ᠰᠤᠷᠪᠤᠯᠵᠢᠯᠠᠭ᠍ᠴᠢ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠡᠴᠡ ᠣᠢᠯᠠᠭᠠᠭᠰᠠᠨ᠎ᠢᠶᠠᠷ ᠄ ᠡᠨᠡ ᠵᠢᠯ᠎ᠦᠨ 1 ᠳ᠋ᠦ᠍ᠭᠡᠷ ᠰᠠᠷ᠎ᠠ᠎ᠡᠴᠡ 10 ᠳ᠋ᠤᠭᠠᠷ ᠰᠠᠷ᠎ᠠ ᠪᠣᠯᠲᠠᠯ᠎ᠠ᠂ ᠮᠠᠨ᠎ᠤ ᠤᠯᠤᠰ᠎ᠤᠨ ᠦᠢᠯᠡᠴᠢᠯᠡᠭᠡᠨ᠎ᠦ ᠠᠷᠠᠯᠵᠢᠶ᠎ᠠ ᠲᠣᠭᠲᠠᠭᠤᠨ᠎ᠢᠶᠠᠷ ᠨᠡᠮᠡᠭᠳᠡᠵᠦ᠂ ᠦᠢᠯᠡᠴᠢᠯᠡᠭᠡᠨ᠎ᠦ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠶᠡᠷᠦᠩᠬᠡᠢ ᠲᠣᠭ᠎ᠠ 65844.3 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ ᠲᠠᠢ ᠬᠠᠷᠢᠴᠠᠭᠤᠯᠪᠠᠯ 7.5%᠎ᠪᠠᠷ ᠨᠡᠮᠡᠭᠳᠡᠵᠡᠢ᠃ ᠡᠭᠦᠨ᠎ᠳᠦ᠂ ᠭᠠᠳᠠᠭᠠᠳᠤ ᠭᠠᠷᠭᠠᠯᠲᠠ 29090.3 ᠳ᠋ᠦᠩᠰᠢᠭᠤᠷ ᠲᠥᠭᠥᠷᠢᠭ᠎ᠲᠦ ᠬᠦᠷᠴᠦ᠂ 14.3%᠎ᠪᠠᠷ ᠨᠡᠮᠡᠭᠳᠡᠪᠡ; ᠭᠠᠳᠠᠭᠠᠳᠤ ᠣᠷᠣᠭᠤᠯᠤᠯᠲᠠ 36754 ᠳ᠋ᠦᠩᠰᠢᠭᠤᠷ ᠲᠥᠭᠥᠷᠢᠭ᠎ᠲᠦ ᠬᠦᠷᠴᠦ᠂ 2.6%᠎ᠪᠠᠷ ᠨᠡᠮᠡᠭᠳᠡᠪᠡ; ᠦᠢᠯᠡᠴᠢᠯᠡᠭᠡᠨ᠎ᠦ ᠠᠷᠠᠯᠵᠢᠶ᠎ᠠ᠎ᠶᠢᠨ ᠰᠥᠷᠭᠡᠦ ᠵᠥᠷᠢᠶ᠎ᠡ 7663.7 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ ᠲᠠᠢ ᠬᠠᠷᠢᠴᠠᠭᠤᠯᠪᠠᠯ 2693.9 ᠳ᠋ᠦᠩᠰᠢᠭᠤᠷ ᠲᠥᠭᠥᠷᠢᠭ ᠪᠠᠭᠠᠰᠪᠠ᠃
ᠮᠡᠳᠡᠯᠭᠡ ᠨᠢᠭ᠍ᠲᠠᠷᠠᠭᠰᠠᠨ ᠬᠡᠯᠪᠡᠷᠢ᠎ᠶᠢᠨ ᠦᠢᠯᠡᠴᠢᠯᠡᠭᠡᠨ᠎ᠦ ᠠᠷᠠᠯᠵᠢᠶ᠎ᠠ ᠨᠡᠮᠡᠭᠳᠡᠯ᠎ᠢᠶᠡᠨ ᠪᠠᠲᠤᠯᠠᠪᠠ᠃ 1 ᠳ᠋ᠦ᠍ᠭᠡᠷ ᠰᠠᠷ᠎ᠠ᠎ᠡᠴᠡ 10 ᠳ᠋ᠤᠭᠠᠷ ᠰᠠᠷ᠎ᠠ ᠪᠣᠯᠲᠠᠯ᠎ᠠ᠂ ᠮᠡᠳᠡᠯᠭᠡ ᠨᠢᠭ᠍ᠲᠠᠷᠠᠭᠰᠠᠨ ᠬᠡᠯᠪᠡᠷᠢ᠎ᠶᠢᠨ ᠦᠢᠯᠡᠴᠢᠯᠡᠭᠡ᠎ᠶᠢ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠨᠢ 25121.5 ᠳ᠋ᠦᠩᠰᠢᠭᠤᠷ ᠲᠥᠭᠥᠷᠢᠭ᠎ᠲᠤ ᠬᠦᠷᠴᠦ᠂ 6.4%᠎ᠪᠡᠷ ᠨᠡᠮᠡᠭᠳᠡᠵᠡᠢ᠃ ᠡᠭᠦᠨ᠎ᠳᠦ᠂ ᠬᠤᠳᠠᠯᠳᠤᠭᠠᠨ᠎ᠤ ᠪᠤᠰᠤᠳ ᠦᠢᠯᠡᠴᠢᠯᠡᠭᠡ᠂ ᠴᠠᠬᠢᠯᠭᠠᠨ ᠬᠣᠯᠪᠣᠭ᠎ᠠ ᠺᠣᠮᠫᠢᠦ᠋ᠲᠧᠷ ᠪᠠ ᠮᠡᠳᠡᠭᠡ ᠵᠠᠩᠭᠢ᠎ᠶᠢᠨ ᠦᠢᠯᠡᠴᠢᠯᠡᠭᠡ᠎ᠶᠢ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠨᠢ 10698.1 ᠳ᠋ᠦᠩᠰᠢᠭᠤᠷ ᠲᠥᠭᠥᠷᠢᠭ᠂ 8836.9 ᠳ᠋ᠦᠩᠰᠢᠭᠤᠷ ᠲᠥᠭᠥᠷᠢᠭ᠎ᠲᠦ ᠬᠦᠷᠴᠦ᠂ ᠨᠡᠮᠡᠭᠳᠡᠯ᠎ᠦᠨ ᠬᠤᠷᠳᠤᠴᠠ ᠨᠢ ᠲᠤᠰ ᠲᠤᠰ 4.2%᠂ 9.9%᠎ᠳᠤ ᠬᠦᠷᠴᠡᠢ᠃ ᠮᠡᠳᠡᠯᠭᠡ ᠨᠢᠭ᠍ᠲᠠᠷᠠᠭᠰᠠᠨ ᠬᠡᠯᠪᠡᠷᠢ᠎ᠶᠢᠨ ᠦᠢᠯᠡᠴᠢᠯᠡᠭᠡ᠎ᠶᠢ ᠭᠠᠳᠠᠭᠠᠳᠤ᠎ᠳᠤ ᠭᠠᠷᠭᠠᠭᠰᠠᠨ ᠨᠢ 14687.9 ᠳ᠋ᠦᠩᠰᠢᠭᠤᠷ ᠲᠥᠭᠥᠷᠢᠭ᠎ᠲᠤ ᠬᠦᠷᠴᠦ᠂ 9.5%᠎ᠪᠡᠷ ᠨᠡᠮᠡᠭᠳᠡᠵᠡᠢ; ᠮᠡᠳᠡᠯᠭᠡ ᠨᠢᠭ᠍ᠲᠠᠷᠠᠭᠰᠠᠨ ᠬᠡᠯᠪᠡᠷᠢ᠎ᠶᠢᠨ ᠦᠢᠯᠡᠴᠢᠯᠡᠭᠡ᠎ᠶᠢ ᠭᠠᠳᠠᠭᠠᠳᠤ᠎ᠠᠴᠠ ᠣᠷᠣᠭᠤᠯᠤᠭᠰᠠᠨ ᠨᠢ 10433.6 ᠳ᠋ᠦᠩᠰᠢᠭᠤᠷ ᠲᠥᠭᠥᠷᠢᠭ᠎ᠲᠤ ᠬᠦᠷᠴᠦ᠂ 2.3%᠎ᠪᠠᠷ ᠨᠡᠮᠡᠭᠳᠡᠵᠡᠢ; ᠡᠶᠡᠷᠭᠦ ᠵᠥᠷᠢᠶ᠎ᠡ 4254.3 ᠳ᠋ᠦᠩᠰᠢᠭᠤᠷ ᠲᠥᠭᠥᠷᠢᠭ᠎ᠲᠦ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ ᠲᠠᠢ ᠬᠠᠷᠢᠴᠠᠭᠤᠯᠪᠠᠯ 1036 ᠳ᠋ᠦᠩᠰᠢᠭᠤᠷ ᠲᠥᠭᠥᠷᠢᠭ ᠨᠡᠮᠡᠭᠳᠡᠪᠡ᠃
ᠵᠢᠭᠤᠯᠴᠢᠯᠠᠯ᠎ᠤᠨ ᠦᠢᠯᠡᠴᠢᠯᠡᠭᠡᠨ᠎ᠦ ᠭᠠᠳᠠᠭᠠᠳᠤ ᠭᠠᠷᠭᠠᠯᠲᠠ ᠲᠦᠷᠭᠡᠨ᠎ᠢᠶᠡᠷ ᠨᠡᠮᠡᠭᠳᠡᠪᠡ᠃ 1 ᠳ᠋ᠦ᠍ᠭᠡᠷ ᠰᠠᠷ᠎ᠠ᠎ᠡᠴᠡ 10 ᠳ᠋ᠤᠭᠠᠷ ᠰᠠᠷ᠎ᠠ ᠪᠣᠯᠲᠠᠯ᠎ᠠ᠂ ᠵᠢᠭᠤᠯᠴᠢᠯᠠᠯ᠎ᠤᠨ ᠦᠢᠯᠡᠴᠢᠯᠡᠭᠡ ᠨᠡᠯᠢᠶᠡᠳ ᠲᠦᠷᠭᠡᠨ ᠨᠡᠮᠡᠭᠳᠡᠵᠦ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠨᠢ 18125.4 ᠳ᠋ᠦᠩᠰᠢᠭᠤᠷ ᠲᠥᠭᠥᠷᠢᠭ᠎ᠲᠦ ᠬᠦᠷᠴᠦ᠂ 8.5%᠎ᠪᠠᠷ ᠨᠡᠮᠡᠭᠳᠡᠵᠡᠢ᠃ ᠡᠭᠦᠨ᠎ᠳᠤ᠂ ᠭᠠᠳᠠᠭᠠᠳᠤ ᠭᠠᠷᠭᠠᠯᠲᠠ 52.5%᠎ᠪᠠᠷ ᠨᠡᠮᠡᠭᠳᠡᠵᠦ᠂ ᠭᠠᠳᠠᠭᠠᠳᠤ ᠣᠷᠣᠭᠤᠯᠤᠯᠲᠠ 2.3%᠎ᠪᠠᠷ ᠨᠡᠮᠡᠭᠳᠡᠪᠡ᠃