ᠠᠢ ᠪᠧᠢ ᠵᠢᠶᠠᠩ ᠲᠠᠨ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢ ᠣᠢᠯᠠᠭᠠᠭᠤᠯᠬᠤ᠎ᠪᠠᠷ ᠪᠠᠢᠨ᠎ᠠ
ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠎ᠢ ᠪᠠᠲᠤ ᠪᠡᠬᠢᠵᠢᠭᠦᠯᠦᠶ᠎ᠡ
ᠲᠠᠯ᠎ᠠ ᠨᠤᠲᠤᠭ᠎ᠤᠨ ᠬᠠᠮᠤᠭ᠎ᠤᠨ ᠭᠣᠶᠣ᠌ ᠦᠵᠡᠮᠵᠢ ᠨᠢ ᠶᠠᠭᠤ ᠪᠤᠢ ?
ᠨᠣᠮᠢᠨ ᠨᠣᠭᠣᠭᠠᠨ ᠲᠠᠯ᠎ᠠ᠎ᠪᠠᠷ ᠰᠥᠷᠦᠭ ᠰᠥᠷᠦᠭ ᠦᠬᠡᠷ ᠬᠣᠨᠢᠳ ᠪᠡᠯᠴᠢᠨ᠎ᠡ
ᠬᠥᠪᠥᠩ ᠡᠭᠦᠯᠡ ᠬᠤᠷᠠᠭᠰᠠᠨ ᠬᠥᠬᠡ ᠣᠭᠲᠠᠷᠭᠤᠢ᠎ᠶᠢᠨ ᠳᠣᠣᠷ᠎ᠠ ᠬᠥᠯᠥᠭ ᠮᠣᠷᠢᠳ ᠳᠣᠪᠲᠤᠯᠤᠨᠠ
ᠲᠤᠩᠭᠠᠯᠠᠭ ᠲᠠᠩᠰᠤᠭ ᠭᠣᠣᠯ ᠪᠡᠯᠴᠢᠭᠡᠷ ᠳᠠᠭᠠᠨ ᠲᠡᠮᠡᠭᠡᠨ᠎ᠦ ᠬᠤᠨᠭᠬᠤ ᠳᠢᠩᠭᠢᠷ ᠳᠢᠩᠭᠢᠷ
᠁
ᠦᠨᠡᠨ᠎ᠳᠦ᠎ᠪᠡᠨ᠂ ᠬᠠᠮᠤᠭ᠎ᠤᠨ ᠭᠣᠶᠣ᠌ 《ᠦᠵᠡᠮᠵᠢ》 ᠨᠢ ᠤᠮᠠᠷᠠᠲᠤ ᠬᠢᠵᠠᠭᠠᠷ᠎ᠤᠨ ᠬᠥᠪᠡᠭᠦᠳ ᠥᠬᠢᠳ ᠰᠡᠳᠬᠢᠯ ᠵᠢᠷᠦᠬᠡ᠎ᠪᠡᠨ ᠬᠣᠯᠪᠣᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠡᠳᠬᠢᠯ ᠨᠢᠭᠡᠳᠦᠨ ᠤᠷᠤᠭᠰᠢᠯᠠᠨ ᠳᠠᠪᠰᠢᠬᠤ ᠶᠠᠪᠤᠳᠠᠯ ᠪᠣᠯᠣᠨ᠎ᠠ
ᠥᠪᠥᠷ ᠮᠣᠩᠭᠣᠯ ᠣᠷᠣᠨ ᠪᠣᠯ ᠡᠷᠲᠡᠨ᠎ᠡᠴᠡ ᠠᠪᠤᠭᠠᠳ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭ᠍ᠰᠠᠨ ᠭᠠᠵᠠᠷ ᠮᠥᠨ᠂ ᠡᠨᠡ ᠪᠣᠯ ᠦᠨᠳᠦᠰᠦᠲᠡᠨ᠎ᠨᠦᠭᠦᠳ᠎ᠦᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠵᠤ᠂ ᠴᠡᠴᠡᠭᠯᠡᠭᠦᠯᠦᠨ ᠬᠥᠭᠵᠢᠭᠦᠯᠦᠭᠰᠡᠨ ᠭᠡᠷ ᠣᠷᠣᠨ ᠪᠣᠯᠣᠨ᠎ᠠ
2014 ᠣᠨ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠯᠲᠠ ᠬᠢᠬᠦ᠎ᠳᠦ᠎ᠪᠡᠨ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠎ᠶᠢ ᠬᠦᠰᠡᠵᠦ ᠪᠠᠢᠨ᠎ᠠ ᠭᠡᠵᠦ ᠴᠢᠬᠤᠯᠠᠴᠢᠯᠠᠪᠠ᠃
ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠎ᠶᠢ ᠬᠦᠰᠡᠵᠦ ᠪᠠᠢᠨ᠎ᠠ
ᠰᠠᠬᠢᠬᠤ ᠭᠡᠳᠡᠭ ᠨᠢ ᠳᠠᠷᠤᠢ ᠡᠭᠦᠳᠡ ᠡᠷᠦᠭᠡ᠎ᠪᠡᠨ ᠰᠠᠢᠲᠤᠷ ᠰᠠᠬᠢᠬᠤ᠂ ᠡᠬᠡ ᠤᠯᠤᠰ᠎ᠤᠨ ᠬᠢᠯᠢ ᠬᠢᠵᠠᠭᠠᠷ᠎ᠢᠶᠠᠨ ᠰᠠᠢᠲᠤᠷ ᠰᠠᠬᠢᠬᠤ᠂ ᠥᠪᠥᠷ ᠮᠣᠩᠭᠣᠯ᠎ᠤᠨ ᠴᠥᠭᠡᠨ ᠲᠣᠭᠠᠲᠤ ᠦᠨᠳᠦᠰᠦᠲᠡᠨ᠎ᠦ ᠰᠠᠢᠨ ᠰᠠᠢᠬᠠᠨ ᠤᠶᠤᠨ ᠰᠠᠨᠠᠭᠠᠨ᠎ᠤ ᠭᠡᠷ ᠣᠷᠣᠨ᠎ᠢᠶᠠᠨ ᠰᠠᠢᠲᠤᠷ ᠰᠠᠬᠢᠬᠤ᠎ᠶᠢ ᠬᠡᠯᠡᠵᠦ ᠪᠠᠢᠨ᠎ᠠ; ᠪᠠᠷᠠᠯᠠᠬᠤ ᠭᠡᠳᠡᠭ ᠨᠢ ᠳᠠᠷᠤᠢ ᠥᠨᠳᠥᠷ᠎ᠲᠦ ᠵᠣᠭᠰᠣᠨ ᠠᠯᠤᠰ᠎ᠢ ᠪᠠᠷᠠᠯᠠᠵᠤ᠂ ᠠᠵᠢᠯ ᠦᠢᠯᠡᠰ᠎ᠢᠶᠡᠨ ᠲᠥᠯᠥᠪᠵᠢᠭᠦᠯᠦᠨ᠂ ᠬᠥᠭᠵᠢᠯᠲᠡ᠎ᠶᠢ ᠡᠷᠢᠯᠬᠢᠯᠡᠬᠦ᠎ᠳᠦ ᠲᠤᠬᠠᠢ᠎ᠶᠢᠨ ᠭᠠᠵᠠᠷ᠎ᠠᠴᠠ᠎ᠪᠠᠨ ᠭᠠᠷᠴᠤ᠂ ᠪᠠᠢᠭᠠᠯᠢ᠎ᠶᠢᠨ ᠨᠥᠬᠥᠴᠡᠯ᠎ᠦᠨ ᠬᠢᠵᠠᠭᠠᠷᠯᠠᠯ᠎ᠢ ᠳᠠᠪᠠᠵᠤ᠂ ᠥᠪᠥᠷ ᠮᠣᠩᠭᠣᠯ᠎ᠠᠴᠠ᠎ᠪᠠᠨ ᠭᠠᠷᠴᠤ᠂ ᠥᠷᠭᠡᠨ ᠠᠭᠤᠳᠠᠮ ᠳᠡᠯᠡᠬᠡᠢ᠎ᠶᠢᠨ ᠬᠠᠷᠠᠴᠠ ᠲᠠᠢ᠂ ᠶᠡᠬᠡ ᠲᠠᠯᠠᠲᠤ ᠤᠬᠠᠮᠰᠠᠷ᠎ᠲᠠᠢ ᠪᠠᠢᠬᠤ᠎ᠶᠢ ᠬᠡᠯᠡᠵᠦ ᠪᠠᠢᠨ᠎ᠠ; ᠬᠠᠷᠢᠯᠴᠠᠨ ᠬᠠᠪᠰᠤᠷᠤᠯᠴᠠᠬᠤ ᠭᠡᠳᠡᠭ ᠨᠢ ᠳᠠᠷᠤᠢ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠡᠷᠬᠡ ᠲᠡᠭᠰᠢ ᠪᠦᠯᠬᠦᠮᠳᠡᠯ ᠲᠡᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠪᠠᠢᠬᠤ ᠦᠵᠡᠯ ᠰᠠᠨᠠᠭ᠎ᠠ᠎ᠶᠢ ᠪᠠᠲᠤ ᠪᠡᠬᠢᠵᠢᠭᠦᠯᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠢᠭ᠍ᠲᠠᠷᠠᠨ ᠪᠦᠯᠬᠦᠮᠳᠡᠵᠦ᠂ ᠡᠬᠡ ᠣᠷᠣᠨ᠎ᠤ᠎ᠪᠠᠨ ᠬᠢᠯᠢ ᠬᠢᠵᠠᠭᠠᠷ᠎ᠢ ᠬᠠᠮᠲᠤ᠎ᠪᠠᠷ ᠰᠠᠬᠢᠨ ᠬᠠᠮᠠᠭᠠᠯᠠᠵᠤ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠪᠠᠶ᠋ᠢᠭᠤᠯᠬᠤ᠎ᠶᠢ ᠬᠡᠯᠡᠵᠦ ᠪᠠᠢᠨ᠎ᠠ᠃
118 ᠲᠦᠮᠡ ᠭᠠᠷᠤᠢ ᠺᠦᠸᠠᠳ᠋ ᠺᠢᠯᠣᠮᠧᠲᠷ ᠥᠷᠭᠡᠨ ᠠᠭᠤᠳᠠᠮ ᠤᠮᠠᠷᠠᠲᠤ ᠬᠢᠵᠠᠭᠠᠷ ᠪᠣᠯ ᠥᠪᠥᠷ ᠮᠣᠩᠭᠣᠯ᠎ᠤᠨ 2400 ᠲᠦᠮᠡᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠬᠦ᠎ᠶᠢᠨ ᠬᠠᠯᠠᠭᠤᠨ ᠬᠥᠷᠥᠰᠥ ᠪᠣᠯᠣᠨ᠎ᠠ
ᠠᠯᠠᠱᠠ ᠠᠢᠮᠠᠭ᠎ᠤᠨ ᠪᠠᠳᠠᠢ᠎ᠶᠢᠨ ᠵᠢᠷᠠᠨ᠎ᠤ ᠡᠯᠡᠰᠦᠨ᠎ᠦ ᠬᠣᠢᠲᠤ ᠵᠠᠬ᠎ᠠ᠎ᠳᠤ᠂ ᠰᠢᠦᠢ ᠨᠠᠢ ᠴᠤᠤ 3145 ᠺᠦᠸᠠᠳ᠋ ᠺᠢᠯᠣᠮᠧᠲᠷ᠎ᠤᠨ ᠬᠢᠯᠢ᠎ᠶᠢᠨ ᠬᠠᠮᠢᠶᠠᠷᠤᠯᠲᠠ᠎ᠶᠢᠨ ᠣᠷᠣᠨ ᠪᠠ 103.217 ᠺᠢᠯᠣᠮᠧᠲᠷ᠎ᠤᠨ ᠬᠢᠯᠢ᠎ᠶᠢᠨ ᠱᠤᠭᠤᠮ᠎ᠤᠨ ᠬᠢᠯᠢ᠎ᠶᠢᠨ ᠬᠠᠮᠢᠶᠠᠷᠤᠯᠲᠠ ᠪᠠ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶᠢᠨ ᠡᠭᠦᠷᠭᠡ᠎ᠶᠢ ᠡᠭᠦᠷᠭᠡᠯᠡᠵᠦ ᠪᠤᠢ᠃ ᠲᠡᠷᠡ ᠡᠬᠡᠨᠡᠷ ᠲᠠᠢ᠎ᠪᠡᠨ ᠬᠠᠮᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ 《ᠬᠢᠯᠢ ᠰᠠᠬᠢᠭ᠍ᠴᠢ ᠡᠷ᠎ᠡ ᠡᠮ᠎ᠡ᠎ᠶᠢᠨ ᠴᠠᠭᠳᠠᠭᠠᠨ᠎ᠤ ᠶᠠᠪᠤᠳᠠᠯ᠎ᠤᠨ ᠲᠠᠰᠤᠭ》᠎ᠢ ᠪᠠᠢᠭᠤᠯᠪᠠ᠃
ᠥᠪᠥᠷ ᠮᠣᠩᠭᠣᠯ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠡᠨ ᠬᠠᠮᠲᠤᠳᠬᠠᠨ ᠬᠢᠯᠢ ᠬᠢᠵᠠᠭᠠᠷ ᠣᠷᠣᠨ᠎ᠢᠶᠠᠨ ᠬᠦᠴᠦᠷᠬᠡᠭᠵᠢᠭᠦᠯᠵᠦ ᠬᠠᠮᠠᠭᠠᠯᠠᠯᠲᠠ᠎ᠪᠠᠨ ᠪᠡᠬᠢᠵᠢᠭᠦᠯᠬᠦ᠎ᠶᠢ ᠪᠠᠷᠢᠮᠲᠠᠯᠠᠵᠤ᠂ ᠡᠬᠡ ᠤᠯᠤᠰ᠎ᠤᠨ 《ᠤᠮᠠᠷᠠᠲᠤ ᠶᠡᠬᠡ ᠬᠠᠭᠠᠯᠭ᠎ᠠ》᠎ᠶᠢ ᠰᠠᠢᠲᠤᠷ ᠰᠠᠬᠢᠵᠤ᠂ ᠨᠡᠢᠰᠯᠡᠯ᠎ᠦᠨ 《ᠬᠤᠳᠠ᠎ᠶᠢ ᠬᠠᠮᠠᠭᠠᠯᠠᠬᠤ ᠭᠣᠣᠯ》᠎ᠢ ᠰᠠᠢᠲᠤᠷ ᠪᠠᠢᠭᠤᠯᠵᠤ ᠪᠠᠢᠨ᠎ᠠ᠃ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶᠢ ᠦᠢᠯᠡᠳᠦᠯᠭᠡᠵᠢᠭᠦᠯᠵᠦ᠂ ᠤᠮᠠᠷᠠᠲᠤ ᠬᠢᠵᠠᠭᠠᠷ᠎ᠤᠨ ᠰᠣᠶᠣᠯ᠎ᠢᠶᠠᠷ ᠭᠠᠷᠳᠠᠴᠠ ᠪᠣᠯᠭᠠᠨ ᠡᠯ᠎ᠡ ᠦᠨᠳᠦᠰᠦᠲᠡᠨ᠎ᠳᠦ ᠳᠤᠮᠳᠠᠳᠤ᠎ᠶᠢᠨ ᠰᠣᠶᠣᠯ᠎ᠢ ᠤᠯᠠᠮ ᠮᠡᠳᠡᠷᠡᠭᠦᠯᠵᠦ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠤᠨ ᠦᠵᠡᠯᠲᠡ᠎ᠶᠢ ᠪᠣᠢ ᠪᠣᠯᠭᠠᠨ ᠦᠢᠯᠡᠳᠦᠯᠭᠡᠵᠢᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ᠎ᠢ ᠪᠦᠭᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠬᠡᠷᠡᠭᠯᠡᠬᠦ᠎ᠶᠢ ᠪᠦᠭᠦ ᠲᠠᠯ᠎ᠠ᠎ᠪᠠᠷ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ ᠪᠤᠢ᠃
《ᠰᠠᠬᠢᠬᠤ》 ᠠᠵᠢᠯ᠎ᠢ ᠰᠠᠢᠲᠤᠷ ᠬᠢᠬᠦ᠎ᠶᠢᠨ ᠬᠠᠮᠲᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠥᠨᠳᠥᠷ᠎ᠲᠦ ᠵᠣᠭᠰᠣᠨ ᠠᠯᠤᠰ᠎ᠢ ᠪᠠᠷᠠᠯᠠᠵᠤ᠂ ᠤᠯᠤᠰ᠎ᠤᠨ ᠬᠥᠭᠵᠢᠯᠲᠡ᠎ᠶᠢᠨ ᠪᠦᠭᠦ ᠲᠠᠯ᠎ᠠ᠎ᠳᠤ ᠰᠠᠭᠤᠷᠢᠯᠠᠨ᠎ᠠ
《ᠪᠠᠷᠠᠯᠠᠬᠤ》᠎ᠶᠢᠨ ᠪᠠᠭᠲᠠᠭᠠᠮᠵᠢ᠎ᠪᠠᠷ ᠲᠤᠬᠠᠢ᠎ᠶᠢᠨ ᠭᠠᠵᠠᠷ᠎ᠠᠴᠠ᠎ᠪᠠᠨ ᠭᠠᠷᠴᠤ ᠬᠥᠭᠵᠢᠯᠲᠡ᠎ᠶᠢ ᠡᠷᠢᠯᠬᠢᠯᠡᠨ᠎ᠡ
《ᠪᠠᠷᠠᠯᠠᠬᠤ》᠎ᠶᠢᠨ ᠬᠠᠷᠠᠴᠠ᠎ᠪᠠᠷ ᠬᠢᠵᠠᠭᠠᠷᠯᠠᠯ᠎ᠠᠴᠠ ᠳᠠᠪᠠᠵᠤ ᠰᠢᠨ᠎ᠡ ᠵᠠᠮ᠎ᠢᠶᠠᠷ ᠵᠠᠮᠨᠠᠨ᠎ᠠ
《ᠪᠠᠷᠠᠯᠠᠬᠤ》᠎ᠶᠢᠨ ᠡᠭᠦᠷᠭᠡᠯᠡᠯ᠎ᠢᠶᠡᠷ ᠥᠪᠥᠷ ᠮᠣᠩᠭᠣᠯ᠎ᠠᠴᠠ ᠭᠠᠷᠴᠤ ᠭᠠᠪᠢᠶ᠎ᠠ ᠵᠢᠳᠬᠦᠯ ᠦᠵᠡᠭᠦᠯᠦᠨ᠎ᠡ
ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠂ ᠡᠨᠧᠷᠭᠢ᠎ᠶᠢᠨ ᠠᠮᠤᠷ ᠲᠦᠪᠰᠢᠨ᠂ ᠠᠵᠤ ᠦᠢᠯᠡᠰ᠎ᠦᠨ ᠠᠮᠤᠷ ᠲᠦᠪᠰᠢᠨ᠂ ᠠᠮᠢ ᠠᠬᠤᠢ᠎ᠶᠢᠨ ᠠᠮᠤᠷ ᠲᠦᠪᠰᠢᠨ ᠪᠠ ᠬᠢᠯᠢ ᠬᠢᠵᠠᠭᠠᠷ᠎ᠤᠨ ᠠᠮᠤᠷ ᠲᠦᠪᠰᠢᠨ᠎ᠢ ᠪᠠᠲᠤᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠨ᠎ᠡ
ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠬᠦᠳᠦᠪᠡᠨ 《ᠰᠠᠬᠢᠬᠤ》 ᠪᠠ 《ᠪᠠᠷᠠᠯᠠᠬᠤ》 ᠠᠵᠢᠯ᠎ᠢ ᠰᠠᠢᠲᠤᠷ ᠬᠢᠬᠦ᠎ᠪᠡᠷ ᠦᠯᠦ ᠪᠠᠷᠠᠨ᠂《ᠬᠠᠷᠢᠯᠴᠠᠨ ᠬᠠᠪᠰᠤᠷᠤᠯᠴᠠᠬᠤ》 ᠠᠵᠢᠯ᠎ᠢ ᠨᠢᠭᠡ ᠯᠡ ᠠᠳᠠᠯᠢ᠎ᠪᠠᠷ ᠴᠢᠬᠤᠯᠠᠴᠢᠯᠠᠨ᠎ᠠ᠃
ᠡᠨᠡ ᠬᠦ᠌ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ᠂ ᠳᠤᠮᠳᠠᠴᠢ᠎ᠪᠠᠷ 8 ᠭᠡᠷ ᠪᠦᠯᠢ᠎ᠶᠢᠨ 1 ᠨᠢ ᠤᠯᠠᠨ ᠦᠨᠳᠦᠰᠦᠲᠡᠨ ᠠᠭᠤᠰᠤᠯᠴᠠᠭᠰᠠᠨ ᠭᠡᠷ ᠪᠦᠯᠢ ᠪᠣᠯᠣᠨ᠎ᠠ᠂ ᠤᠯᠠᠨ᠎ᠢᠶᠠᠷ᠎ᠢᠶᠠᠨ ᠬᠠᠷᠢᠯᠴᠠᠨ ᠣᠢᠯᠠᠭᠠᠯᠴᠠᠵᠤ᠂ ᠬᠠᠷᠢᠯᠴᠠᠨ ᠭᠦᠨᠳᠦᠳᠭᠡᠵᠦ᠂ ᠬᠠᠷᠢᠯᠴᠠᠨ ᠪᠠᠭᠲᠠᠭᠠᠵᠤ᠂ ᠬᠠᠷᠢᠯᠴᠠᠨ ᠪᠠᠬᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠤᠯᠴᠠᠵᠤ᠂ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠵᠦ ᠪᠤᠢ
2024 ᠣᠨ᠎ᠳᠤ ᠥᠪᠥᠷ ᠮᠣᠩᠭᠣᠯ᠎ᠤᠨ ᠠᠵᠤ ᠠᠬᠤᠢ᠎ᠶᠢᠨ ᠶᠡᠷᠦᠩᠬᠡᠢ ᠬᠡᠮᠵᠢᠶ᠎ᠡ ᠪᠦᠭᠦ ᠤᠯᠤᠰ᠎ᠤᠨ ᠳᠤᠮᠳᠠ ᠲᠦᠪᠰᠢᠨ᠎ᠳᠦ ᠣᠷᠣᠵᠤ᠂ ᠠᠵᠤ ᠠᠬᠤᠢ ᠨᠡᠢᠭᠡᠮ᠎ᠦᠨ ᠡᠯ᠎ᠡ ᠵᠦᠢᠯ᠎ᠦᠨ ᠠᠵᠢᠯ ᠰᠢᠨ᠎ᠡ ᠠᠬᠢᠴᠠ᠂ ᠰᠢᠨ᠎ᠡ ᠰᠢᠪᠲᠤᠯᠤᠯᠲᠠ ᠲᠠᠢ ᠪᠣᠯᠵᠤ᠂ ᠡᠬᠡ ᠤᠯᠤᠰ᠎ᠤᠨ ᠤᠮᠠᠷᠠᠲᠤ ᠬᠢᠵᠠᠭᠠᠷ᠎ᠤᠨ ᠨᠠᠩ ᠰᠠᠢᠬᠠᠨ ᠦᠵᠡᠮᠵᠢ᠎ᠪᠡᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠣᠯᠠᠨ ᠶᠠᠩᠵᠤᠳᠤ ᠬᠦᠴᠦᠨ ᠨᠡᠮᠡᠷᠢᠯᠡᠵᠦ ᠪᠠᠢᠨ᠎ᠠ
ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ ᠡᠶᠡᠯᠰᠡᠭ ᠨᠠᠢᠷᠰᠠᠭ᠎ᠢᠶᠠᠷ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠳᠤᠮᠳᠠᠳᠤ᠎ᠶᠢᠨ ᠦᠨᠳᠦᠰᠦᠲᠡᠨ᠎ᠦ ᠬᠦᠴᠦᠷᠬᠡᠭ ᠶᠡᠬᠡ ᠲᠥᠪᠯᠡᠷᠡᠯ ᠬᠦᠴᠦᠨ᠎ᠢ ᠬᠠᠷᠠᠭᠤᠯᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠪᠦᠯᠬᠦᠮᠳᠡᠨ ᠨᠢᠭ᠍ᠲᠠᠷᠠᠭᠰᠠᠨ᠂ ᠡᠷᠴᠢ ᠵᠣᠷᠢᠭ᠋᠎ᠢᠶᠠᠨ ᠬᠥᠪᠴᠢᠯᠡᠭᠰᠡᠨ ᠴᠤᠭ ᠪᠠᠳᠠᠷᠠᠩᠭᠤᠢ ᠳᠦᠷᠰᠦ ᠪᠠᠢᠳᠠᠯ᠎ᠢ ᠬᠠᠷᠠᠭᠤᠯᠤᠨ᠎ᠠ