ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠲᠦᠷᠦᠭᠦᠸ᠋ 8 ᠰᠠᠷ᠎ᠠ᠎ᠳᠠᠬᠢ ᠮᠠᠨ᠎ᠤ ᠤᠯᠤᠰ᠎ᠤᠨ ᠲᠦᠷᠭᠡᠨ ᠬᠦᠷᠭᠡᠯᠲᠡ᠎ᠶᠢᠨ ᠲᠤᠬᠠᠢᠯᠠᠭᠰᠠᠨ ᠠᠵᠢᠯ᠎ᠤᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 17.8% ᠎ᠪᠠᠷ ᠨᠡᠮᠡᠭᠳᠡᠪᠡ
ᠨᠡᠶ᠋ᠢᠲᠡᠯᠡᠭᠰᠡᠨ ᠴᠠᠭ᠄ 2025-09-19

ᠠᠷᠠᠳ᠎ᠤᠨ ᠡᠳᠦᠷ᠎ᠦᠨ ᠰᠣᠨᠢᠨ᠎ᠤ ᠪᠡᠭᠡᠵᠢᠩ᠎ᠦᠨ 9 ᠳ᠋ᠦ᠍ᠭᠡᠷ ᠰᠠᠷ᠎ᠠ᠎ᠶᠢᠨ 18 ᠎ᠤ ᠡᠳᠦᠷ᠎ᠦᠨ ᠮᠡᠳᠡᠭᠡ  ᠰᠤᠷᠪᠤᠯᠵᠢᠯᠠᠭ᠍ᠴᠢ 18 ᠎ᠤ ᠡᠳᠦᠷ ᠤᠯᠤᠰ᠎ᠤᠨ ᠰᠢᠤᠳᠠᠨ᠎ᠤ ᠲᠣᠪᠴᠢᠶ᠎ᠠ᠎ᠠᠴᠠ ᠣᠢᠯᠠᠭᠠᠭᠰᠠᠨ᠎ᠢᠶᠠᠷ ᠄ 1–8 ᠳ᠋ᠤᠭᠠᠷ ᠰᠠᠷ᠎ᠠ᠎ᠳᠤ᠂ ᠮᠠᠨ᠎ᠤ ᠤᠯᠤᠰ᠎ᠤᠨ ᠲᠦᠷᠭᠡᠨ ᠬᠦᠷᠭᠡᠯᠲᠡ᠎ᠶᠢᠨ ᠲᠤᠬᠠᠢᠯᠠᠭᠰᠠᠨ ᠠᠵᠢᠯ᠎ᠤᠨ ᠬᠡᠮᠵᠢᠶ᠎ᠡ ᠨᠡᠶ᠋ᠢᠲᠡ 1282 ᠳ᠋ᠦᠩᠰᠢᠭᠤᠷ ᠬᠤᠪᠢ᠎ᠶᠢ ᠪᠡᠶᠡᠯᠡᠭᠦᠯᠵᠦ᠂ ᠠᠳᠠᠯᠢ ᠬᠤᠭᠤᠴᠠᠭᠠᠨ᠎ᠤ ᠬᠢ᠎ᠡᠴᠡ 17.8% ᠪᠡᠷ ᠨᠡᠮᠡᠭᠳᠡᠪᠡ᠃ ᠡᠭᠦᠨ᠎ᠳᠦ 8 ᠳ᠋ᠤᠭᠠᠷ ᠰᠠᠷ᠎ᠠ᠎ᠳᠤ᠂ ᠲᠦᠷᠭᠡᠨ ᠬᠦᠷᠭᠡᠯᠲᠡ᠎ᠶᠢᠨ ᠲᠤᠬᠠᠢᠯᠠᠭᠰᠠᠨ ᠠᠵᠢᠯ᠎ᠤᠨ ᠬᠡᠮᠵᠢᠶ᠎ᠡ 161.5 ᠳ᠋ᠦᠩᠰᠢᠭᠤᠷ ᠬᠤᠪᠢ᠎ᠶᠢ ᠪᠡᠶᠡᠯᠡᠭᠦᠯᠵᠦ᠂ ᠠᠳᠠᠯᠢ ᠬᠤᠭᠤᠴᠠᠭᠠᠨ᠎ᠤ ᠬᠢ᠎ᠡᠴᠡ 12.3% ᠪᠡᠷ ᠨᠡᠮᠡᠭᠳᠡᠪᠡ᠃

ᠲᠤᠬᠠᠢᠯᠠᠭᠰᠠᠨ ᠠᠵᠢᠯ᠎ᠤᠨ ᠬᠡᠮᠵᠢᠶ᠎ᠡ ᠲᠣᠭᠲᠠᠭᠤᠨ᠎ᠢᠶᠠᠷ ᠳᠡᠭᠡᠭᠰᠢᠯᠡᠵᠦ᠂ ᠠᠵᠢᠯ ᠲᠥᠷᠥᠯ᠎ᠦᠨ ᠣᠷᠣᠯᠭ᠎ᠠ᠎ᠶᠢᠨ ᠦᠷᠭᠦᠯᠵᠢᠯᠡᠨ ᠨᠡᠮᠡᠭᠳᠡᠬᠦ᠎ᠶᠢ ᠳᠠᠶ᠋ᠢᠴᠢᠯᠠᠪᠠ᠃ 1–8 ᠳ᠋ᠤᠭᠠᠷ ᠰᠠᠷ᠎ᠠ᠎ᠳᠤ᠂ ᠰᠢᠤᠳᠠᠨ᠎ᠤ ᠠᠵᠢᠯ ᠲᠥᠷᠥᠯ᠎ᠦᠨ ᠲᠤᠬᠠᠢᠯᠠᠭᠰᠠᠨ ᠠᠵᠢᠯ᠎ᠤᠨ ᠣᠷᠣᠯᠭ᠎ᠠ ᠨᠡᠶ᠋ᠢᠲᠡ 11610.6 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 7.8% ᠪᠡᠷ ᠨᠡᠮᠡᠭᠳᠡᠪᠡ᠃ ᠡᠭᠦᠨ᠎ᠳᠦ᠂ ᠲᠦᠷᠭᠡᠨ ᠬᠦᠷᠭᠡᠯᠲᠡ᠎ᠶᠢᠨ ᠲᠤᠬᠠᠢᠯᠠᠭᠰᠠᠨ ᠠᠵᠢᠯ᠎ᠤᠨ ᠣᠷᠣᠯᠭ᠎ᠠ ᠨᠡᠶ᠋ᠢᠲᠡ 9583.7 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 9.2% ᠎ᠢᠶᠡᠷ ᠨᠡᠮᠡᠭᠳᠡᠵᠡᠢ᠃

《ᠡᠨᠡ ᠵᠢᠯ᠎ᠡᠴᠡ ᠨᠠᠭᠠᠰᠢ᠂ ᠲᠦᠷᠭᠡᠨ ᠬᠦᠷᠭᠡᠯᠲᠡ᠎ᠶᠢᠨ ᠦᠢᠯᠡᠰ᠎ᠦᠨ ᠵᠠᠬ᠎ᠠ ᠳᠡᠯᠭᠡᠭᠦᠷ᠎ᠦᠨ ᠬᠡᠪᠴᠢᠶᠡᠵᠢᠯ ᠲᠣᠭᠲᠠᠭᠤᠨ᠎ᠢᠶᠠᠷ ᠥᠷᠭᠡᠳᠴᠦ᠂ ᠶᠡᠷᠦᠩᠬᠡᠢᠯᠡᠭᠰᠡᠨ ᠲᠡᠭᠡᠭᠡᠪᠦᠷᠢ᠎ᠶᠢᠨ ᠴᠢᠳᠠᠮᠵᠢ ᠲᠠᠰᠤᠷᠠᠯᠲᠠ ᠦᠭᠡᠢ ᠳᠡᠭᠡᠭᠰᠢᠯᠡᠨ᠂ ᠠᠭᠠᠷ ᠠᠶᠠᠯᠠᠯ᠎ᠤᠨ ᠰᠦᠯᠵᠢᠶ᠎ᠡ ᠲᠦᠷᠭᠡᠨ ᠲᠡᠭᠦᠯᠳᠡᠷᠵᠢᠵᠦ᠂ ᠠᠵᠢᠯ ᠲᠥᠷᠥᠯ ᠬᠢᠭᠡᠳ ᠳᠡᠭᠡᠳᠦ ᠳᠣᠣᠷᠠᠳᠤ ᠬᠡᠯᠬᠢᠶᠡᠨ᠎ᠦ ᠠᠵᠤ ᠦᠢᠯᠡᠰ ᠨᠢᠭ᠍ᠲᠠ ᠠᠭᠤᠰᠤᠯᠴᠠᠨ᠂ ᠠᠵᠤ ᠠᠬᠤᠢ᠎ᠶᠢᠨ ᠲᠣᠭᠲᠠᠭᠤᠨ᠎ᠢᠶᠠᠷ ᠠᠵᠢᠯᠯᠠᠬᠤ᠎ᠶᠢ ᠬᠦᠴᠦᠲᠡᠢ ᠲᠤᠯᠭᠠᠭᠤᠷᠢᠯᠠᠵᠤ ᠪᠠᠢᠨ᠎ᠠ᠃》 ᠭᠡᠵᠦ ᠤᠯᠤᠰ᠎ᠤᠨ ᠰᠢᠤᠳᠠᠨ᠎ᠤ ᠲᠣᠪᠴᠢᠶ᠎ᠠ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠬᠡᠪᠡ᠃

ᠡᠯᠧᠺᠲᠷᠣᠨ ᠬᠤᠳᠠᠯᠳᠤᠭᠠᠨ᠎ᠤ ᠪᠠᠷᠠᠭᠤᠨᠰᠢᠯᠠᠬᠤ ᠠᠯᠬᠤᠴᠠ ᠲᠦᠷᠭᠡᠳᠬᠦ᠎ᠶᠢ ᠳᠠᠭᠠᠯᠳᠤᠨ᠂ ᠲᠦᠷᠭᠡᠨ ᠬᠦᠷᠭᠡᠯᠲᠡ᠎ᠶᠢᠨ ᠣᠷᠣᠨ ᠪᠦᠰᠡ᠎ᠶᠢᠨ ᠬᠥᠭᠵᠢᠯᠲᠡ ᠨᠠᠩ ᠲᠡᠩᠴᠡᠭᠦᠷᠢᠲᠡᠢ ᠪᠣᠯᠪᠠ᠃ 1–8 ᠳ᠋ᠤᠭᠠᠷ ᠰᠠᠷ᠎ᠠ᠎ᠳᠤ᠂ ᠵᠡᠭᠦᠨ᠂ ᠳᠤᠮᠳᠠ᠂ ᠪᠠᠷᠠᠭᠤᠨ ᠬᠡᠰᠡᠭ᠎ᠦᠨ ᠭᠠᠵᠠᠷ ᠣᠷᠣᠨ᠎ᠤ ᠲᠦᠷᠭᠡᠨ ᠬᠦᠷᠭᠡᠯᠲᠡ᠎ᠶᠢᠨ ᠲᠤᠬᠠᠢᠯᠠᠭᠰᠠᠨ ᠠᠵᠢᠯ᠎ᠤᠨ ᠡᠵᠡᠯᠡᠬᠦ ᠬᠠᠷᠢᠴᠠᠯ ᠨᠢ ᠲᠣᠰ ᠲᠣᠰ 71.4%᠂ 19.4% ᠪᠠ 9.2% ᠪᠠᠢᠪᠠ᠃ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠲᠠᠢ ᠬᠠᠷᠢᠴᠠᠭᠤᠯᠪᠠᠯ᠂ ᠳᠤᠮᠳᠠ ᠬᠡᠰᠡᠭ᠎ᠦᠨ ᠭᠠᠵᠠᠷ ᠣᠷᠣᠨ᠎ᠤ ᠲᠦᠷᠭᠡᠨ ᠬᠦᠷᠭᠡᠯᠲᠡ᠎ᠶᠢᠨ ᠲᠤᠬᠠᠢᠯᠠᠭᠰᠠᠨ ᠠᠵᠢᠯ᠎ᠤᠨ ᠡᠵᠡᠯᠡᠬᠦ ᠬᠠᠷᠢᠴᠠᠯ 0.9 ᠵᠠᠭᠤᠨ᠎ᠤ ᠬᠤᠪᠢ᠎ᠪᠠᠷ ᠳᠡᠭᠡᠭᠰᠢᠯᠡᠵᠦ᠂ ᠪᠠᠷᠠᠭᠤᠨ ᠬᠡᠰᠡᠭ᠎ᠦᠨ ᠭᠠᠵᠠᠷ ᠣᠷᠣᠨ᠎ᠤ ᠲᠦᠷᠭᠡᠨ ᠬᠦᠷᠭᠡᠯᠲᠡ᠎ᠶᠢᠨ ᠲᠤᠬᠠᠢᠯᠠᠭᠰᠠᠨ ᠠᠵᠢᠯ᠎ᠤᠨ ᠡᠵᠡᠯᠡᠬᠦ ᠬᠠᠷᠢᠴᠠᠯ 0.5 ᠵᠠᠭᠤᠨ᠎ᠤ ᠬᠤᠪᠢ᠎ᠪᠠᠷ ᠳᠡᠭᠡᠭᠰᠢᠯᠡᠵᠡᠢ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ