ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠲᠦᠷᠦᠭᠦᠦ 8 ᠰᠠᠷ᠎ᠠ᠎ᠳᠠᠬᠢ ᠮᠠᠰᠢᠨ ᠲᠡᠷᠭᠡᠨ᠎ᠦ ᠦᠢᠯᠡᠳᠪᠦᠷᠢᠯᠡᠯ ᠪᠣᠷᠣᠯᠠᠭᠤᠯᠭ᠎ᠠ ᠠᠩᠬ᠎ᠠ ᠤᠳᠠᠭ᠎ᠠ 2000 ᠲᠦᠮᠡ᠎ᠶᠢ ᠳᠠᠪᠠᠪᠠ
ᠨᠡᠶ᠋ᠢᠲᠡᠯᠡᠭᠰᠡᠨ ᠴᠠᠭ᠄ 2025-09-12

ᠳᠤᠮᠳᠠᠳᠤ ᠤᠯᠤᠰ᠎ᠤᠨ ᠮᠠᠰᠢᠨ ᠲᠡᠷᠭᠡᠨ᠎ᠦ ᠠᠵᠤ ᠦᠢᠯᠡᠳᠪᠦᠷᠢ᠎ᠶᠢᠨ ᠨᠡᠢᠭᠡᠮᠯᠢᠭ᠎ᠦᠨ 9 ᠳ᠋ᠦ᠍ᠭᠡᠷ ᠰᠠᠷ᠎ᠠ᠎ᠶᠢᠨ 11 ᠎ᠦ ᠡᠳᠦᠷ ᠨᠡᠢᠲᠡᠯᠡᠭᠰᠡᠨ ᠳ᠋ᠠᠢᠲ᠋ᠠ᠎ᠶᠢᠨ ᠢᠯᠡᠷᠡᠭᠦᠯᠦᠭᠰᠡᠨ᠎ᠢᠶᠡᠷ᠄ ᠡᠨᠡ ᠵᠢᠯ᠎ᠦᠨ ᠲᠦᠷᠦᠭᠦᠸ᠋ 8 ᠰᠠᠷ᠎ᠠ᠎ᠳᠤ᠂ ᠮᠠᠨ᠎ᠤ ᠤᠯᠤᠰ᠎ᠤᠨ ᠮᠠᠰᠢᠨ ᠲᠡᠷᠭᠡᠨ᠎ᠦ ᠦᠢᠯᠡᠳᠪᠦᠷᠢᠯᠡᠯ ᠪᠣᠷᠤᠯᠠᠭᠤᠯᠭ᠎ᠠ ᠲᠣᠰ ᠲᠣᠰ 2105.1 ᠲᠦᠮᠡ ᠪᠠ 2112.8 ᠲᠦᠮᠡ᠎ᠶᠢ ᠪᠡᠶᠡᠯᠡᠭᠦᠯᠵᠦ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 12.7% ᠪᠠ 12.6% ᠪᠡᠷ ᠨᠡᠮᠡᠭᠳᠡᠨ᠂ ᠦᠢᠯᠡᠳᠪᠦᠷᠢᠯᠡᠯ ᠪᠣᠷᠤᠯᠠᠭᠤᠯᠭ᠎ᠠ ᠨᠢ ᠠᠩᠬ᠎ᠠ ᠤᠳᠠᠭ᠎ᠠ 2000 ᠲᠦᠮᠡ᠎ᠶᠢ ᠳᠠᠪᠠᠪᠠ᠃ ᠡᠭᠦᠨ᠎ᠳᠦ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠦᠢᠯᠡᠳᠪᠦᠷᠢᠯᠡᠯ ᠪᠣᠷᠤᠯᠠᠭᠤᠯᠭ᠎ᠠ ᠲᠣᠰ ᠲᠣᠰ 962.5 ᠲᠦᠮᠡ ᠪᠠ 962 ᠲᠦᠮᠡ᠎ᠶᠢ ᠪᠡᠶᠡᠯᠡᠭᠦᠯᠵᠦ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 37.3% ᠪᠠ 36.7% ᠪᠡᠷ ᠨᠡᠮᠡᠭᠳᠡᠨ᠂ ᠰᠢᠨ᠎ᠡ ᠡᠨᠧᠷᠭᠢ᠎ᠶᠢᠨ ᠰᠢᠨ᠎ᠡ ᠮᠠᠰᠢᠨ ᠲᠡᠷᠭᠡᠨ᠎ᠦ ᠪᠣᠷᠤᠯᠠᠭᠤᠯᠭ᠎ᠠ᠎ᠶᠢᠨ ᠬᠡᠮᠵᠢᠶ᠎ᠡ ᠨᠢ ᠰᠢᠨ᠎ᠡ ᠮᠠᠰᠢᠨ ᠲᠡᠷᠭᠡᠨ᠎ᠦ ᠪᠣᠷᠤᠯᠠᠭᠤᠯᠭ᠎ᠠ᠎ᠶᠢᠨ ᠪᠥᠬᠥ ᠬᠡᠮᠵᠢᠶᠡᠨ᠎ᠦ 45.5% ᠳ᠋ᠥ ᠬᠦᠷᠴᠡᠢ᠃ ᠲᠦᠷᠦᠭᠦᠸ᠋ 8 ᠰᠠᠷ᠎ᠠ᠎ᠳᠤ᠂ 429.2 ᠲᠦᠮᠡᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠵᠤ᠂ ᠠᠳᠠᠯᠢ ᠬᠤᠭᠤᠴᠠᠭᠠᠨ᠎ᠤ ᠬᠢ᠎ᠡᠴᠡ 13.7% ᠪᠡᠷ ᠨᠡᠮᠡᠭᠳᠡᠵᠡᠢ᠃ ᠡᠭᠦᠨ᠎ᠳᠦ᠂ ᠰᠢᠨ᠎ᠡ ᠡᠨᠧᠷᠭᠢ᠎ᠶᠢᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠭᠰᠠᠨ ᠬᠡᠮᠵᠢᠶ᠎ᠡ 153.2 ᠲᠦᠮᠡ᠎ᠳᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 87.3% ᠪᠡᠷ ᠨᠡᠮᠡᠭᠳᠡᠵᠡᠢ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ