ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠯᠢ ᠴᠢᠶᠠᠩ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-09-15

ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 9 ᠳ᠋ᠦ᠍ᠭᠡᠷ ᠰᠠᠷ᠎ᠠ᠎ᠶᠢᠨ 12 ᠎ᠤᠨ ᠡᠳᠦᠷ᠎ᠦᠨ ᠴᠠᠬᠢᠯᠭᠠᠨ ᠮᠡᠳᠡᠭᠡ  ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ 9 ᠳ᠋ᠦ᠍ᠭᠡᠷ ᠰᠠᠷ᠎ᠠ᠎ᠶᠢᠨ 12 ᠎ᠤᠨ ᠡᠳᠦᠷ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠵᠤ᠂ ᠡᠮᠦᠨᠡᠬᠢ ᠬᠤᠭᠤᠴᠠᠭᠠᠨ᠎ᠤ ᠦᠶᠡᠷ᠎ᠢ ᠰᠡᠷᠭᠡᠢᠯᠡᠨ ᠭᠠᠮᠰᠢᠭ᠋᠎ᠠᠴᠠ ᠠᠪᠤᠷᠠᠭᠰᠠᠨ ᠠᠵᠢᠯ᠎ᠤᠨ ᠪᠠᠢᠳᠠᠯ ᠪᠠ ᠤᠮᠠᠷᠠᠲᠤ ᠣᠷᠣᠨ᠎ᠤ ᠦᠶᠡᠷ᠎ᠢ ᠰᠡᠷᠭᠡᠢᠯᠡᠨ ᠭᠠᠮᠰᠢᠭ᠋᠎ᠢ ᠪᠠᠭᠠᠰᠬᠠᠬᠤ ᠴᠢᠳᠠᠪᠤᠷᠢ᠎ᠶᠢ ᠳᠡᠭᠡᠭᠰᠢᠯᠡᠭᠦᠯᠦᠭᠰᠡᠨ ᠠᠵᠢᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠠᠷᠠᠳ᠎ᠤᠨ ᠪᠡᠯᠡ ᠣᠷᠣᠭᠤᠯᠤᠯᠲᠠ᠎ᠶᠢᠨ ᠬᠥᠭᠵᠢᠯᠲᠡ᠎ᠶᠢ ᠤᠯᠠᠮ ᠨᠢᠭᠡ ᠠᠯᠬᠤᠮ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠢ ᠪᠠᠢᠷᠢᠯᠠᠭᠤᠯᠵᠤ᠂ ᠭᠠᠳᠠᠭᠠᠳᠤ᠎ᠳᠠᠬᠢ ᠶᠡᠷᠦᠩᠬᠡᠢᠯᠡᠭᠰᠡᠨ ᠦᠢᠯᠡᠴᠢᠯᠡᠭᠡᠨ᠎ᠦ ᠲᠣᠭᠲᠠᠯᠴᠠᠭ᠎ᠠ᠎ᠶᠢ ᠰᠤᠳᠤᠯᠤᠨ ᠲᠡᠭᠦᠯᠳᠡᠷᠵᠢᠭᠦᠯᠵᠦ᠂ 《ᠠᠮᠢᠳᠤ ᠪᠣᠳᠠᠰ᠎ᠤᠨ ᠠᠨᠠᠭᠠᠬᠤ ᠤᠬᠠᠭᠠᠨ᠎ᠤ ᠰᠢᠨ᠎ᠡ ᠮᠡᠷᠭᠡᠵᠢᠯ᠎ᠦᠨ ᠡᠮᠴᠢᠯᠡᠭᠡᠨ᠎ᠳᠡᠬᠢ ᠰᠤᠳᠤᠯᠭᠠᠨ ᠪᠠ ᠡᠮᠴᠢᠯᠡᠭᠡᠨ᠎ᠳᠡᠬᠢ ᠬᠡᠷᠡᠭᠯᠡᠯᠲᠡ᠎ᠶᠢᠨ ᠬᠠᠮᠢᠶᠠᠷᠤᠯᠲᠠ᠎ᠶᠢᠨ ᠳᠦᠷᠢᠮ (ᠡᠬᠡ ᠲᠥᠰᠥᠯ) 》᠎ᠢ ᠬᠢᠨᠠᠨ ᠵᠥᠪᠯᠡᠵᠦ ᠪᠠᠲᠤᠯᠠᠪᠠ᠃

ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠡᠨᠡ ᠵᠢᠯ᠎ᠦᠨ ᠦᠶᠡᠷ᠎ᠢ ᠰᠡᠷᠭᠡᠢᠯᠡᠬᠦ ᠵᠠᠩᠭᠢᠯᠠᠭ᠎ᠠ᠎ᠶᠢᠨ ᠬᠤᠭᠤᠴᠠᠭᠠᠨ᠎ᠳᠤ᠂ ᠵᠠᠷᠢᠮ ᠭᠠᠵᠠᠷ ᠣᠷᠣᠨ᠎ᠳᠤ ᠲᠤᠢᠯ᠎ᠤᠨ ᠬᠡᠴᠡᠭᠦᠦ ᠰᠢᠷᠦᠭᠦᠨ ᠪᠣᠷᠣᠭᠠᠨ ᠣᠯᠠᠨᠲᠠ ᠣᠷᠣᠵᠤ᠂ ᠨᠡᠯᠢᠶᠡᠳ ᠬᠦᠨᠳᠦ ᠭᠠᠮᠰᠢᠭ᠍ᠳᠠᠭᠰᠠᠨ ᠪᠣᠯᠬᠣᠷ ᠬᠣᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠶᠡᠷ ᠪᠠ ᠲᠠᠢᠹᠧᠩ ᠰᠠᠯᠬᠢᠨ᠎ᠢ ᠰᠡᠷᠭᠡᠢᠯᠡᠨ ᠠᠶᠤᠯ᠎ᠠᠴᠠ ᠠᠪᠤᠷᠠᠬᠤ ᠠᠵᠢᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠪᠡ᠃ ᠣᠳᠣᠬᠠᠨ᠎ᠳᠤ ᠬᠡᠳᠦᠢ᠎ᠪᠡᠷ ᠦᠶᠡᠷ᠎ᠢ ᠰᠡᠷᠭᠡᠢᠯᠡᠬᠦ ᠵᠠᠩᠭᠢᠯᠠᠭ᠎ᠠ᠎ᠶᠢᠨ ᠬᠤᠭᠤᠴᠠᠭ᠎ᠠ ᠥᠩᠭᠡᠷᠡᠭᠰᠡᠨ ᠴᠦ᠍ ᠦᠶᠡᠷ ᠤᠰᠤᠲᠤᠯ ᠪᠠ ᠲᠠᠢᠹᠧᠩ ᠰᠠᠯᠬᠢᠨ᠎ᠤ ᠲᠦᠭᠰᠢᠭᠦᠷᠢ ᠮᠥᠨ ᠬᠦ᠌ ᠲᠤᠯᠭᠠᠷᠠᠵᠤ ᠪᠠᠢᠭ᠎ᠠ ᠪᠣᠯᠬᠣᠷ ᠢᠮᠠᠭᠲᠠ ᠰᠡᠷᠡᠮᠵᠢ ᠲᠠᠢ ᠪᠠᠢᠵᠤ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ᠎ᠶᠢ ᠳᠡᠭᠡᠳᠦᠯᠡᠬᠦ᠎ᠶᠢ ᠪᠠᠷᠢᠮᠲᠠᠯᠠᠵᠤ᠂ ᠦᠶᠡᠷ᠎ᠢ ᠰᠡᠷᠭᠡᠢᠯᠡᠨ ᠭᠠᠮᠰᠢᠭ᠋᠎ᠠᠴᠠ ᠠᠪᠤᠷᠠᠬᠤ ᠭᠠᠮᠰᠢᠭ᠋᠎ᠢ ᠪᠠᠭᠠᠰᠬᠠᠬᠤ ᠠᠵᠢᠯ᠎ᠢ ᠥᠴᠥᠬᠡᠨ ᠴᠦ᠍ ᠰᠤᠯᠠᠷᠠᠭᠤᠯᠤᠯ ᠦᠭᠡᠢ ᠰᠠᠢᠲᠤᠷ ᠬᠢᠬᠦ ᠬᠡᠷᠡᠭᠲᠡᠢ᠃ ᠰᠠᠯᠠᠭ᠎ᠠ ᠮᠥᠴᠢᠷ ᠬᠠᠮᠵᠢᠯᠴᠠᠬᠤ᠂ ᠳᠡᠭᠡᠳᠦ ᠳᠣᠣᠷᠠᠳᠤ ᠱᠠᠲᠤ᠎ᠪᠠᠷ᠎ᠢᠶᠠᠨ ᠬᠣᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠵᠤ᠂ ᠭᠠᠮᠰᠢᠭ᠍ᠳᠠᠭᠰᠠᠨ ᠤᠯᠠᠨ ᠲᠦᠮᠡᠨ᠎ᠢ ᠠᠪᠤᠷᠠᠨ ᠲᠤᠰᠠᠯᠠᠬᠤ᠂ ᠰᠡᠷᠭᠦᠭᠡᠨ ᠲᠠᠬᠢᠨ ᠪᠠᠶ᠋ᠢᠭᠤᠯᠬᠤ᠂ ᠬᠡᠰᠡᠭ ᠭᠠᠵᠠᠷ ᠣᠷᠣᠨ᠎ᠤ ᠭᠠᠩ ᠬᠠᠭᠰᠠᠷᠠᠭᠠᠨ᠎ᠲᠠᠢ ᠲᠡᠮᠡᠴᠡᠵᠦ ᠭᠠᠮᠰᠢᠭ᠋᠎ᠢ ᠪᠠᠭᠠᠰᠬᠠᠬᠤ ᠵᠡᠷᠭᠡ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠨᠠᠮᠤᠷ᠎ᠤᠨ ᠪᠣᠷᠣᠭᠠᠨ ᠪᠠ ᠲᠠᠢᠹᠧᠩ ᠰᠠᠯᠬᠢ᠎ᠶᠢ ᠰᠡᠷᠭᠡᠢᠯᠡᠨ ᠠᠷᠭᠠᠴᠠᠬᠤ ᠠᠵᠢᠯ᠎ᠢ ᠲᠣᠪᠣᠢᠮ᠎ᠠ ᠰᠠᠢᠲᠤᠷ ᠠᠳᠬᠤᠬᠤ ᠬᠡᠷᠡᠭᠲᠡᠢ᠃ ᠤᠮᠠᠷᠠᠲᠤ ᠣᠷᠣᠨ᠎ᠤ ᠪᠣᠷᠣᠭᠠᠨ ᠪᠠ ᠦᠶᠡᠷ᠎ᠦᠨ ᠪᠠᠢᠳᠠᠯ᠎ᠤᠨ ᠬᠤᠪᠢᠷᠠᠯᠲᠠ᠎ᠶᠢᠨ ᠰᠢᠨ᠎ᠡ ᠣᠨᠴᠠᠯᠢᠭ᠋᠎ᠲᠤ ᠵᠣᠬᠢᠴᠠᠭᠤᠯᠤᠨ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ ᠢᠨᠵᠧᠨᠧᠷᠢᠩ᠂ ᠬᠤᠳᠠ᠎ᠶᠢᠨ ᠤᠰᠤᠲᠤᠯ᠎ᠢ ᠲᠠᠲᠠᠷᠠᠭᠤᠯᠬᠤ᠂ ᠴᠠᠭ ᠠᠭᠤᠷ᠎ᠤᠨ ᠬᠢᠨᠠᠨ ᠰᠢᠨᠵᠢᠬᠦ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢ ᠶᠡᠬᠡ᠎ᠪᠡᠷ ᠠᠬᠢᠭᠤᠯᠵᠤ᠂ ᠤᠰᠤᠨ ᠴᠥᠭᠥᠷᠥᠮ ᠵᠡᠷᠭᠡ ᠴᠢᠬᠤᠯᠠ ᠶᠡᠬᠡ ᠢᠨᠵᠧᠨᠧᠷᠢᠩ᠎ᠦᠨ ᠲᠣᠬᠢᠷᠠᠭᠤᠯᠤᠯᠲᠠ ᠬᠠᠮᠢᠶᠠᠷᠤᠯᠲᠠ᠎ᠶᠢ ᠰᠢᠯᠢᠳᠡᠭᠵᠢᠭᠦᠯᠵᠦ᠂ ᠤᠮᠠᠷᠠᠲᠤ ᠣᠷᠣᠨ᠎ᠤ ᠦᠶᠡᠷ᠎ᠢ ᠰᠡᠷᠭᠡᠢᠯᠡᠨ ᠭᠠᠮᠰᠢᠭ᠋᠎ᠠᠴᠠ ᠠᠪᠤᠷᠠᠬᠤ ᠭᠠᠮᠰᠢᠭ᠋᠎ᠢ ᠪᠠᠭᠠᠰᠬᠠᠬᠤ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃

ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠠᠷᠠᠳ᠎ᠤᠨ ᠪᠡᠯᠡ ᠣᠷᠣᠭᠤᠯᠤᠯᠲᠠ ᠨᠢ ᠠᠵᠢᠯ ᠣᠯᠭᠣᠯᠲᠠ ᠪᠠ ᠠᠵᠤ ᠠᠬᠤᠢ᠎ᠶᠢ ᠲᠣᠭᠲᠠᠪᠤᠷᠢᠵᠢᠭᠤᠯᠬᠤ᠎ᠳᠤ ᠴᠢᠬᠤᠯᠠ ᠦᠢᠯᠡᠳᠦᠯ᠎ᠲᠠᠢ ᠶᠤᠮ᠃ ᠠᠵᠤ ᠠᠬᠤᠢᠯᠠᠯ᠎ᠤᠨ ᠠᠩᠬᠠᠷᠴᠤ ᠪᠠᠢᠭ᠎ᠠ ᠲᠣᠪᠣᠢᠮ᠎ᠠ ᠠᠰᠠᠭᠤᠳᠠᠯ᠎ᠳᠤ ᠠᠩᠬᠠᠷᠤᠯ ᠲᠥᠪᠯᠡᠷᠡᠭᠦᠯᠵᠦ᠂ ᠣᠷᠣᠬᠤ ᠵᠥᠪᠰᠢᠶᠡᠷᠡᠯ᠎ᠢ ᠥᠷᠭᠡᠳᠬᠡᠬᠦ᠂ ᠲᠦᠭᠵᠢᠷᠡᠯ᠎ᠢ ᠨᠡᠪᠲᠡᠷᠡᠭᠦᠯᠬᠦ᠂ ᠪᠠᠲᠤᠯᠠᠭ᠎ᠠ᠎ᠶᠢ ᠴᠢᠩᠭᠠᠳᠬᠠᠬᠤ ᠵᠡᠷᠭᠡ ᠲᠠᠯ᠎ᠠ᠎ᠪᠠᠷ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠨᠦᠭᠦᠳ᠎ᠢ ᠬᠡᠷᠡᠭᠵᠢᠭᠦᠯᠵᠦ᠂ ᠠᠷᠠᠳ᠎ᠤᠨ ᠪᠡᠯᠡ ᠣᠷᠣᠭᠤᠯᠤᠯᠲᠠ᠎ᠶᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠦ᠂ ᠠᠷᠠᠳ᠎ᠤᠨ ᠪᠡᠯᠡ ᠣᠷᠣᠭᠤᠯᠤᠯᠲᠠ᠎ᠶᠢᠨ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠠᠷᠠᠳ᠎ᠤᠨ ᠪᠡᠯᠡ ᠣᠷᠣᠭᠤᠯᠤᠯᠲᠠ᠎ᠶᠢᠨ ᠣᠷᠣᠨ ᠵᠠᠢ᠎ᠶᠢ ᠥᠷᠭᠡᠳᠬᠡᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠂ ᠰᠢᠨ᠎ᠡ᠎ᠪᠡᠷ ᠮᠠᠨᠳᠤᠵᠤ ᠪᠠᠢᠭ᠎ᠠ ᠦᠢᠯᠡᠴᠢᠯᠡᠭᠡᠨ᠎ᠦ ᠦᠢᠯᠡᠰ᠂ ᠰᠢᠨ᠎ᠡ ᠬᠡᠯᠪᠡᠷᠢ᠎ᠶᠢᠨ ᠰᠠᠭᠤᠷᠢ ᠪᠡᠯᠡᠳᠬᠡᠮᠵᠢ ᠵᠡᠷᠭᠡ ᠬᠦᠷᠢᠶᠡᠨ᠎ᠳᠡᠬᠢ ᠠᠷᠠᠳ᠎ᠤᠨ ᠬᠥᠷᠥᠩᠭᠡ᠎ᠶᠢᠨ ᠪᠡᠯᠡ ᠣᠷᠣᠭᠤᠯᠤᠯᠲᠠ᠎ᠶᠢ ᠨᠡᠮᠡᠭᠳᠡᠭᠦᠯᠬᠦ᠎ᠶᠢ ᠨᠢ ᠳᠡᠮᠵᠢᠬᠦ ᠬᠡᠷᠡᠭᠲᠡᠢ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ᠎ᠳᠡᠬᠢ ᠬᠠᠮᠢᠶ᠎ᠠ ᠪᠦᠬᠦᠢ ᠳᠦᠷᠢᠮ ᠲᠣᠭᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠳᠤᠮᠳᠠ ᠵᠢᠵᠢᠭ ᠠᠵᠤ ᠠᠬᠤᠢᠯᠠᠯ᠎ᠠᠴᠠ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠤᠷᠢᠳᠴᠢᠯᠠᠨ ᠦᠯᠡᠳᠡᠭᠡᠬᠦ ᠬᠡᠮᠵᠢᠶ᠎ᠡ᠎ᠶᠢ ᠪᠠᠲᠤᠯᠠᠨ᠂ ᠲᠥᠪ᠎ᠦᠨ ᠲᠥᠰᠥᠪ᠎ᠦᠨ ᠳᠣᠲᠣᠷᠠᠬᠢ ᠪᠡᠯᠡ ᠣᠷᠣᠭᠤᠯᠤᠯᠲᠠ ᠵᠡᠷᠭᠡ᠎ᠳᠦ ᠠᠷᠠᠳ᠎ᠤᠨ ᠪᠡᠯᠡ ᠣᠷᠣᠭᠤᠯᠤᠯᠲᠠ᠎ᠶᠢᠨ ᠲᠥᠷᠥᠯ ᠵᠦᠢᠯ᠎ᠢ ᠳᠡᠮᠵᠢᠬᠦ ᠡᠷᠴᠢᠮ᠎ᠢᠶᠡᠨ ᠴᠢᠩᠭᠠᠷᠠᠭᠤᠯᠬᠤ ᠬᠡᠷᠡᠭᠲᠡᠢ᠃ ᠡᠷᠬᠡ ᠲᠡᠭᠰᠢ ᠥᠷᠢᠰᠦᠯᠳᠦᠭᠡᠨ᠎ᠦ ᠵᠠᠬ᠎ᠠ ᠳᠡᠯᠭᠡᠭᠦᠷ᠎ᠦᠨ ᠣᠷᠴᠢᠨ ᠲᠣᠭᠣᠷᠢᠨ᠎ᠢ ᠪᠤᠢ ᠪᠣᠯᠭᠠᠵᠤ᠂ ᠠᠷᠠᠳ᠎ᠤᠨ ᠪᠡᠯᠡ ᠣᠷᠣᠭᠤᠯᠤᠯᠲᠠ᠎ᠶᠢ ᠬᠢᠵᠠᠭᠠᠷᠯᠠᠬᠤ ᠡᠯ᠎ᠡ ᠵᠦᠢᠯ᠎ᠦᠨ ᠲᠠᠯᠳᠠ ᠰᠠᠭᠠᠳ ᠲᠣᠳᠬᠠᠷ᠎ᠢ ᠠᠷᠢᠯᠭᠠᠨ᠂ ᠰᠢᠨ᠎ᠡ᠎ᠶᠢ ᠡᠭᠦᠳᠬᠦ ᠲᠤᠯᠭᠠᠭᠤᠷᠢᠯᠠᠯ ᠪᠠ ᠪᠡᠯᠡ ᠮᠥᠩᠭᠥ ᠲᠣᠬᠢᠷᠠᠭᠤᠯᠬᠤ ᠳᠡᠮᠵᠢᠯᠭᠡ᠎ᠶᠢ ᠴᠢᠩᠭᠠᠳᠬᠠᠵᠤ᠂ ᠦᠢᠯᠡᠴᠢᠯᠡᠭᠡᠨ᠎ᠦ ᠲᠣᠭᠲᠠᠯᠴᠠᠭ᠎ᠠ᠎ᠶᠢ ᠲᠡᠭᠦᠯᠳᠡᠷᠵᠢᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠢᠯᠠᠯ᠎ᠢ ᠵᠣᠷᠢᠭ᠍ᠲᠠᠢ᠎ᠪᠠᠷ ᠪᠡᠯᠡ ᠣᠷᠣᠭᠤᠯᠬᠤ ᠪᠣᠯᠭᠠᠵᠤ᠂ ᠠᠰᠢᠭ᠋ ᠣᠯᠵᠠᠪᠤᠷᠢ ᠲᠠᠢ ᠪᠣᠯᠭᠠᠬᠤ ᠬᠡᠷᠡᠭᠲᠡᠢ ᠭᠡᠪᠡ᠃

ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠤᠯᠠᠨ ᠤᠯᠤᠰ᠎ᠤᠨ ᠬᠠᠮᠲᠤᠷᠠᠯᠴᠠᠭ᠎ᠠ ᠪᠠ ᠥᠷᠢᠰᠦᠯᠳᠦᠭᠡᠨ᠎ᠳᠦ ᠭᠠᠳᠠᠭᠠᠳᠤ᠎ᠳᠤ ᠭᠠᠷᠤᠭᠰᠠᠨ ᠠᠵᠤ ᠠᠬᠤᠢᠯᠠᠯ᠎ᠤᠨ ᠣᠷᠣᠯᠴᠠᠬᠤ᠎ᠳᠤ ᠨᠢ ᠬᠦᠴᠦᠲᠡᠢ ᠲᠤᠯᠭᠠᠭᠤᠷᠢᠯᠠᠯ ᠬᠠᠩᠭᠠᠵᠤ᠂ ᠭᠠᠳᠠᠭᠠᠳᠤ᠎ᠳᠠᠬᠢ ᠶᠡᠷᠦᠩᠬᠡᠢᠯᠡᠭᠰᠡᠨ ᠦᠢᠯᠡᠴᠢᠯᠡᠭᠡᠨ᠎ᠦ ᠲᠣᠭᠲᠠᠯᠴᠠᠭ᠎ᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠬᠠᠮᠵᠢᠯᠴᠠᠨ ᠬᠠᠮᠲᠤᠷᠠᠯᠴᠠᠬᠤ᠎ᠶᠢ ᠴᠢᠩᠭᠠᠳᠬᠠᠵᠤ᠂ ᠬᠠᠤᠯᠢ ᠴᠠᠭᠠᠵᠠ᠂ ᠮᠥᠩᠭᠥᠨ ᠭᠦᠢᠯᠭᠡᠭᠡ᠂ ᠪᠠᠷᠠᠭᠠᠨ᠎ᠤ ᠭᠦᠢᠯᠭᠡᠭᠡ ᠵᠡᠷᠭᠡ ᠬᠦᠷᠢᠶᠡᠨ᠎ᠳᠡᠬᠢ ᠦᠢᠯᠡᠴᠢᠯᠡᠭᠡᠨ᠎ᠦ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠯᠡᠵᠦ᠂ ᠦᠢᠯᠡᠴᠢᠯᠡᠭᠡᠨ᠎ᠦ ᠨᠡᠷᠡᠳᠬᠦᠨ᠎ᠢ ᠪᠠᠶᠠᠯᠢᠭ᠍ᠵᠢᠭᠤᠯᠵᠤ᠂ ᠦᠢᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠨᠥᠬᠥᠴᠡᠯ ᠪᠦᠬᠦᠢ ᠭᠠᠵᠠᠷ ᠣᠷᠣᠨ᠎ᠢ ᠳᠡᠮᠵᠢᠵᠦ ᠪᠠᠢᠭᠠᠳ ᠭᠠᠳᠠᠭᠠᠳᠤ᠎ᠳᠤ ᠭᠠᠷᠭᠠᠬᠤ ᠶᠡᠷᠦᠩᠬᠡᠢᠯᠡᠭᠰᠡᠨ ᠦᠢᠯᠡᠴᠢᠯᠡᠭᠡᠨ᠎ᠦ ᠭᠠᠷᠠᠮ᠎ᠢ ᠪᠠᠢᠭᠤᠯᠤᠨ᠂ ᠭᠣᠣᠯᠳᠠᠯᠭ᠎ᠠ ᠪᠣᠯᠬᠤ ᠤᠯᠤᠰ᠎ᠲᠤ ᠭᠠᠳᠠᠭᠠᠳᠤ᠎ᠳᠠᠬᠢ ᠶᠡᠷᠦᠩᠬᠡᠢᠯᠡᠭᠰᠡᠨ ᠦᠢᠯᠡᠴᠢᠯᠡᠭᠡᠨ᠎ᠦ ᠦᠷᠳᠡᠭᠡ ᠪᠠᠶ᠋ᠢᠭᠤᠯᠬᠤ᠎ᠶᠢ ᠠᠬᠢᠭᠤᠯᠵᠤ᠂ ᠬᠤᠳᠠᠯᠳᠤᠭᠠᠨ᠎ᠤ ᠨᠡᠢᠭᠡᠮᠯᠢᠭ᠎ᠦᠳ᠎ᠦᠨ ᠦᠢᠯᠡᠴᠢᠯᠡᠭᠡᠨ᠎ᠦ ᠴᠢᠳᠠᠮᠵᠢ᠎ᠶᠢ ᠴᠢᠩᠭᠠᠳᠬᠠᠵᠤ᠂ ᠨᠢᠭᠡ ᠪᠦᠯᠦᠭ ᠬᠢᠯᠢ ᠠᠯᠤᠰᠯᠠᠭᠰᠠᠨ ᠦᠢᠯᠡᠴᠢᠯᠡᠭᠡᠨ᠎ᠦ ᠴᠢᠳᠠᠪᠤᠷᠢ᠎ᠪᠠᠷ ᠴᠢᠩᠭ᠎ᠠ ᠪᠠᠢᠳᠠᠭ ᠲᠤᠰᠬᠠᠢ ᠦᠢᠯᠡᠴᠢᠯᠡᠭᠡᠨ᠎ᠦ ᠪᠠᠢᠭᠤᠯᠤᠮᠵᠢ᠎ᠶᠢ ᠪᠣᠢᠵᠢᠭᠤᠯᠤᠨ᠎ᠠ ᠭᠡᠪᠡ᠃ 

ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠮᠠᠨ᠎ᠤ ᠤᠯᠤᠰ᠎ᠤᠨ ᠠᠮᠢᠳᠤ ᠪᠣᠳᠠᠰ᠎ᠤᠨ ᠠᠨᠠᠭᠠᠬᠤ ᠤᠬᠠᠭᠠᠨ᠎ᠤ ᠮᠡᠷᠭᠡᠵᠢᠯ᠎ᠦᠨ ᠰᠢᠨ᠎ᠡ ᠡᠭᠦᠳᠦᠯᠲᠡ ᠲᠡᠢ ᠬᠥᠭᠵᠢᠯᠲᠡ᠎ᠶᠢ ᠠᠬᠢᠭᠤᠯᠵᠤ᠂ ᠮᠡᠷᠭᠡᠵᠢᠯ᠎ᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠦᠨ ᠬᠡᠷᠡᠭᠯᠡᠯᠲᠡ᠎ᠶᠢ ᠨᠢ ᠲᠦᠷᠭᠡᠳᠬᠡᠵᠦ᠂ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠦᠨ ᠴᠢᠨᠠᠷ᠎ᠢᠶᠠᠨ ᠰᠠᠢᠵᠢᠷᠠᠭᠤᠯᠤᠨ ᠲᠡᠰ ᠳᠡᠪᠰᠢᠭᠦᠯᠬᠦ᠎ᠶᠢ ᠠᠬᠢᠭᠤᠯᠵᠤ᠂ ᠬᠥᠭᠵᠢᠯᠲᠡ᠎ᠶᠢᠨ ᠰᠢᠨ᠎ᠡ ᠳᠠᠪᠠᠭᠤᠯᠢᠭ᠋᠎ᠢ ᠬᠦᠴᠦᠯᠡᠨ ᠪᠤᠢ ᠪᠣᠯᠭᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ᠎ᠢ ᠵᠡᠷᠭᠡ᠎ᠳᠦ ᠨᠢ ᠴᠢᠬᠤᠯᠠᠴᠢᠯᠠᠬᠤ᠎ᠶᠢ ᠪᠠᠷᠢᠮᠲᠠᠯᠠᠵᠤ᠂ ᠡᠮᠴᠢᠯᠡᠭᠡᠨ᠎ᠦ ᠰᠤᠳᠤᠯᠭᠠᠨ᠎ᠢ ᠬᠠᠤᠯᠢ ᠶᠣᠰᠣᠭᠠᠷ ᠵᠢᠷᠤᠮᠵᠢᠭᠤᠯᠵᠤ᠂ ᠡᠮᠴᠢᠯᠡᠭᠡᠨ᠎ᠳᠡᠬᠢ ᠬᠡᠷᠡᠭᠯᠡᠯᠲᠡ᠎ᠶᠢᠨ ᠴᠢᠨᠠᠷ ᠴᠢᠨᠰᠠᠭ᠎ᠠ ᠠᠮᠤᠷ ᠲᠦᠪᠰᠢᠨ᠎ᠢ ᠪᠠᠲᠤᠯᠠᠵᠤ᠂ ᠡᠯ᠎ᠡ ᠲᠦᠷᠦᠯ᠎ᠦᠨ ᠲᠦᠭᠰᠢᠭᠦᠷᠢ᠎ᠶᠢ ᠪᠦᠲᠦᠮᠵᠢᠲᠡᠢ ᠰᠡᠷᠭᠡᠢᠯᠡᠵᠦ᠂ ᠰᠢᠨ᠎ᠡ ᠡᠭᠦᠳᠦᠯᠲᠡ᠎ᠶᠢᠨ ᠦᠷ᠎ᠡ ᠪᠦᠲᠦᠭᠡᠯ᠎ᠢᠶᠡᠷ ᠠᠷᠠᠳ ᠲᠦᠮᠡᠨ᠎ᠦ ᠡᠷᠡᠭᠦᠯ ᠮᠡᠨᠳᠦ ᠪᠤᠶᠠᠨ ᠵᠢᠷᠭᠠᠯ᠎ᠢ ᠨᠡᠩ ᠰᠠᠢᠲᠤᠷ ᠨᠡᠮᠡᠭᠳᠡᠭᠦᠯᠬᠦ᠎ᠪᠡᠨ ᠪᠠᠲᠤᠯᠠᠬᠤ ᠬᠡᠷᠡᠭᠲᠡᠢ ᠭᠡᠪᠡ᠃

ᠬᠤᠷᠠᠯᠳᠤᠭᠠᠨ᠎ᠢᠶᠠᠷ ᠪᠠᠰᠠ ᠪᠤᠰᠤᠳ ᠵᠦᠢᠯᠡᠰ᠎ᠢ ᠰᠤᠳᠤᠯᠪᠠ᠃

ᠢᠷᠡᠯᠲᠡ᠄ ᠰᠢᠨᠬᠤᠸᠠ ᠬᠣᠷᠢᠶ᠎ᠠ