠢ ᠬᠡᠷᠡᠭᠵᠢᠭᠦᠯᠵᠦ᠂ ᠬᠤᠳᠠ᠎ᠶᠢᠨ ᠰᠢᠨᠡᠳᠬᠡᠯᠢ ᠠᠮᠤᠷ ᠲᠦᠪᠰᠢᠨ᠎ᠦ ᠬᠡᠮ ᠰᠣᠭᠣᠭ᠎ᠢ ᠠᠷᠢᠯᠭᠠᠬᠤ᠂ ᠭᠡᠷ ᠪᠠᠢᠰᠢᠩ᠎ᠤᠨ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ ᠵᠡᠷᠭᠡ ᠠᠵᠢᠯ ᠯᠤᠭ᠎ᠠ ᠤᠶᠠᠯᠳᠤᠭᠤᠯᠵᠤ᠂ ᠭᠡᠷ ᠪᠠᠢᠰᠢᠩ᠎ᠤᠨ ᠪᠦᠲᠦᠭᠡᠨ ᠪᠠᠢᠭᠤᠯᠤᠯᠲᠠ ᠬᠢᠭᠡᠳ ᠭᠡᠷ ᠪᠠᠢᠰᠢᠩ ᠭᠠᠵᠠᠷ ᠬᠥᠷᠥᠩᠭᠡ᠎ᠶᠢᠨ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠤᠳᠠ ᠬᠥᠳᠡᠭᠡ᠎ᠶᠢᠨ ᠬᠣᠶᠠᠷ ᠡᠰᠢᠲᠦ ᠪᠦᠲᠦᠴᠡ᠎ᠶᠢ ᠬᠦᠴᠦᠯᠡᠨ ᠰᠢᠢᠳᠪᠦᠷᠢᠯᠡᠵᠦ᠂ ᠬᠤᠳᠠ ᠬᠥᠳᠡᠭᠡ᠎ᠶᠢᠨ ᠬᠦᠴᠦᠨ ᠵᠦᠢᠯ᠎ᠦᠨ ᠬᠣᠣᠰ ᠴᠢᠭᠯᠡᠯ᠎ᠢᠶᠡᠷ ᠰᠢᠯᠵᠢᠬᠦ᠎ᠶᠢ ᠠᠬᠢᠭᠤᠯᠤᠨ᠂ ᠬᠤᠳᠠ ᠬᠥᠳᠡᠭᠡ᠎ᠶᠢᠨ ᠰᠠᠭᠤᠷᠢ ᠪᠡᠯᠡᠳᠬᠡᠮᠵᠢ᠎ᠶᠢᠨ ᠨᠡᠪᠲᠡᠷᠡᠯᠴᠡᠯ᠂ ᠠᠵᠤ ᠦᠢᠯᠡᠰ᠎ᠦᠨ ᠵᠣᠯᠭᠠᠯᠴᠠᠭ᠎ᠠ᠎ᠶᠢ ᠴᠢᠩᠭᠠᠳᠬᠠᠵᠤ᠂ ᠤᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡ᠎ᠶᠢ ᠠᠳᠠᠯᠢ ᠲᠡᠭᠰᠢ ᠪᠣᠯᠭᠠᠬᠤ᠎ᠶᠢ ᠠᠬᠢᠭᠤᠯᠵᠤ᠂ ᠬᠤᠳᠠ ᠬᠥᠳᠡᠭᠡ᠎ᠶᠢᠨ ᠠᠭᠤᠰᠤᠯᠴᠠᠨ ᠬᠥᠭᠵᠢᠬᠦ᠎ᠶᠢ ᠠᠬᠢᠭᠤᠯᠬᠤ ᠬᠡᠷᠡᠭᠲᠡᠢ ᠭᠡᠪᠡ᠃