9 ᠳ᠋ᠦ᠍ᠭᠡᠷ ᠰᠠᠷ᠎ᠠ᠎ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ ᠵᠢᠭᠠᠨ ᠵᠢᠯᠣᠭᠣᠳᠴᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ ᠭᠣᠣᠯᠴᠢᠯᠠᠨ ᠡᠷᠭᠢᠯᠡᠭᠰᠡᠨ ᠬᠣᠶᠠᠳᠤᠭᠠᠷ ᠬᠤᠭᠤᠴᠠᠭᠠᠨ᠎ᠤ 《ᠡᠶᠡᠯᠳᠡᠭ ᠰᠠᠶ᠋ᠢᠬᠠᠨ ᠤᠮᠠᠷᠠᠲᠤ ᠬᠢᠵᠠᠭᠠᠷ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ》 ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠭᠦᠨᠵᠡᠭᠡᠢᠷᠡᠭᠦᠯᠬᠦ ᠤᠬᠠᠭᠤᠯᠭ᠎ᠠ᠎ᠶᠢᠨ ᠦᠨᠳᠦᠰᠦᠨ ᠱᠠᠲᠤᠨ᠎ᠳᠠᠬᠢ ᠠᠶᠠᠯᠠᠯ᠎ᠤᠨ 《ᠬᠠᠮᠲᠤ᠎ᠳᠤ᠎ᠪᠠᠨ ᠳᠠᠭᠤᠯᠠᠶ᠎ᠠ》 ᠠᠵᠢᠯᠯᠠᠭ᠎ᠠ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠳᠤ ᠶᠠᠪᠤᠭᠳᠠᠪᠠ᠃
ᠳᠠᠭᠠᠭᠤᠯᠤᠨ ᠳᠠᠭᠤᠯᠠᠭᠴᠢ ᠪᠠ ᠦᠨᠳᠦᠰᠦᠲᠡᠨ᠎ᠦ ᠬᠤᠪᠴᠠᠰᠤ ᠡᠮᠦᠰᠦᠭᠰᠡᠨ 4 ᠰᠤᠷᠤᠭᠴᠢ ᠦᠵᠡᠭᠴᠢᠳ᠎ᠦᠨ ᠰᠠᠭᠤᠳᠠᠯ᠎ᠠᠴᠠ᠎ᠪᠠᠨ ᠲᠠᠶ᠋ᠢᠰᠠᠨ᠎ᠳᠤ ᠭᠠᠷᠴᠤ᠂ 《ᠪᠢ ᠡᠬᠡ ᠤᠷᠤᠨ᠎ᠲᠠᠢ᠎ᠪᠠᠨ》 ᠭᠡᠬᠦ ᠰᠣᠩᠭᠣᠳᠠᠭ ᠳᠠᠭᠤᠤ᠎ᠶᠢ ᠳᠠᠭᠤᠯᠠᠪᠠ᠃ ᠠᠬᠤᠢ ᠲᠠᠯᠠᠪᠠᠢ᠎ᠶᠢᠨ ᠬᠡᠳᠦᠨ ᠵᠠᠭᠤᠨ ᠰᠤᠷᠤᠭᠴᠢᠳ᠎ᠤᠨ ᠵᠠᠷᠢᠮ ᠨᠢ ᠨᠠᠮ ᠳᠠᠭᠤᠨ᠎ᠢᠶᠠᠷ ᠳᠠᠭᠠᠵᠤ ᠳᠠᠭᠤᠯᠠᠨ᠂ ᠵᠠᠷᠢᠮ ᠨᠢ ᠥᠨᠳᠥᠷ ᠳᠠᠭᠤᠨ᠎ᠢᠶᠠᠷ ᠬᠠᠪᠰᠤᠷᠤᠨ ᠳᠠᠭᠤᠯᠠᠵᠤ᠂ ᠬᠦᠳᠡᠯᠭᠡᠭᠡᠨ᠎ᠤ ᠠᠭᠤᠷ ᠠᠮᠢᠰᠬᠤᠯ᠎ᠢ ᠤᠷᠬᠢᠯ᠎ᠳᠤ ᠨᠢ ᠬᠦᠷᠭᠡᠵᠡᠢ᠃
《ᠬᠠᠮᠲᠤ ᠰᠤᠷᠤᠭ᠍ᠴᠢᠳ ᠠᠵᠢᠯᠯᠠᠭ᠎ᠠ᠎ᠶᠢᠨ ᠳᠤᠮᠳᠠ ᠣᠷᠭᠢᠯ᠎ᠤᠨ ᠪᠠᠳᠠᠷᠠᠭᠰᠠᠨ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠬᠢᠯᠭᠡ ᠪᠠ ᠦᠨᠳᠦᠰᠦᠲᠡᠨ᠎ᠦ ᠪᠦᠯᠬᠦᠮᠳᠡᠯ᠎ᠦᠨ ᠵᠣᠷᠢᠭ᠋ ᠰᠠᠨᠠᠭ᠎ᠠ᠎ᠪᠠᠨ ᠡᠷᠡᠮᠡᠬᠡᠢᠯᠡᠨ ᠤᠷᠤᠭᠰᠢᠯᠠᠬᠤ᠂ ᠵᠢᠳᠬᠦᠯ ᠭᠠᠷᠭᠠᠵᠤ ᠦᠢᠯᠡᠰ ᠪᠦᠲᠦᠭᠡᠬᠦ ᠬᠦᠴᠦᠷᠬᠡᠭ ᠶᠡᠬᠡ ᠬᠥᠳᠡᠯᠭᠡᠭᠴᠢ ᠬᠦᠴᠦᠨ ᠪᠣᠯᠭᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠋᠎ᠢᠶᠠᠷ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠶ᠋ᠢᠭᠤᠯᠬᠤ᠂ ᠠᠭᠤᠤ ᠶᠡᠬᠡ ᠳᠤᠮᠳᠠᠳᠤ᠎ᠶᠢᠨ ᠵᠡᠭᠦᠳᠦ᠎ᠪᠡᠨ ᠬᠠᠮᠲᠤ᠎ᠪᠠᠷ ᠲᠡᠷᠭᠡᠯᠰᠢᠭᠦᠯᠬᠦ ᠭᠠᠯ ᠬᠠᠯᠠᠭᠤᠨ ᠦᠢᠯᠡᠳᠦᠯᠭᠡ᠎ᠳᠦ ᠢᠳᠡᠪᠬᠢᠲᠡᠢ ᠣᠷᠣᠯᠴᠠᠵᠤ᠂ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠦᠨ ᠰᠢᠨ᠎ᠡ ᠬᠠᠭᠤᠳᠠᠰᠤ᠎ᠶᠢ ᠬᠠᠮᠲᠤ᠎ᠪᠠᠷ ᠪᠢᠴᠢᠭᠯᠡᠬᠦ᠎ᠶᠢ ᠬᠦᠰᠡᠵᠦ ᠪᠠᠢᠨ᠎ᠠ》 ᠭᠡᠵᠦ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠳᠬᠡᠪᠡ᠃
ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠶᠢᠨ ᠳᠠᠭᠤᠤ ᠬᠥᠭᠵᠢᠮ᠎ᠦᠨ ᠳᠡᠭᠡᠳᠦ ᠰᠤᠷᠭᠠᠭᠤᠯᠢ᠎ᠶᠢᠨ ᠰᠤᠷᠤᠭᠴᠢ ᠴᠧᠩ ᠵᠢᠩ ᠷᠦ᠍᠄ 《ᠥᠨᠥᠳᠥᠷ ᠪᠢᠳᠡ ᠣᠨᠴᠠᠭᠠᠢᠯᠠᠨ ᠡᠯ᠎ᠡ ᠦᠨᠳᠦᠰᠦᠲᠡᠨ᠎ᠦ ᠬᠤᠪᠴᠠᠰᠤ᠎ᠶᠢ ᠡᠮᠦᠰᠴᠦ ᠬᠠᠮᠲᠤ᠎ᠪᠠᠷ 〈ᠪᠢ ᠡᠬᠡ ᠤᠷᠤᠨ᠎ᠲᠠᠢ᠎ᠪᠠᠨ〉 ᠭᠡᠬᠦ ᠳᠠᠭᠤᠤ᠎ᠶᠢ ᠳᠠᠭᠤᠯᠠᠪᠠ᠃ ᠲᠠᠨᠢᠯ ᠳᠠᠰᠤᠯ ᠬᠦᠭ ᠠᠶᠠᠰ ᠬᠠᠩᠭᠢᠨᠠᠬᠤ᠎ᠳᠤ ᠪᠢ ᠰᠡᠳᠬᠢᠯ ᠵᠢᠷᠦᠬᠡᠨᠡᠴᠡᠪᠡᠨ ᠣᠮᠣᠭᠰᠢᠭᠰᠠᠨ ᠪᠥᠭᠡᠳ ᠪᠦᠯᠬᠦᠮᠳᠡᠨ ᠲᠡᠮᠡᠴᠡᠬᠦ ᠬᠦᠴᠦᠨ ᠴᠢᠳᠠᠯ᠎ᠢ ᠴᠤ᠌ ᠣᠯᠵᠤ ᠮᠡᠳᠡᠯ᠎ᠡ᠃ ᠪᠣᠯᠪᠠᠰᠤᠷᠠᠯ ᠪᠠ ᠲᠣᠭᠯᠠᠯᠲᠠ᠎ᠶᠢᠨ ᠳᠤᠮᠳᠠ ᠪᠢ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠬᠠᠷᠬᠠᠵᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠬᠠᠮᠲᠤ᠎ᠪᠠᠷ ᠲᠠᠪᠰᠢᠬᠤ ᠬᠡᠷᠡᠭᠲᠡᠢ ᠭᠡᠳᠡᠭ᠎ᠢ ᠭᠦᠨᠵᠡᠭᠡᠢ ᠣᠢᠯᠠᠭᠠᠭᠰᠠᠨ ᠶᠤᠮ》 ᠭᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠦ᠎ᠪᠡᠨ᠂ ᠬᠣᠶᠠᠳᠤᠭᠠᠷ ᠬᠤᠭᠤᠴᠠᠭᠠᠨ᠎ᠤ 《ᠡᠶᠡᠯᠳᠡᠭ ᠰᠠᠢᠬᠠᠨ ᠤᠮᠠᠷᠠᠲᠤ ᠬᠢᠵᠠᠭᠠᠷ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠭᠦᠨᠵᠡᠭᠡᠢᠷᠡᠭᠦᠯᠬᠦ ᠤᠬᠠᠭᠤᠯᠭ᠎ᠠ᠎ᠶᠢᠨ ᠦᠨᠳᠦᠰᠦᠨ ᠱᠠᠲᠤᠨ᠎ᠳᠠᠬᠢ ᠠᠶᠠᠯᠠᠯ᠎ᠢ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠎ᠳᠤ ᠨᠠᠢᠳᠠᠵᠤ᠂ 《ᠰᠦᠯᠵᠢᠶᠡᠨ ᠭᠠᠳᠠᠨᠠᠬᠢ + ᠰᠦᠯᠵᠢᠶᠡᠨ ᠳᠡᠭᠡᠷᠡᠬᠢ》 ᠬᠡᠯᠪᠡᠷᠢ᠎ᠪᠡᠷ ᠪᠥᠬᠥ ᠲᠠᠯ᠎ᠠ᠎ᠶᠢᠨ᠂ ᠣᠯᠠᠨ ᠲᠠᠯ᠎ᠠ᠎ᠶᠢᠨ᠂ ᠪᠣᠰᠣᠭ᠎ᠠ ᠴᠣᠭᠴᠠᠲᠤ ᠤᠬᠠᠭᠤᠯᠭ᠎ᠠ ᠳᠡᠯᠭᠡᠷᠡᠭᠦᠯᠦᠯᠲᠡ᠎ᠶᠢ ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠨᠠᠮ᠎ᠤᠨ ᠦᠨᠳᠦᠰᠦᠲᠡᠨ᠎ᠦ ᠲᠥᠷᠥ᠎ᠶᠢᠨ ᠪᠣᠳᠣᠯᠭ᠎ᠠ᠎ᠶᠢ ᠪᠥᠬᠥ ᠲᠠᠯ᠎ᠠ᠎ᠪᠠᠷ ᠣᠢᠯᠠᠭᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠦᠷ᠎ᠡ᠎ᠶᠢ ᠦᠨᠳᠦᠰᠦᠯᠡᠭᠦᠯᠦᠨ ᠰᠣᠶᠣᠭᠠᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠣᠨᠣᠯᠵᠢᠬᠤᠨ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠪᠠ᠃