ᠲᠡᠷᠢᠭᠦᠨ ᠬᠠᠭᠤᠳᠠᠰᠤ   -   ᠡᠳᠤᠷ ᠪᠥᠷᠢ᠎ᠶᠢᠨ ᠴᠢᠬᠤᠯᠠ ᠮᠡᠳᠡᠭᠡ
ᠯᠢ ᠴᠢᠶᠠᠩ ᠠᠽᠢᠶ᠎ᠠ ᠵᠢᠨ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢᠨ ᠪᠠᠩᠬᠢ ᠵᠢᠨ ᠠᠷᠪᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠵᠥᠪᠯᠡᠯ᠎ᠤᠨ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2025-06-27


李强出席亚洲基础设施投资银行第十届理事会年会开幕式并致辞.jpg


  6 ᠳ᠋ᠤᠭ᠋ᠠᠷ ᠰᠠᠷ᠎ᠠ ᠵᠢᠨ 26᠎ᠤ ᠡᠳᠦᠷ᠎ᠤᠨ ᠦᠳᠡ ᠵᠢᠨ ᠡᠮᠦᠨ᠎ᠡ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ ᠪᠡᠭᠡᠵᠢᠩ᠎ᠳᠤ ᠠᠽᠢᠶ᠎ᠠ ᠵᠢᠨ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢᠨ ᠪᠠᠩᠬᠢ ᠵᠢᠨ ᠠᠷᠪᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠵᠥᠪᠯᠡᠯ᠎ᠤᠨ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ

   ᠰᠢᠨᠬᠤᠸᠠ ᠬᠣᠷᠢᠶᠠᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 26᠎ᠤ ᠡᠳᠦᠷ᠎ᠤᠨ ᠴᠠᠬᠢᠯᠭ᠋ᠠᠨ ᠮᠡᠳᠡᠭᠡ  ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 6 ᠳ᠋ᠤᠭ᠋ᠠᠷ ᠰᠠᠷ᠎ᠠ ᠵᠢᠨ 26᠎ᠤ ᠡᠳᠦᠷ᠎ᠤᠨ ᠦᠳᠡ ᠵᠢᠨ ᠡᠮᠦᠨ᠎ᠡ ᠪᠡᠭᠡᠵᠢᠩ᠎ᠳᠤ ᠠᠽᠢᠶ᠎ᠠ ᠵᠢᠨ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢᠨ ᠪᠠᠩᠬᠢ ᠵᠢᠨ ᠠᠷᠪᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠵᠥᠪᠯᠡᠯ᠎ᠤᠨ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃

   ᠯᠢ ᠴᠢᠶᠠᠩ ᠢᠯᠡᠷᠬᠡᠢ᠌ᠯᠡᠬᠦ᠎ᠳᠤ᠎ᠪᠠᠨ᠂ ᠲᠡᠷᠢᠭᠦᠯᠡᠭᠴᠢ ᠰᠢ ᠵᠢᠨ ᠫᠢᠩ ᠠᠽᠢᠶ᠎ᠠ ᠵᠢᠨ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢᠨ ᠪᠠᠩᠬᠢ ᠪᠠᠢ᠌ᠭᠤᠯᠤᠭᠳᠠᠭᠰᠠᠨ᠎ᠤ ᠡᠬᠢᠨ ᠵᠶ᠋ᠡᠷ ᠠᠽᠢᠶ᠎ᠠ ᠵᠢᠨ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢᠨ ᠪᠠᠩᠬᠢ ᠵᠢ ᠲᠤᠰᠬᠠᠢ ᠮᠡᠷᠭᠡᠵᠢᠯ᠎ᠤᠨ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ ᠰᠢᠨ᠎ᠡ ᠮᠠᠶᠢᠭ᠎ᠤᠨ ᠣᠯᠠᠨ ᠲᠠᠯᠠᠲᠤ ᠬᠥᠭᠵᠢᠭᠦᠯᠦᠯᠲᠡ ᠵᠢᠨ ᠪᠠᠩᠬᠢ ᠪᠣᠯᠭ᠋ᠠᠨ ᠪᠦᠲᠦᠭᠡᠨ ᠪᠠᠢ᠌ᠭᠤᠯᠤᠨ᠎ᠠ ᠭᠡᠵᠦ ᠳᠤᠷᠠᠳᠪᠠ᠃ 10 ᠵᠢᠯ᠎ᠤᠨ ᠲᠤᠷᠰᠢ᠂ ᠪᠦᠬᠦ ᠭᠡᠰᠢᠭᠦᠳ᠎ᠤᠨ ᠬᠠᠮᠲᠤ ᠵᠢᠨ ᠳᠡᠮᠵᠢᠯᠭᠡ ᠪᠠ ᠴᠢᠷᠮᠠᠢ᠌ᠯᠭ᠎ᠠ᠎ᠪᠠᠷ᠂ ᠠᠽᠢᠶ᠎ᠠ ᠵᠢᠨ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢᠨ ᠪᠠᠩᠬᠢ ᠤᠭ ᠰᠠᠨᠠᠭ᠎ᠠ᠎ᠪᠠᠨ ᠪᠠᠲᠤ ᠰᠠᠬᠢᠵᠤ᠂ ᠰᠢᠨ᠎ᠡ ᠵᠢ ᠡᠭᠦᠳᠦᠨ ᠤᠷᠤᠭᠰᠢᠯᠠᠵᠤ᠂ ᠭᠡᠰᠢᠭᠦᠳ᠎ᠨᠢ 57 ᠪᠠᠢ᠌ᠭᠰᠠᠨ᠎ᠠᠴᠠ᠎ᠪᠠᠨ 110 ᠪᠣᠯᠣᠨ ᠥᠷᠭᠡᠳᠴᠦ᠂ ᠠᠵᠢᠯ ᠦᠢ᠍ᠯᠡᠰ᠎ᠨᠢ ᠲᠠᠰᠤᠷᠠᠯᠲᠠ ᠦᠭᠡᠢ ᠬᠥᠭᠵᠢᠨ ᠪᠤᠵᠠᠭ᠋ᠠᠢ᠌ᠷᠠᠵᠤ᠂ ᠲᠤᠰᠬᠠᠢ ᠮᠡᠷᠭᠡᠵᠢᠯ᠎ᠤᠨ ᠪᠣᠳᠠᠲᠠᠢ ᠵᠢ ᠡᠷᠬᠢᠮᠯᠡᠭᠰᠡᠨ ᠰᠠᠢ᠌ᠨ ᠰᠠᠢ᠌ᠬᠠᠨ ᠳᠦᠷᠢ ᠲᠥᠷᠬᠦ ᠵᠢ ᠪᠤᠢ ᠪᠣᠯᠭ᠋ᠠᠵᠤ᠂ ᠡᠯ᠎ᠡ ᠭᠡᠰᠢᠭᠦᠳ᠎ᠤᠨ ᠬᠠᠮᠲᠤ ᠵᠢᠨ ᠬᠥᠭᠵᠢᠯᠲᠡ᠎ᠳᠤ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠵᠦ᠂ ᠪᠦᠬᠦ ᠪᠥᠮᠪᠥᠷᠴᠡᠭ᠎ᠤᠨ ᠮᠥᠩᠭᠥᠨ ᠭᠦᠢ᠍ᠯᠭᠡᠭᠡᠨ᠎ᠤ ᠵᠠᠰᠠᠯᠲᠠ᠎ᠳᠤ ᠰᠢᠨ᠎ᠡ ᠬᠡᠪ ᠵᠠᠭᠪᠤᠷ᠎ᠢ ᠥᠷᠭᠡᠳᠬᠡᠵᠦ᠂ ᠤᠯᠠᠨ ᠤᠯᠤᠰ᠎ᠤᠨ ᠤᠯᠠᠨ ᠲᠠᠯᠠᠲᠤ ᠬᠠᠮᠲᠤᠷᠠᠯᠴᠠᠭ᠎ᠠ᠎ᠳᠤ ᠰᠢᠨ᠎ᠡ ᠬᠡᠪ ᠳᠠᠭᠤᠷᠢᠶᠠᠯ᠎ᠢ ᠪᠤᠢ ᠪᠣᠯᠭ᠋ᠠᠭᠰᠠᠨ ᠪᠠᠢ᠌ᠨ᠎ᠠ ᠭᠡᠵᠡᠢ᠃

   ᠯᠢ ᠴᠢᠶᠠᠩ ᠠᠽᠢᠶ᠎ᠠ ᠵᠢᠨ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢᠨ ᠪᠠᠩᠬᠢ ᠵᠢᠨ ᠢᠷᠡᠭᠡᠳᠦᠢ ᠵᠢᠨ ᠬᠥᠭᠵᠢᠯᠲᠡ᠎ᠳᠤ ᠭᠤᠷᠪᠠᠨ ᠬᠦᠰᠡᠯᠲᠡ ᠳᠤᠷᠠᠳᠴᠠᠢ᠃ ᠨᠢᠭᠡ᠎ᠳᠤ᠂ ᠳᠡᠯᠡᠬᠡᠢ ᠵᠢᠨ ᠠᠵᠤ ᠠᠬᠤᠢ ᠵᠢᠨ ᠨᠡᠮᠡᠭᠳᠡᠯ᠎ᠤᠨ ᠬᠦᠴᠢᠷᠳᠡᠯ᠎ᠤᠨ ᠡᠮᠦᠨ᠎ᠡ᠂ ᠭᠡᠰᠢᠭᠦᠳ᠎ᠤᠨ ᠬᠥᠭᠵᠢᠯᠲᠡ ᠵᠢᠨ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠨᠡᠩ ᠬᠦᠴᠦᠲᠡᠢ ᠳᠡᠮᠵᠢᠨ᠎ᠡ᠃ ᠭᠡᠰᠢᠭᠦᠳ᠎ᠤᠨ ᠠᠳᠠᠯᠢ ᠪᠤᠰᠤ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂ ᠴᠢᠨᠠᠷ ᠰᠠᠢ᠌ᠲᠠᠢ᠂ ᠥᠪᠡᠷ᠎ᠤᠨ ᠦᠷᠳᠡᠭ ᠵᠶ᠋ᠡᠷ ᠳᠣᠣᠷ᠎ᠠ ᠪᠡᠯᠡ ᠲᠣᠬᠢᠷᠠᠭᠤᠯᠭ᠎ᠠ ᠵᠢᠨ ᠳᠡᠮᠵᠢᠯᠭᠡ ᠬᠠᠩᠭ᠋ᠠᠵᠤ᠂ ᠭᠡᠰᠢᠭᠦᠳ᠎ᠢ ᠬᠠᠪᠰᠤᠷᠴᠤ ᠪᠠᠢ᠌ᠭ᠋ᠠᠳ ᠮᠡᠷᠭᠡᠵᠢᠯ᠎ᠤᠨ ᠲᠤᠷᠰᠢᠯᠭ᠎ᠠ᠎ᠪᠠᠨ ᠬᠤᠪᠢᠶᠠᠯᠴᠠᠵᠤ᠂ ᠬᠥᠭᠵᠢᠯᠲᠡ ᠵᠢᠨ ᠳᠣᠲᠣᠭ᠋ᠠᠳᠤ ᠬᠥᠳᠡᠯᠭᠡᠭᠴᠢ ᠬᠦᠴᠦᠨ᠎ᠢ᠎ᠨᠢ ᠴᠢᠩᠭ᠋ᠠᠷᠠᠭᠤᠯᠤᠶ᠎ᠠ᠃ ᠬᠣᠶᠠᠷ᠎ᠲᠤ᠂ ᠠᠵᠤ ᠠᠬᠤᠢ ᠠᠷᠠᠯᠵᠢᠶᠠᠨ᠎ᠤ ᠲᠥᠯᠥᠪ ᠪᠠᠢ᠌ᠳᠠᠯ᠎ᠢ ᠳᠠᠬᠢᠨᠲᠠ ᠪᠤᠢ ᠪᠣᠯᠭ᠋ᠠᠭᠰᠠᠨ ᠪᠠᠢ᠌ᠳᠠᠯ᠎ᠤᠨ ᠡᠮᠦᠨ᠎ᠡ᠂ ᠤᠯᠠᠨ ᠤᠯᠤᠰ᠎ᠤᠨ ᠶᠠᠷᠢᠯᠴᠠᠭ᠎ᠠ ᠰᠣᠯᠢᠯᠴᠠᠭ᠎ᠠ ᠬᠠᠮᠵᠢᠯᠴᠠᠭ᠎ᠠ ᠵᠢ ᠨᠡᠩ ᠶᠡᠬᠡ ᠬᠡᠪᠴᠢᠶ᠎ᠡ᠎ᠪᠠᠷ ᠨᠡᠮᠡᠭᠳᠡᠭᠦᠯᠦᠨ᠎ᠡ᠃ ᠨᠡᠭᠡᠭᠡᠯᠲᠡᠲᠤ ᠣᠷᠣᠨ ᠪᠦᠰᠡ ᠵᠢᠨ ᠦᠵᠡᠯ᠎ᠢ ᠪᠠᠷᠢᠮᠲᠠᠯᠠᠵᠤ᠂ ᠠᠽᠢᠶ᠎ᠠ ᠲᠢᠪ ᠴᠢᠨᠠᠭᠰᠢᠯᠠᠪᠠᠯ ᠳᠡᠯᠡᠬᠡᠢ ᠵᠢᠨ ᠡᠯ᠎ᠡ ᠤᠯᠤᠰ᠎ᠤᠨ ᠬᠣᠭᠣᠷᠣᠨᠳᠣᠬᠢ ᠬᠣᠯᠪᠣᠯᠳᠤᠨ ᠨᠡᠪᠲᠡᠷᠡᠯᠴᠡᠬᠦ ᠪᠠ ᠣᠯᠣᠯᠴᠠᠬᠤ ᠵᠢ ᠠᠬᠢᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ ᠰᠠᠨᠠᠭ᠋ᠠᠴᠢᠯᠠᠭ᠎ᠠ᠂ ᠪᠦᠬᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠡᠷᠭᠡ᠎ᠯᠦᠭᠡ ᠵᠣᠯᠭ᠋ᠠᠭᠤᠯᠬᠤ ᠵᠢ ᠴᠢᠩᠭ᠋ᠠᠳᠬᠠᠶ᠎ᠠ᠃ ᠭᠤᠷᠪᠠ᠎ᠳᠤ᠂ ᠪᠦᠬᠦ ᠪᠥᠮᠪᠥᠷᠴᠡᠭ᠎ᠤᠨ ᠵᠠᠰᠠᠯᠲᠠ ᠵᠢᠨ ᠥᠷᠢᠰᠦᠯᠳᠦᠭᠡᠨ᠎ᠤ ᠡᠮᠦᠨ᠎ᠡ᠂ ᠲᠤᠰ ᠪᠡᠶ᠎ᠡ ᠵᠢᠨ ᠰᠢᠨ᠎ᠡ ᠬᠡᠯᠪᠡᠷᠢ ᠵᠢᠨ ᠤᠯᠠᠨ ᠲᠠᠯᠠᠲᠤ ᠲᠠᠪᠴᠠᠩ᠎ᠤᠨ ᠴᠢᠳᠠᠮᠵᠢ᠎ᠪᠠᠨ ᠨᠡᠩ ᠰᠠᠢ᠌ᠲᠤᠷ ᠪᠠᠳᠠᠷᠠᠭᠤᠯᠤᠨ᠎ᠠ᠃ ᠬᠠᠮᠲᠤ᠎ᠪᠠᠷ ᠵᠥᠪᠳᠡᠯᠴᠡᠬᠦ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠡᠳ᠋ᠯᠡᠬᠦ ᠵᠠᠷᠴᠢᠮ᠎ᠢ ᠢᠮᠠᠭᠲᠠ ᠦᠢ᠍ᠯᠡᠳᠦᠯᠭᠡᠵᠢᠭᠦᠯᠵᠦ᠂ ᠤᠯᠠᠨ ᠤᠯᠤᠰ᠎ᠤᠨ᠂ ᠵᠢᠷᠤᠮᠵᠢᠭᠤᠨ ᠪᠠ ᠥᠨᠳᠥᠷ ᠪᠠᠷᠢᠮᠵᠢᠶ᠎ᠠ ᠵᠢ ᠪᠠᠷᠢᠮᠲᠠᠯᠠᠵᠤ᠂ ᠳᠣᠲᠣᠭ᠋ᠠᠳᠤ ᠵᠢᠨ ᠵᠠᠰᠠᠯᠲᠠ ᠵᠢᠨ ᠪᠦᠲᠦᠴᠡ ᠵᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠤᠯᠠᠨ ᠲᠠᠯ᠎ᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠦᠷᠢᠮ᠎ᠢ ᠴᠢᠩᠭ᠋ᠠᠳᠬᠠᠵᠤ᠂ ᠦᠢ᠍ᠯᠡᠳᠬᠦᠨ ᠪᠠ ᠦᠢ᠍ᠯᠡᠴᠢᠯᠡᠭᠡᠨ᠎ᠳᠤ ᠰᠢᠨ᠎ᠡ ᠵᠢ ᠡᠭᠦᠳᠴᠦ᠂ ᠪᠦᠬᠦ ᠪᠥᠮᠪᠥᠷᠴᠡᠭ᠎ᠤᠨ ᠨᠡᠩ ᠲᠥᠪ ᠭᠣᠣᠯᠴᠢ ᠵᠦᠢ ᠵᠣᠬᠢᠰᠲᠠᠢ ᠵᠠᠰᠠᠯᠲᠠ ᠵᠢᠨ ᠲᠣᠭᠲᠠᠯᠴᠠᠭ᠎ᠠ ᠪᠠᠶ᠋ᠢᠭᠤᠯᠬᠤ ᠵᠢ ᠠᠬᠢᠭᠤᠯᠵᠤ᠂ ᠪᠦᠬᠦ ᠭᠡᠰᠢᠭᠦᠳ᠎ᠤᠨ ᠣᠷᠣᠯᠴᠠᠬᠤ ᠬᠡᠮᠵᠢᠶ᠎ᠡ ᠪᠠ ᠬᠦᠷᠲᠡᠮᠵᠢ ᠵᠢᠨ ᠲᠥᠷᠥᠭᠳᠡᠯ᠎ᠢ ᠳᠠᠰᠤᠷᠠᠯᠳᠠ ᠦᠭᠡᠢ ᠳᠡᠭᠡᠭᠰᠢᠯᠡᠭᠦᠯᠦᠶ᠎ᠡ᠃

   ᠯᠢ ᠴᠢᠶᠠᠩ ᠵᠢᠭ᠋ᠠᠵᠤ ᠭᠠᠷᠭ᠋ᠠᠬᠤ᠎ᠳᠤ᠎ᠪᠠᠨ᠂ ᠡᠨᠡ ᠵᠢᠯ ᠳᠤᠮᠳᠠᠳᠤ ᠤᠯᠤᠰ᠎ᠤᠨ ᠠᠵᠤ ᠠᠬᠤᠢ ᠭᠠᠳᠠᠭ᠋ᠠᠳᠤ ᠳᠠᠭ᠋ᠠᠷᠢᠯᠲᠠ᠎ᠳᠤ ᠲᠤᠯᠭ᠋ᠠᠷᠠᠭᠰᠠᠨ ᠴᠤ᠌᠂ ᠦᠷᠭᠦᠯᠵᠢᠯᠡᠨ ᠰᠠᠢ᠌ᠵᠢᠷᠠᠬᠤ ᠬᠠᠨᠳᠤᠰᠢ᠎ᠲᠠᠢ ᠪᠠᠢ᠌ᠨ᠎ᠠ᠃ ᠢᠷᠡᠭᠡᠳᠦᠢ᠎ᠳᠠᠬᠢ ᠳᠤᠮᠳᠠᠳᠤ ᠤᠯᠤᠰ᠎ᠤᠨ ᠠᠵᠤ ᠠᠬᠤᠢ ᠮᠥᠨ ᠯᠡ ᠳᠡᠯᠡᠬᠡᠢ ᠵᠢᠨ ᠠᠵᠤ ᠠᠬᠤᠢ ᠵᠢᠨ ᠬᠥᠪᠥᠷᠡᠯ᠎ᠤᠨ ᠬᠥᠷᠥᠰᠥ ᠰᠢᠷᠣᠢ ᠪᠣᠯᠬᠤ ᠶᠤᠮ᠃ ᠳᠤᠮᠳᠠᠳᠤ ᠤᠯᠤᠰ᠎ᠤᠨ ᠲᠣᠮᠣ ᠵᠠᠬ᠎ᠠ ᠳᠡᠯᠭᠡᠭᠦᠷ᠎ᠤᠨ ᠪᠠᠭᠲᠠᠭ᠋ᠠᠮᠵᠢ᠎ᠪᠠᠨ ᠥᠷᠭᠡᠳᠬᠡᠨ ᠶᠠᠰᠤ ᠴᠢᠨᠠᠷ ᠵᠶ᠋ᠠᠨ ᠳᠡᠭᠡᠭᠰᠢᠯᠡᠭᠦᠯᠬᠦ᠎ᠪᠠᠷ ᠦᠷᠭᠦᠯᠵᠢᠯᠡᠨ ᠯᠤᠲᠤ ᠶᠡᠬᠡ ᠠᠰᠢᠭ ᠣᠯᠵᠠᠪᠤᠷᠢ ᠭᠠᠷᠭ᠋ᠠᠵᠤ᠂ ᠡᠯ᠎ᠡ ᠤᠯᠤᠰ᠎ᠲᠤ ᠨᠡᠩ ᠤᠯᠠᠨ ᠠᠷᠠᠯᠵᠢᠶ᠎ᠠ ᠪᠡᠯᠡ ᠣᠷᠣᠭᠤᠯᠤᠯᠲᠠ ᠵᠢᠨ ᠲᠣᠬᠢᠶᠠᠯ ᠠᠪᠴᠢᠷᠠᠬᠤ ᠪᠣᠯᠣᠨ᠎ᠠ᠃ 《ᠳᠤᠮᠳᠠᠳᠤ᠎ᠳᠤ ᠦᠢ᠍ᠯᠡᠳᠪᠦᠷᠢᠯᠡᠭᠰᠡᠨ》᠎ᠢ 《ᠳᠤᠮᠳᠠᠳᠤ᠎ᠳᠤ ᠡᠭᠦᠳᠦᠭᠰᠡᠨ》 ᠲᠡᠢ᠌ᠰᠢ ᠲᠦᠷᠭᠡᠨ ᠬᠤᠪᠢᠷᠠᠭᠤᠯᠵᠤ᠂ ᠬᠤᠳᠠᠯᠳᠤᠭ᠋ᠠᠨ᠎ᠤ ᠠᠮᠢ ᠠᠬᠤᠢ ᠦᠳᠲᠡᠷ ᠰᠣᠯᠢᠭᠳᠠᠵᠤ᠂ ᠴᠣ᠋ ᠰᠢᠨ᠎ᠡ ᠨᠡᠮᠡᠭᠳᠡᠯ᠎ᠤᠨ ᠣᠷᠣᠨ ᠵᠠᠢ ᠵᠢ ᠳᠠᠰᠤᠷᠠᠯᠳᠠ ᠦᠭᠡᠢ ᠨᠡᠭᠡᠭᠡᠬᠦ ᠪᠣᠯᠣᠨ᠎ᠠ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ᠎ᠪᠠᠨ ᠡᠷᠡᠰ ᠭᠤᠢ᠌ᠪᠢᠰᠢ ᠦᠭᠡᠢ ᠥᠷᠭᠡᠳᠬᠡᠵᠦ᠂ ᠳᠡᠯᠡᠬᠡᠢ ᠵᠢᠨ ᠠᠵᠤ ᠠᠬᠤᠢ᠎ᠳᠤ ᠦᠷᠭᠦᠯᠵᠢᠯᠡᠨ ᠭᠦᠨᠵᠡᠭᠡᠢ ᠠᠭᠤᠰᠴᠤ᠂ ᠡᠯ᠎ᠡ ᠤᠯᠤᠰ᠎ᠤᠨ ᠬᠥᠭᠵᠢᠯᠲᠡ᠎ᠳᠤ ᠰᠢᠨ᠎ᠡ ᠲᠣᠬᠢᠶᠠᠯ ᠠᠪᠴᠢᠷᠠᠨ᠎ᠠ᠃ ᠳᠤᠮᠳᠠᠳᠤ ᠵᠢᠨ ᠲᠠᠯ᠎ᠠ ᠳᠤᠷᠠᠲᠠᠶ᠎ᠠ ᠡᠯ᠎ᠡ ᠲᠠᠯ᠎ᠠ᠎ᠯᠤᠭ᠎ᠠ ᠠᠽᠢᠶ᠎ᠠ ᠵᠢᠨ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢᠨ ᠪᠠᠩᠬᠢ ᠵᠢᠨ ᠭᠡᠷᠡᠯ ᠰᠠᠴᠤᠷᠠᠩᠭᠤᠢ ᠰᠢᠨ᠎ᠡ ᠠᠷᠪᠠᠨ ᠵᠢᠯ᠎ᠢ ᠡᠬᠢᠯᠡᠭᠦᠯᠬᠦ ᠵᠢ ᠭᠠᠷ ᠬᠣᠯᠪᠣᠨ ᠳᠡᠮᠵᠢᠵᠦ᠂ ᠭᠡᠰᠢᠭᠦᠳ᠎ᠤᠨ ᠦᠷᠭᠦᠯᠵᠢᠯᠡᠨ ᠬᠥᠭᠵᠢᠬᠦ ᠵᠢ ᠠᠬᠢᠭᠤᠯᠬᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ᠎ᠳᠤ ᠨᠡᠩ ᠶᠡᠬᠡ ᠪᠥᠭᠡᠳ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ᠃

   ᠦ᠋ ᠵᠧᠩ ᠯᠦᠩ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃

ᠢᠷᠡᠯᠲᠡ᠄ ᠰᠢᠨᠬᠤᠸᠠ ᠬᠣᠷᠢᠶ᠎ᠠ