ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠦᠨᠳᠦᠰᠦᠲᠡᠨ᠎ᠦ ᠥᠰᠥᠭ ᠪᠢᠴᠢᠭ᠎ᠦᠨ ᠡᠷᠲᠠᠨ᠎ᠦ ᠰᠤᠷᠪᠤᠯᠵᠢ ᠪᠢᠴᠢᠭ᠎ᠦᠨ ᠲᠣᠭᠠᠴᠢᠯᠠᠯᠳᠠ᠎ᠶᠢᠨ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2025-09-19

 

9 ᠰᠠᠷ᠎ᠠ᠎ᠶᠢᠨ 17᠎ᠠᠴᠠ 19᠎ᠤ ᠡᠳᠦᠷ ᠪᠣᠯᠲᠠᠯ᠎ᠠ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠪᠥᠬᠥ᠌ ᠤᠯᠤᠰ᠎ᠤᠨ ᠴᠥᠭᠡᠨ ᠲᠣᠭᠠᠲᠤ᠌ ᠦᠨᠳᠦᠰᠦᠲᠡᠨ᠎ᠦ ᠡᠷᠲᠠᠨ᠎ᠦ ᠰᠤᠷᠪᠤᠯᠵᠢ ᠪᠢᠴᠢᠭ᠎ᠢ ᠡᠮᠬᠢᠯᠡᠨ ᠰᠤᠳᠤᠯᠬᠤ ᠲᠠᠰᠤᠭ᠎ᠠᠴᠠ ᠵᠢᠯᠣᠭᠣᠳᠴᠤ᠌᠂ ᠤᠯᠤᠰ᠎ᠤᠨ ᠨᠣᠮ᠎ᠤᠨ ᠰᠠᠩ ( ᠤᠯᠤᠰ᠎ᠤᠨ ᠡᠷᠲᠠᠨ᠎ᠦ ᠰᠤᠷᠪᠤᠯᠵᠢ ᠪᠢᠴᠢᠭ᠎ᠦᠨ ᠬᠠᠮᠠᠭᠠᠯᠠᠯᠲᠠ᠎ᠶᠢᠨ ᠲᠥᠪ )᠎ᠡᠴᠠ ᠭᠤᠤᠯᠯᠠᠨ ᠡᠷᠭᠢᠯᠡᠭᠰᠡᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠦᠨᠳᠦᠰᠦᠲᠡᠨ᠎ᠦ ᠥᠰᠥᠭ ᠪᠢᠴᠢᠭ᠎ᠦᠨ ᠡᠷᠲᠠᠨ᠎ᠦ ᠰᠤᠷᠪᠤᠯᠵᠢ ᠪᠢᠴᠢᠭ᠎ᠦᠨ ᠲᠣᠭᠠᠴᠢᠯᠠᠯᠳᠠ᠎ᠶᠢᠨ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ᠃ ᠪᠥᠬᠥ᠌ ᠤᠯᠤᠰ᠎ᠤᠨ 18 ᠮᠤᠵᠢ ( ᠣᠷᠣᠨ᠂ ᠬᠣᠲᠠ )ᠵᠢᠨ ᠦᠨᠳᠦᠰᠦᠲᠡᠨ᠎ᠦ ᠥᠰᠥᠭ ᠪᠢᠴᠢᠭ᠎ᠦᠨ ᠡᠷᠲᠠᠨ᠎ᠦ ᠰᠤᠷᠪᠤᠯᠵᠢ ᠪᠢᠴᠢᠭ᠎ᠢ ᠬᠣᠷᠢᠶᠠᠨ ᠬᠠᠳᠠᠭᠠᠯᠠᠬᠤ ᠨᠢᠭᠡᠴᠢ᠂ ᠶᠠᠬᠡ ᠳᠡᠭᠡᠳᠦ ᠰᠤᠷᠭᠠᠭᠤᠯᠢ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠢᠴᠢ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠰᠢᠰᠲ᠋ᠧᠮ ᠵᠡᠷᠭᠡ᠎ᠶᠢᠨ 120 ᠭᠠᠷᠤᠶ ᠰᠣᠷᠣᠯᠭᠠᠳᠡᠨ ᠪᠣᠯᠪᠠᠰᠤᠷᠠᠯ᠎ᠳᠤ ᠣᠷᠣᠯᠴᠠᠵᠠᠢ᠃

ᠤᠢᠯᠠᠭᠠᠭᠰᠠᠨ᠎ᠢᠶᠡᠷ᠂ ᠲᠣᠰ ᠤᠳᠠᠭ᠎ᠠ᠎ᠶᠢᠨ ᠪᠣᠯᠪᠠᠰᠤᠷᠠᠯ᠎ᠳᠤ ᠪᠥᠬᠥ᠌ ᠤᠯᠤᠰ᠎ᠤᠨ ᠴᠥᠭᠡᠨ ᠲᠣᠭᠠᠲᠤ᠌ ᠦᠨᠳᠦᠰᠦᠲᠡᠨ᠎ᠦ ᠡᠷᠲᠠᠨ᠎ᠦ ᠰᠤᠷᠪᠤᠯᠵᠢ ᠪᠢᠴᠢᠭ᠎ᠢ ᠡᠮᠬᠢᠯᠡᠨ ᠰᠤᠳᠤᠯᠬᠤ ᠲᠠᠰᠤᠭ᠂ ᠤᠯᠤᠰ᠎ᠤᠨ ᠨᠣᠮ᠎ᠤᠨ ᠰᠠᠩ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠵᠡᠷᠭᠡ ᠨᠢᠭᠡᠴᠢ᠎ᠶᠢᠨ 10 ᠲᠤᠰᠬᠠᠶ ᠮᠡᠷᠭᠡᠵᠢᠯᠲᠡᠨ ᠡᠷᠳᠡᠮᠲᠡᠨ᠎ᠢ ᠤᠷᠢᠵᠤ᠂ ᠡᠷᠲᠠᠨ᠎ᠦ ᠰᠤᠷᠪᠤᠯᠵᠢ ᠪᠢᠴᠢᠭ᠎ᠢ ᠲᠣᠭᠠᠴᠢᠯᠠᠬᠤ ᠬᠠᠮᠢᠶ᠎ᠠ ᠪᠦᠬᠦᠢ ᠭᠤᠤᠯ ᠰᠡᠳᠦᠪ᠎ᠦᠨ ᠲᠣᠭᠣᠷᠢᠨ᠎ᠳᠤ᠂ 《ᠡᠷᠲᠠᠨ᠎ᠦ ᠰᠤᠷᠪᠤᠯᠵᠢ ᠪᠢᠴᠢᠭ᠎ᠢ ᠠᠭᠤᠳᠠᠯᠬᠤ ᠥᠷᠲᠡᠭ᠂ AI ᠮᠡᠷᠭᠡᠵᠢᠯ᠎ᠢᠶᠠᠷ ᠬᠦᠴᠦᠨ ᠨᠡᠮᠡᠷᠢᠯᠡᠬᠦ》᠂ 《 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠭᠣᠣᠯ ᠰᠢᠵᠢᠮ᠎ᠦᠨ ᠲᠣᠭᠣᠷᠢᠨ᠎ᠳᠤ ᠰᠢᠨ᠎ᠡ ᠴᠠᠭ ᠦᠶ᠎ᠡ᠎ᠶᠢᠨ ᠴᠥᠭᠡᠨ ᠲᠣᠭᠠᠲᠤ᠌ ᠦᠨᠳᠦᠰᠦᠲᠡᠨ᠎ᠦ ᠡᠷᠲᠠᠨ᠎ᠦ ᠰᠤᠷᠪᠤᠯᠵᠢ ᠪᠢᠴᠢᠭ᠎ᠦᠨ ᠠᠵᠢᠯ᠎ᠢ ᠬᠡᠷᠬᠢᠨ ᠰᠠᠶ᠋ᠢᠲᠤᠷ ᠬᠢᠬᠦ᠌ ᠲᠤᠬᠠᠢ》᠂ 《〈ᠳᠤᠮᠳᠠᠳᠤ᠎ᠶᠢᠨ ᠡᠷᠲᠠᠨ᠎ᠦ ᠰᠤᠷᠪᠤᠯᠵᠢ ᠪᠢᠴᠢᠭ᠎ᠢ ᠬᠠᠮᠠᠭᠠᠯᠠᠬᠤ ᠲᠥᠯᠥᠪᠯᠡᠭᠡ〉 ᠬᠢᠭᠡᠳ ᠦᠨᠳᠦᠰᠦᠲᠡᠨ᠎ᠦ ᠦᠰᠦᠭ ᠪᠢᠴᠢᠭ᠎ᠦᠨ ᠡᠷᠲᠠᠨ᠎ᠦ ᠰᠤᠷᠪᠤᠯᠵᠢ ᠪᠢᠴᠢᠭ᠎ᠢ ᠬᠠᠮᠠᠭᠠᠯᠠᠬᠤ ᠠᠵᠢᠯ 》᠂ 《 ᠦᠨᠳᠦᠰᠦᠲᠡᠨ᠎ᠦ ᠦᠰᠦᠭ ᠪᠢᠴᠢᠭ᠎ᠦᠨ ᠡᠷᠲᠡᠨ᠎ᠦ ᠰᠤᠷᠪᠤᠯᠵᠢ ᠪᠢᠴᠢᠭ᠎ᠢ ᠲᠣᠭᠠᠴᠢᠯᠠᠨ ᠡᠮᠬᠢᠯᠡᠬᠦ᠌ ᠪᠠ ᠳᠡᠯᠭᠡᠷᠡᠭᠦᠯᠦᠨ ᠬᠡᠷᠡᠭᠯᠡᠬᠦ᠌ ᠠᠷᠭ᠎ᠠ ᠪᠤᠳᠤᠯᠭ᠎ᠠ 》᠂ 《ᠮᠣᠩᠭᠣᠯ ᠬᠡᠯᠡᠨ᠎ᠦ ᠡᠷᠲᠠᠨ᠎ᠦ ᠰᠤᠷᠪᠤᠯᠵᠢ ᠪᠢᠴᠢᠭ᠎ᠢ ᠲᠣᠭᠠᠴᠢᠯᠠᠬᠤ ᠬᠠᠮᠢᠶ᠎ᠠ ᠪᠦᠬᠦᠢ ᠰᠤᠳᠤᠯᠭᠠᠨ᠎ᠤ ᠠᠬᠢᠴᠠ 》 ᠵᠡᠷᠭᠡ ᠰᠡᠳᠦᠪ᠎ᠢᠶᠡᠷ᠂ ᠡᠷᠲᠡᠨ᠎ᠦ ᠰᠤᠷᠪᠤᠯᠵᠢ ᠪᠢᠴᠢᠭ᠎ᠦᠨ ᠲᠣᠭᠠᠴᠢᠯᠠᠯᠳᠠ᠎ᠶᠢᠨ ᠬᠠᠮᠢᠶ᠎ᠠ ᠪᠦᠬᠦᠢ ᠲᠥᠷᠥ ᠎ᠶᠢᠨ ᠪᠣᠳᠣᠯᠭ᠎ᠠ ᠪᠠ ᠲᠤᠰᠬᠠᠶ ᠮᠡᠷᠭᠡᠵᠢᠯ᠎ᠦᠨ ᠮᠡᠳᠡᠯᠭᠡ᠎ᠶᠢ ᠰᠢᠰᠲ᠋ᠧᠮ ᠎ᠲᠡᠶ ᠵᠢᠭᠠᠪᠠ᠃

ᠲᠤᠰ ᠤᠳᠠᠭ᠎ᠠ᠎ᠶᠢᠨ ᠪᠣᠯᠪᠠᠰᠤᠷᠠᠯ ᠪᠣᠯ ᠨᠠᠮ᠎ᠤᠨ ᠲᠥᠪ ᠬᠣᠷᠢᠶ᠎ᠠ᠎ᠶᠢᠨ ᠠᠯᠪᠠᠨ ᠲᠢᠩᠬᠢᠮ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ᠎ᠦᠨ《ᠰᠢᠨ᠎ᠡ ᠴᠠᠭ ᠦᠶ᠎ᠡ᠎ᠶᠢᠨ ᠡᠷᠲᠠᠨ᠎ᠦ ᠰᠤᠷᠪᠤᠯᠵᠢ ᠪᠢᠴᠢᠭ᠎ᠦᠨ ᠠᠵᠢᠯ᠎ᠢ ᠠᠬᠢᠭᠤᠯᠬᠤ ᠲᠤᠬᠠᠢ ᠰᠠᠨᠠᠯ 》 ᠳ᠋ᠡᠬᠢ 《 ᠡᠷᠲᠠᠨ᠎ᠦ ᠰᠤᠷᠪᠤᠯᠵᠢ ᠪᠢᠴᠢᠭ᠎ᠦᠨ ᠡᠬᠢ ᠪᠠᠶᠠᠯᠢᠭ᠎ᠢ ᠣᠨᠳᠣᠣᠰᠢᠭᠤᠯᠤᠨ ᠠᠰᠢᠭᠯᠠᠬᠤ ᠎ᠶᠢ ᠲᠦᠷᠭᠡᠳᠬᠡᠬᠦ᠌》ᠱᠠᠭᠠᠷᠳᠠᠯᠭ᠎ᠠ ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠳᠠᠲᠠᠢ ᠦᠢᠯᠡᠳᠦᠯᠭᠡ ᠪᠣᠯᠤᠨ᠎ᠠ᠃ ᠲᠡᠭᠦᠨ᠎ᠤ ᠭᠣᠣᠯ ᠬᠠᠷᠠᠯᠲᠠ ᠨᠢ ᠪᠦᠬᠦ᠌ ᠤᠯᠤᠰ᠎ᠤᠨ ᠦᠨᠳᠦᠰᠦᠲᠡᠨ᠎ᠦ ᠦᠰᠦᠭ ᠪᠢᠴᠢᠭ᠎ᠦᠨ ᠡᠷᠲᠠᠨ᠎ᠦ ᠰᠤᠷᠪᠤᠯᠵᠢ ᠪᠢᠴᠢᠭ᠎ᠢ ᠠᠪᠤᠷᠠᠨ ᠬᠠᠮᠠᠭᠠᠯᠠᠬᠤ ᠪᠠ ᠲᠣᠭᠠᠴᠢᠯᠠᠠ ᠠᠰᠢᠭᠯᠠᠬᠤ᠎ᠶᠢ ᠨᠢᠭᠡᠳᠦᠯᠲᠡᠢ ᠲᠥᠯᠥᠪᠵᠢᠭᠦᠯᠵᠦ᠍᠂ ᠬᠠᠮᠢᠶ᠎ᠠ ᠪᠦᠬᠦᠢ ᠠᠵᠢᠯᠳᠠᠨ᠎ᠤ ᠲᠣᠭᠠᠴᠢᠯᠠᠯᠳᠠ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢ᠎ᠶᠢ ᠳᠡᠭᠡᠭᠰᠢᠯᠡᠭᠦᠯᠬᠦ᠌᠎ᠪᠡᠷ ᠳᠠᠮᠵᠢᠨ ᠡᠷᠲᠠᠨ᠎ᠦ ᠰᠤᠷᠪᠤᠯᠵᠢ ᠪᠢᠴᠢᠭ᠎ᠢ ᠬᠠᠮᠠᠭᠠᠯᠠᠬᠤ ᠪᠠ ᠠᠮᠢᠳᠤᠯᠢᠭ ᠠᠰᠢᠭᠯᠠᠬᠤ ᠲᠦᠪᠰᠢᠨ᠎ᠢ ᠳᠡᠭᠡᠭᠰᠢᠯᠡᠬᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠤᠯᠠᠮ ᠪᠠᠲᠤ᠌ ᠴᠤᠭᠴᠠᠯᠠᠵᠤ᠂ ᠦᠨᠳᠦᠰᠦᠲᠡᠨ᠎ᠤ ᠰᠣᠶᠣᠯ᠎ᠤᠨ ᠬᠥᠭᠵᠢᠯ ᠴᠡᠴᠡᠭᠯᠡᠯ᠎ᠢ ᠠᠬᠢᠭᠤᠯᠬᠤ᠂ ᠡᠯ᠎ᠡ ᠦᠨᠳᠦᠰᠦᠲᠡᠨ᠎ᠤ ᠪᠦᠯᠬᠦᠮᠳᠡᠯ ᠳᠠᠪᠰᠢᠯᠳᠠ᠎ᠶᠢ ᠠᠬᠢᠭᠤᠯᠬᠤ᠎ᠳᠤ ᠪᠠᠲᠤ᠌ ᠪᠡᠬᠢ ᠲᠤᠯᠭᠠᠭᠤᠷᠢᠯᠠᠯ ᠬᠠᠩᠭᠠᠬᠤ ᠶᠠᠪᠤᠳᠠᠯ ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ