ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠡᠵᠡᠨ ᠬᠥᠮᠥᠨ᠎ᠤ ᠤᠬᠠᠮᠰᠠᠷ᠎ᠢ ᠪᠠᠲᠤ ᠪᠤᠢ ᠪᠣᠯᠭ᠋ᠠᠶ᠎ᠠ
ᠨᠡᠶ᠋ᠢᠲᠡᠯᠡᠭᠰᠡᠨ ᠴᠠᠭ᠄ 2025-09-12

ᠠᠢ ᠪᠧᠢ ᠵᠢᠶᠠᠩ ᠲᠠᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠣᠢ᠌ᠯᠠᠭ᠋ᠠᠭᠤᠯᠬᠤ᠎ᠪᠠᠷ ᠪᠤᠢ 

— ᠡᠵᠡᠨ ᠬᠥᠮᠥᠨ᠎ᠤ ᠤᠬᠠᠮᠰᠠᠷ᠎ᠢ ᠪᠠᠲᠤ ᠪᠤᠢ ᠪᠣᠯᠭ᠋ᠠᠶ᠎ᠠ 

ᠮᠠᠨ᠎ᠤ ᠥᠪᠥᠷ ᠮᠣᠩᠭᠣᠯ᠎ᠤᠨ ᠬᠥᠭᠵᠢᠯᠲᠡ ᠬᠡᠳᠦᠢ ᠰᠠᠢ᠌ᠬᠠᠨ ᠪᠣᠶ᠂ ᠬᠥᠮᠥᠨ ᠪᠣᠯᠭ᠋ᠠᠨ ᠴᠥᠮ 《ᠡᠵᠡᠨ ᠬᠦᠮᠦᠨ》᠎ᠨᠢ ᠶᠤᠮ᠂ ᠬᠥᠭᠵᠢᠯᠲᠡ ᠵᠢ ᠡᠷᠢᠯᠬᠢᠯᠡᠬᠦ ᠵᠠᠮ᠎ᠳᠤ ᠪᠢᠳᠡ ᠪᠦᠭᠦᠳᠡᠭᠡᠷ ᠣᠷᠣᠯᠴᠠᠳᠠᠭ 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠡᠢ᠌ᠲᠡᠯᠡᠭᠰᠡᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠪᠥᠬᠥ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠨᠢ ᠡᠵᠡᠨ ᠬᠥᠮᠥᠨ᠎ᠤ ᠤᠬᠠᠮᠰᠠᠷ ᠵᠶ᠋ᠠᠨ ᠴᠢᠩᠭ᠋ᠠᠳᠬᠠᠬᠤ ᠵᠢ ᠳᠦᠷᠢᠮ᠎ᠳᠤ ᠪᠢᠴᠢᠵᠦ ᠣᠷᠣᠭᠤᠯᠪᠠ 

ᠥᠷᠥᠭᠡᠰᠦᠨ ᠨᠢᠷᠤᠭᠤ᠎ᠪᠠᠷ ᠡᠷᠦᠬᠡ ᠭᠡᠷ᠎ᠢ ᠲᠤᠯᠵᠤ ᠳᠡᠶ᠋ᠢᠯᠬᠦ ᠦᠭᠡᠢ᠂ ᠬᠡᠰᠡᠭ ᠲᠡᠮᠦᠷ ᠵᠶ᠋ᠠᠷ ᠰᠠᠭᠰᠤ ᠬᠠᠳᠠᠭ᠋ᠠᠰᠤ ᠲᠠᠪᠲᠠᠵᠤ ᠴᠢᠳᠠᠬᠤ ᠦᠭᠡᠢ᠂ ᠲᠦᠮᠡᠨ ᠤᠯᠠᠨ ᠵᠶ᠋ᠠᠷ ᠵᠶ᠋ᠠᠨ ᠰᠡᠳᠬᠢᠯ ᠨᠢᠭᠡᠳᠪᠡᠯ ᠬᠦᠴᠢᠷ ᠪᠡᠷᠬᠡᠰᠢᠶᠡᠯ᠎ᠢ ᠢᠯᠠᠨ ᠳᠠᠪᠠᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ ᠳᠡᠶ᠋ᠢᠯᠦᠨ᠎ᠡ 

ᠲᠦᠮᠡᠨ ᠤᠯᠠᠨ ᠵᠶ᠋ᠠᠷ ᠵᠶ᠋ᠠᠨ ᠰᠡᠳᠬᠢᠯ ᠨᠢᠭᠡᠳᠴᠦ᠂ ᠬᠦᠴᠦᠨ ᠴᠢᠳᠠᠯ ᠵᠶ᠋ᠠᠨ ᠨᠢᠭᠲᠠᠷᠠᠭᠤᠯᠤᠶ᠎ᠠ 

ᠡᠪᠦᠭᠡ ᠵᠢᠨ ᠦᠶ᠎ᠡ᠎ᠳᠤ ᠡᠯᠡᠰᠦ ᠵᠢ ᠵᠠᠰᠠᠬᠤ᠎ᠳᠤ ᠲᠡᠮᠦᠷ ᠬᠦᠷᠵᠡ᠎ᠳᠤ ᠲᠦᠰᠢᠭᠯᠡᠳᠡᠭ᠂ ᠣᠳᠣ ᠡᠯᠡᠰᠦ ᠵᠢ ᠵᠠᠰᠠᠬᠤ᠎ᠳᠤ ᠬᠠᠷᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠠᠰᠢᠭᠯᠠᠬᠤ ᠪᠣᠯᠵᠠᠢ᠂ ᠦᠶ᠎ᠡ ᠦᠶ᠎ᠡ ᠵᠢᠨ ᠡᠯᠡᠰᠦ ᠵᠢ ᠵᠠᠰᠠᠭᠴᠢᠳ ᠶᠣᠰᠣ ᠤᠴᠢᠷ᠎ᠢ ᠲᠠᠨᠢᠵᠤ᠂ ᠶᠡᠬᠡ ᠲᠠᠯ᠎ᠠ ᠵᠢ ᠬᠠᠷᠠᠭ᠋ᠠᠯᠵᠠᠨ᠂ ᠨᠣᠮᠢᠨ ᠨᠣᠭᠣᠭ᠋ᠠᠨ ᠥᠩᠭᠡ᠎ᠪᠠᠷ ᠲᠡᠭᠷᠢ ᠪᠦᠷᠬᠦᠮ᠎ᠡ ᠤᠯᠠᠭ᠋ᠠᠨ ᠲᠣᠭᠣᠰᠤ ᠵᠢ ᠳᠠᠷᠤᠵᠤ᠂ ᠣᠢ᠌ᠵᠢᠭᠤᠯᠵᠤ ᠨᠣᠭᠤᠭ᠋ᠠᠷᠠᠭᠤᠯᠤᠨ ᠡᠯᠡᠰᠦ ᠵᠢ ᠠᠰᠢᠭᠯᠠᠵᠤ ᠳᠡᠢ᠌ᠯᠬᠦ ᠪᠣᠯᠭ᠋ᠠᠵᠠᠢ 

ᠪᠤᠭᠤᠲᠤ ᠵᠢᠨ ᠬᠣᠪᠣᠷ ᠰᠢᠷᠣᠢ ᠵᠢᠨ ᠰᠤᠳᠤᠯᠭ᠋ᠠᠨ᠎ᠤ ᠬᠦᠷᠢᠶᠡᠯᠡᠩ᠎ᠤᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠬᠦᠮ》᠎ᠨᠢ ᠤᠯᠤᠰ᠎ᠤᠨ ᠬᠡᠷᠡᠭᠴᠡᠭᠡ ᠱᠠᠭ᠋ᠠᠷᠳᠠᠯᠭ᠎ᠠ ᠵᠢ 《ᠥᠪᠡᠷ᠎ᠤᠨ ᠵᠶ᠋ᠡᠨ KPI》 ᠪᠣᠯᠭ᠋ᠠᠵᠤ᠂ 《ᠪᠣᠭᠤᠮᠢ》 ᠮᠡᠷᠭᠡᠵᠢᠯ᠎ᠢ ᠰᠢᠪᠲᠤᠯᠪᠠ ᠡᠵᠡᠨ ᠬᠥᠮᠥᠨ᠎ᠤ ᠤᠬᠠᠮᠰᠠᠷ ᠪᠣᠯ ᠳᠠᠷᠤᠢ 《ᠤᠯᠤᠰ ᠣᠷᠣᠨ᠎ᠤ ᠶᠠᠪᠤᠳᠠᠯ = ᠮᠢᠨᠤ ᠶᠠᠪᠤᠳᠠᠯ! ᠬᠠᠮᠲᠤ ᠨᠡᠶ᠋ᠢᠲᠡ ᠵᠢᠨ ᠶᠠᠪᠤᠳᠠᠯ = ᠬᠤᠪᠢᠳᠠᠭᠰᠠᠨ ᠶᠠᠪᠤᠳᠠᠯ ᠪᠣᠯᠣᠨ᠎ᠠ!》 

ᠭᠠᠴᠠᠭ᠎ᠠ ᠴᠡᠪᠡᠷ ᠲᠡᠭᠰᠢᠬᠡᠨ ᠪᠣᠯᠵᠤ᠂ ᠣᠷᠴᠢᠨ ᠨᠦᠬᠦᠴᠡᠯ ᠰᠠᠢ᠌ᠵᠢᠷᠠᠪᠠ᠂ 《ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠵᠤ ᠪᠣᠬᠢᠷᠲᠤᠯ ᠦᠭᠡᠢ ᠬᠦᠭᠵᠢᠭᠦᠯᠦᠨ᠎ᠡ》᠂ ᠡᠵᠡᠨ ᠬᠥᠮᠥᠨ᠎ᠤ ᠤᠬᠠᠮᠰᠠᠷ᠎ᠢ ᠪᠠᠲᠤ ᠪᠤᠢ ᠪᠣᠯᠭ᠋ᠠᠬᠤ ᠭᠡᠰᠡᠨ᠎ᠨᠢ ᠤᠷᠢᠶ᠎ᠠ ᠯᠣᠽᠦ᠋ᠩ ᠪᠢᠰᠢ᠂ ᠬᠠᠷᠢᠨ ᠥᠪᠡᠷ᠎ᠤᠨ ᠭᠡᠷ ᠣᠷᠣᠨ ᠵᠶ᠋ᠠᠨ ᠬᠠᠮᠲᠤ᠎ᠪᠠᠷ ᠰᠠᠬᠢᠨ ᠬᠠᠮᠠᠭ᠋ᠠᠯᠠᠬᠤ ᠶᠠᠪᠤᠳᠠᠯ ᠪᠣᠯᠣᠨ᠎ᠠ 

ᠡᠵᠡᠨ ᠬᠥᠮᠥᠨ᠎ᠤ ᠤᠬᠠᠮᠰᠠᠷ ᠮᠡᠬᠦᠰᠳᠡᠪᠡᠯ ᠴᠠᠭ ᠦᠶ᠎ᠡ᠎ᠠᠴᠠ ᠬᠣᠴᠣᠷᠴᠤ ᠮᠡᠳᠡᠨ᠎ᠡ 

ᠡᠳᠡᠭᠡᠷ ᠲᠡᠷᠢᠭᠦᠨ᠎ᠤ ᠵᠢᠱ᠌ᠢᠶᠡᠴᠢ᠎ᠨᠢ ᠴᠦᠮ ᠡᠯ᠎ᠡ ᠠᠵᠢᠯ ᠲᠦᠷᠦᠯ᠎ᠤᠨ ᠳᠠᠭᠤᠷᠢᠶᠠᠯ ᠪᠣᠯᠣᠭᠴᠢᠳ ᠶᠤᠮ᠂ ᠲᠡᠳᠡ ᠥᠪᠡᠷ ᠥᠪᠡᠷ᠎ᠤᠨ ᠠᠵᠢᠯ᠎ᠤᠨ ᠪᠠᠢ᠌ᠷᠢᠨ᠎ᠳᠤ᠎ᠪᠠᠨ ᠭᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠬᠥᠮᠥᠨ ᠪᠣᠯᠭ᠋ᠠᠨ᠎ᠢ ᠨᠤᠲᠤᠭ ᠣᠷᠣᠨ᠎ᠤ᠎ᠪᠠᠨ ᠬᠥᠭᠵᠢᠯᠲᠡ᠎ᠳᠤ ᠬᠤᠪᠢ ᠨᠡᠮᠡᠷᠢ ᠦᠵᠡᠭᠦᠯᠬᠦ ᠵᠢ ᠵᠣᠷᠢᠭᠵᠢᠭᠤᠯᠵᠤ ᠪᠠᠢ᠌ᠳᠠᠭ 

ᠬᠥᠭᠵᠢᠭᠦᠯᠬᠦ᠎ᠳᠤ ᠭᠠᠳᠠᠨᠠᠬᠢ ᠬᠥᠮᠥᠨ ᠭᠡᠵᠦ ᠪᠠᠢ᠌ᠬᠤ ᠦᠭᠡᠢ᠂ ᠡᠵᠡᠨ ᠬᠥᠮᠥᠨ᠎ᠤ ᠣᠪᠣᠷ ᠵᠶ᠋ᠠᠷ 《ᠬᠠᠷᠢᠭᠤᠴᠠᠯᠭ᠎ᠠ ᠵᠢᠨ ᠪᠤᠤᠬᠢᠶ᠎ᠠ》 ᠵᠢ ᠯᠠᠪᠳᠠᠭᠤᠨ ᠠᠳᠬᠤᠬᠤ ᠬᠡᠷᠡᠭᠲᠡᠢ 

ᠡᠵᠡᠨ ᠬᠦᠮᠦᠨ᠎ᠤ ᠬᠢᠪᠡᠰᠦ ᠵᠣᠬᠢᠬᠤ ᠠᠵᠢᠯ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠬᠢᠵᠦ᠂ ᠡᠵᠡᠨ ᠬᠦᠮᠦᠨ᠎ᠤ ᠡᠭᠦᠷᠭᠡᠯᠡᠪᠡᠰᠦ ᠵᠣᠬᠢᠬᠤ ᠡᠭᠦᠷᠭᠡᠯᠡᠯ ᠵᠶ᠋ᠠᠨ ᠡᠭᠦᠷᠭᠡᠯᠡᠵᠦ᠂ ᠡᠵᠡᠨ ᠬᠦᠮᠦᠨ᠎ᠤ ᠭᠦᠢ᠍ᠴᠡᠳᠬᠡᠪᠡᠰᠦ ᠵᠣᠬᠢᠬᠤ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠠᠢ᠌ᠭ᠋ᠠᠳ ᠡᠯ᠎ᠡ ᠵᠦᠢ᠍ᠯ᠎ᠤᠨ ᠡᠭᠦᠷᠭᠡ ᠵᠢ 《ᠴᠠᠭ᠋ᠠᠰᠤᠨ ᠳᠡᠭᠡᠷ᠎ᠡ》 ᠪᠢᠴᠢᠵᠦ ᠪᠠᠢ᠌ᠭᠰᠠᠨ᠎ᠠᠴᠠ᠎ᠨᠢ 《ᠲᠤᠬᠠᠢ ᠵᠢᠨ ᠭᠠᠵᠠᠷ᠎ᠲᠤ᠎ᠨᠢ》 ᠨᠠᠢ᠌ᠳᠠᠪᠤᠷᠢᠵᠢᠭᠤᠯᠪᠠᠯ᠂ ᠪᠢᠳᠡ ᠯᠠᠪᠳᠠᠶ᠎ᠠ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠰᠢᠨ᠎ᠡ ᠣᠷᠣᠨ ᠵᠠᠢ ᠵᠢ ᠥᠷᠭᠡᠳᠬᠡᠵᠦ᠂ ᠰᠢᠨ᠎ᠡ ᠬᠦᠳᠡᠯᠭᠡᠭᠴᠢ ᠬᠦᠴᠦᠨ ᠨᠡᠮᠡᠷᠢᠯᠡᠬᠦ ᠪᠣᠯᠣᠨ᠎ᠠ 

ᠲᠠᠨ᠎ᠤ ᠴᠢᠷᠮᠠᠢ᠌ᠯᠭ᠎ᠠ ᠪᠦᠬᠦᠨ ᠴᠢᠨᠢ ᠴᠦᠮ ᠥᠪᠥᠷ ᠮᠣᠩᠭᠣᠯ᠎ᠤᠨ 《ᠭᠡᠷᠡᠯ ᠭᠢᠯᠪᠠᠭ᠋ᠠᠲᠤ ᠴᠠᠭ ᠮᠥᠴᠡ》 ᠪᠣᠯᠵᠤ ᠰᠠᠴᠤᠷᠠᠨ᠎ᠠ 

ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ 

ᠡᠬᠡ ᠤᠯᠤᠰ᠎ᠤᠨ ᠤᠮᠠᠷᠠᠲᠤ ᠬᠢᠵᠠᠭ᠋ᠠᠷ᠎ᠤᠨ ᠠᠮᠤᠷ ᠲᠣᠭᠲᠠᠭᠤᠨ᠎ᠤ ᠬᠠᠯᠬᠠᠪᠴᠢ 

ᠤᠯᠤᠰ᠎ᠤᠨ ᠴᠢᠬᠤᠯᠠ ᠡᠨᠧᠷᠭᠢ ᠵᠢᠨ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ 

ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ 

ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ 

ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠤᠨ᠎ᠠ

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ