ᠠᠷᠠᠳ᠎ᠤᠨ ᠡᠳᠦᠷ᠎ᠦᠨ ᠰᠣᠨᠢᠨ᠎ᠤ ᠣᠷᠳᠣᠰ᠎ᠤᠨ 9 ᠳ᠋ᠦ᠍ᠭᠡᠷ ᠰᠠᠷ᠎ᠠ᠎ᠶᠢᠨ 18 ᠤ ᠡᠳᠦᠷ᠎ᠦᠨ ᠮᠡᠳᠡᠭᠡ 9 ᠳ᠋ᠦ᠍ᠭᠡᠷ ᠰᠠᠷ᠎ᠠ᠎ᠶᠢᠨ 17 ᠤ ᠡᠳᠦᠷ᠂ ᠠᠷᠪᠠᠳᠤᠭᠠᠷ ᠬᠤᠭᠤᠴᠠᠭᠠᠨ᠎ᠤ ᠬᠥᠪᠴᠢ᠎ᠶᠢᠨ ᠣᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣᠰ ᠬᠣᠲᠠ᠎ᠳᠤ ᠲᠡᠭᠦᠰᠪᠡ᠃ ᠶᠠᠷᠢᠶᠠᠨ᠎ᠤ ᠲᠠᠪᠴᠠᠩ᠎ᠤᠨ ᠬᠤᠭᠤᠴᠠᠭᠠᠨ᠎ᠳᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠲᠤᠰᠬᠠᠢ ᠮᠡᠷᠭᠡᠵᠢᠯᠲᠡᠨ ᠡᠷᠳᠡᠮᠲᠡᠳ ᠠᠳᠠᠯᠢ ᠪᠤᠰᠤ ᠲᠦᠷᠦᠯ ᠬᠡᠯᠪᠡᠷᠢ᠎ᠶᠢᠨ ᠴᠦᠯᠡᠷᠭᠡᠭᠵᠢᠭᠰᠡᠨ ᠭᠠᠵᠠᠷ ᠰᠢᠷᠣᠢ᠎ᠶᠢ ᠵᠠᠰᠠᠬᠤ ᠮᠡᠷᠭᠡᠵᠢᠯ ᠪᠠ ᠰᠢᠨ᠎ᠡ ᠡᠭᠦᠳᠦᠯᠲᠡ ᠲᠡᠢ ᠬᠡᠷᠡᠭᠯᠡᠯᠲᠡ᠎ᠶᠢᠨ ᠦᠢᠯᠡᠳᠦᠯᠭᠡ᠎ᠶᠢ ᠳᠡᠯᠭᠡᠨ ᠦᠵᠡᠭᠦᠯᠵᠦ᠂ ᠣᠳᠣᠬᠠᠨ᠎ᠤ ᠴᠦᠯᠡᠷᠭᠡᠭᠵᠢᠯᠢ ᠰᠡᠷᠭᠡᠢᠯᠡᠨ ᠵᠠᠰᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠴᠢᠷ ᠠᠰᠠᠭᠤᠳᠠᠯ ᠵᠢᠴᠢ ᠲᠡᠭᠦᠨ᠎ᠢ ᠰᠢᠢᠳᠪᠦᠷᠢᠯᠡᠬᠦ ᠠᠷᠭ᠎ᠠ ᠵᠠᠮ᠎ᠢ ᠵᠠᠳᠠᠯᠵᠤ᠂ ᠠᠵᠤ ᠦᠢᠯᠡᠰ᠎ᠦᠨ ᠠᠭᠤᠰᠤᠯᠴᠠᠯ ᠪᠠ ᠲᠦᠷᠦ᠎ᠶᠢᠨ ᠪᠣᠳᠣᠯᠭ᠎ᠠ᠎ᠶᠢᠨ ᠬᠠᠮᠵᠢᠯᠴᠠᠭ᠎ᠠ᠎ᠶᠢ ᠠᠬᠢᠭᠤᠯᠬᠤ ᠪᠣᠳᠠᠲᠤ ᠬᠡᠷᠡᠭᠴᠡᠭᠡ᠎ᠶᠢ ᠰᠦᠪᠡᠭᠴᠢᠯᠡᠵᠦ᠂ ᠪᠦᠬᠦ ᠪᠥᠮᠪᠥᠷᠴᠡᠭ᠎ᠢᠶᠡᠷ᠎ᠢᠶᠡᠨ ᠬᠠᠮᠲᠤ᠎ᠪᠠᠷ ᠠᠷᠭᠠᠴᠠᠬᠤ ᠠᠷᠭ᠎ᠠ ᠪᠣᠳᠣᠯᠭ᠎ᠠ᠎ᠶᠢ ᠵᠥᠪᠯᠡᠵᠡᠭᠡᠪᠡ᠃ ᠬᠤᠷᠠᠯ᠎ᠳᠤ ᠣᠷᠣᠯᠴᠠᠭᠰᠠᠨ ᠡᠯ᠎ᠡ ᠲᠠᠯ᠎ᠠ᠎ᠶᠢᠨ ᠬᠢᠨ 《ᠠᠷᠪᠠᠳᠤᠭᠠᠷ ᠬᠤᠭᠤᠴᠠᠭᠠᠨ᠎ᠤ ᠬᠥᠪᠴᠢ᠎ᠶᠢᠨ ᠤᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ᠎ᠤᠨ ᠬᠠᠮᠲᠤ᠎ᠶᠢᠨ ᠲᠠᠨᠢᠯᠲᠠ》᠎ᠶᠢ ᠪᠦᠷᠢᠳᠦᠭᠦᠯᠪᠡ᠃
ᠬᠠᠮᠲᠤ᠎ᠶᠢᠨ ᠲᠠᠨᠢᠯᠲᠠ ᠨᠢ ᠪᠠᠢᠭᠠᠯᠢ᠎ᠶᠢ ᠬᠦᠨᠳᠦᠳᠬᠡᠬᠦ᠂ ᠰᠢᠨᠵᠢᠯᠡᠬᠦ ᠤᠬᠠᠭᠠᠨᠴᠢ᠎ᠪᠠᠷ ᠰᠡᠷᠭᠡᠢᠯᠡᠨ ᠵᠠᠰᠠᠬᠤ᠂ ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠪᠠᠢᠭᠠᠯᠢ᠎ᠶᠢᠨ ᠠᠮᠢ ᠠᠬᠤᠢ᠎ᠶᠢᠨ ᠰᠢᠰᠲᠧᠮ᠎ᠢ ᠬᠠᠮᠠᠭᠠᠯᠠᠬᠤ᠂ ᠲᠠᠴᠢᠷᠳᠠᠭᠰᠠᠨ ᠡᠯᠡᠰᠦᠷᠡᠭᠰᠡᠨ ᠭᠠᠵᠠᠷ ᠰᠢᠷᠣᠢ᠎ᠶᠢ ᠰᠡᠷᠭᠦᠭᠡᠬᠦ ᠪᠠ ᠠᠮᠢ ᠠᠬᠤᠢ᠎ᠶᠢᠨ ᠡᠬᠢ ᠪᠠᠶᠠᠯᠢᠭ᠋᠎ᠢ ᠵᠦᠢ ᠵᠣᠬᠢᠰᠲᠠᠢ ᠠᠰᠢᠭ᠍ᠯᠠᠬᠤ᠎ᠶᠢ ᠤᠶᠠᠯᠳᠤᠭᠤᠯᠵᠤ᠂ ᠤᠰᠤ᠎ᠪᠠᠷ ᠨᠣᠭᠣᠭᠠᠷᠠᠭᠤᠯᠤᠯᠲᠠ᠎ᠶᠢ ᠲᠣᠭᠲᠠᠭᠠᠬᠤ᠂ ᠭᠠᠵᠠᠷ ᠣᠷᠣᠨ᠎ᠤ ᠪᠠᠢᠳᠠᠯ᠎ᠳᠤ ᠨᠢ ᠲᠣᠬᠢᠷᠠᠭᠤᠯᠬᠤ᠂ ᠳᠦᠷᠦᠯ ᠬᠤᠪᠢᠶᠠᠨ ᠳᠦᠷᠦ᠎ᠶᠢᠨ ᠪᠣᠳᠣᠯᠭ᠎ᠠ ᠬᠡᠷᠡᠭᠵᠢᠭᠦᠯᠬᠦ᠎ᠶᠢ ᠪᠠᠷᠢᠮᠲᠠᠯᠠᠵᠤ᠂ ᠬᠥᠮᠥᠨ᠎ᠢᠶᠡᠷ ᠦᠨᠳᠦᠰᠦ ᠪᠣᠯᠭᠠᠬᠤ᠂ ᠬᠥᠨᠥᠭᠡᠯ᠎ᠢ ᠦᠨᠳᠦᠰᠦᠯᠡᠨ ᠰᠡᠷᠭᠡᠢᠯᠡᠯᠲᠡ ᠲᠣᠬᠢᠷᠠᠭᠤᠯᠬᠤ᠂ ᠨᠠᠷᠢᠯᠢᠭ᠋ ᠣᠨᠣᠴᠠᠲᠠᠢ᠎ᠪᠠᠷ ᠵᠠᠰᠠᠬᠤ᠎ᠶᠢ ᠪᠠᠷᠢᠮᠲᠠᠯᠠᠵᠤ᠂ ᠡᠯᠡᠰᠦ᠎ᠶᠢ ᠵᠠᠰᠠᠬᠤ ᠬᠢᠭᠡᠳ ᠪᠠᠶᠠᠵᠢᠭᠤᠯᠬᠤ᠎ᠶᠢ ᠬᠠᠮᠵᠢᠯᠴᠠᠭᠤᠯᠬᠤ᠎ᠶᠢ ᠪᠠᠷᠢᠮᠲᠠᠯᠠᠵᠤ᠂ ᠠᠵᠤ ᠦᠢᠯᠡᠰ᠎ᠦᠨ ᠠᠮᠢ ᠠᠬᠤᠶ᠋ᠢᠵᠢᠯᠲᠠ᠂ ᠠᠮᠢ ᠠᠬᠤᠢ᠎ᠶᠢᠨ ᠠᠵᠤ ᠦᠢᠯᠡᠰᠵᠢᠯᠲᠡ᠎ᠶᠢ ᠶᠡᠬᠡᠪᠡᠷ ᠠᠬᠢᠭᠤᠯᠵᠤ᠂ ᠠᠮᠢ ᠠᠬᠤᠢ᠂ ᠠᠵᠤ ᠠᠬᠤᠢ᠂ ᠠᠷᠠᠳ᠎ᠤᠨ ᠠᠮᠢᠳᠤᠷᠠᠯ᠎ᠤᠨ ᠲᠠᠯ᠎ᠠ᠎ᠪᠠᠷ ᠬᠢ ᠬᠠᠮᠲᠤ᠎ᠳᠤ᠎ᠪᠠᠨ ᠠᠰᠢᠭ᠋ ᠬᠦᠷᠳᠡᠬᠦ᠎ᠶᠢ ᠪᠡᠶᠡᠯᠡᠭᠦᠯᠬᠦ᠎ᠪᠡᠷ ᠵᠣᠷᠢᠵᠤ ᠪᠣᠢ᠃
ᠶᠠᠷᠢᠶᠠᠨ᠎ᠤ ᠲᠠᠪᠴᠠᠩ᠎ᠤᠨ ᠲᠡᠭᠦᠰᠬᠦ ᠶᠣᠰᠣᠯᠠᠯ᠎ᠳᠤ᠂ ᠳᠤᠮᠳᠠᠳᠤ ᠤᠯᠤᠰ — ᠳᠤᠮᠳᠠᠳᠤ ᠠᠽᠢᠶ᠎ᠠ᠎ᠶᠢᠨ ᠴᠦᠯᠡᠷᠭᠡᠭᠵᠢᠯᠢ ᠰᠡᠷᠭᠡᠢᠯᠡᠨ ᠵᠠᠰᠠᠬᠤ ᠬᠠᠮᠲᠤᠷᠠᠯᠴᠠᠭᠠᠨ᠎ᠤ ᠲᠥᠪ ᠨᠢ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠳᠤᠮᠳᠠᠳᠤ ᠠᠽᠢᠶ᠎ᠠ᠎ᠶᠢᠨ ᠠᠮᠢ ᠠᠬᠤᠢ ᠬᠢᠭᠡᠳ ᠣᠷᠴᠢᠨ ᠲᠣᠭᠣᠷᠢᠨ᠎ᠤ ᠰᠤᠳᠤᠯᠭᠠᠨ᠎ᠤ ᠲᠥᠪ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠰᠢᠨᠵᠢᠶᠠᠩ᠎ᠤᠨ ᠠᠮᠢ ᠠᠬᠤᠢ ᠬᠢᠭᠡᠳ ᠭᠠᠵᠠᠷ ᠵᠦᠢ᠎ᠶᠢᠨ ᠰᠤᠳᠤᠯᠭᠠᠨ᠎ᠤ ᠭᠠᠵᠠᠷ ᠯᠤᠭ᠎ᠠ 《ᠳᠤᠮᠳᠠᠳᠤ ᠤᠯᠤᠰ — ᠳᠤᠮᠳᠠᠳᠤ ᠠᠽᠢᠶ᠎ᠠ᠎ᠶᠢᠨ ᠴᠦᠯᠡᠷᠭᠡᠭᠵᠢᠯᠢ ᠰᠡᠷᠭᠡᠢᠯᠡᠨ ᠵᠠᠰᠠᠬᠤ ᠬᠠᠨᠢᠲᠠᠨ᠎ᠤ ᠬᠠᠷᠢᠯᠴᠠᠭ᠎ᠠ᠎ᠶᠢᠨ ᠰᠠᠨᠠᠭᠠᠴᠢᠯᠠᠭ᠎ᠠ》᠎ᠶᠢ ᠨᠡᠢᠲᠡᠯᠡᠪᠡ᠃