ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠯᠢ ᠴᠢᠶᠠᠩ ᠠᠮᠧᠷᠢᠺᠠ᠎ᠶᠢᠨ ᠤᠯᠤᠰ᠎ᠤᠨ ᠬᠤᠷᠠᠯ᠎ᠤᠨ ᠳᠣᠣᠷᠠᠳᠤ ᠵᠥᠪᠯᠡᠯᠭᠡᠨ᠎ᠦ ᠭᠡᠰᠢᠭᠦᠳ᠎ᠦᠨ ᠲᠥᠯᠥᠭᠡᠯᠡᠭᠴᠢᠳ᠎ᠦᠨ ᠪᠦᠯᠬᠦᠮ ᠯᠦ᠍ᠭᠡ ᠠᠭᠤᠯᠵᠠᠯᠲᠠ ᠬᠢᠪᠡ
ᠨᠡᠶ᠋ᠢᠲᠡᠯᠡᠭᠰᠡᠨ ᠴᠠᠭ᠄ 2025-09-22

9 ᠳ᠋ᠦ᠍ᠭᠡᠷ ᠰᠠᠷ᠎ᠠ᠎ᠶᠢᠨ 21 ᠎ᠦ ᠡᠳᠦᠷ᠎ᠦᠨ ᠦᠳᠡ᠎ᠶᠢᠨ ᠬᠣᠢᠨ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠢᠯᠴᠢᠯᠠᠬᠤ᠎ᠪᠠᠷ ᠢᠷᠡᠭᠰᠡᠨ ᠠᠮᠧᠷᠢᠺᠠ᠎ᠶᠢᠨ ᠤᠯᠤᠰ᠎ᠤᠨ ᠬᠤᠷᠠᠯ᠎ᠤᠨ ᠳᠣᠣᠷᠠᠳᠤ ᠵᠥᠪᠯᠡᠯᠭᠡᠨ᠎ᠦ ᠭᠡᠰᠢᠭᠦᠳ᠎ᠦᠨ ᠲᠥᠯᠥᠭᠡᠯᠡᠭᠴᠢᠳ᠎ᠦᠨ ᠪᠦᠯᠬᠦᠮ ᠪᠣᠯᠬᠤ ᠰᠮᠢᠰ ᠨᠠᠷ ᠯᠦ᠍ᠭᠡ ᠠᠭᠤᠯᠵᠠᠯᠲᠠ ᠬᠢᠪᠡ᠃ ᠰᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ ᠯᠢᠦ ᠸᠧᠢ ᠪᠢᠩ ᠰᠡᠭᠦᠳᠡᠷᠯᠡᠪᠡ

ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 9 ᠳ᠋ᠦ᠍ᠭᠡᠷ ᠰᠠᠷ᠎ᠠ᠎ᠶᠢᠨ 21᠎ᠦ ᠡᠳᠦᠷ᠎ᠦᠨ ᠴᠠᠬᠢᠯᠭᠠᠨ ᠮᠡᠳᠡᠭᠡ  9 ᠳ᠋ᠦ᠍ᠭᠡᠷ ᠰᠠᠷ᠎ᠠ᠎ᠶᠢᠨ 21 ᠎ᠦ ᠡᠳᠦᠷ᠎ᠦᠨ ᠦᠳᠡ᠎ᠶᠢᠨ ᠬᠣᠢᠨ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠢᠯᠴᠢᠯᠠᠬᠤ᠎ᠪᠠᠷ ᠢᠷᠡᠭᠰᠡᠨ ᠠᠮᠧᠷᠢᠺᠠ᠎ᠶᠢᠨ ᠤᠯᠤᠰ᠎ᠤᠨ ᠬᠤᠷᠠᠯ᠎ᠤᠨ ᠳᠣᠣᠷᠠᠳᠤ ᠵᠥᠪᠯᠡᠯᠭᠡᠨ᠎ᠦ ᠭᠡᠰᠢᠭᠦᠳ᠎ᠦᠨ ᠲᠥᠯᠥᠭᠡᠯᠡᠭᠴᠢᠳ᠎ᠦᠨ ᠪᠦᠯᠬᠦᠮ ᠪᠣᠯᠬᠤ ᠰᠮᠢᠰ ᠨᠠᠷ ᠯᠦ᠍ᠭᠡ ᠠᠭᠤᠯᠵᠠᠯᠲᠠ ᠬᠢᠪᠡ᠃

ᠯᠢ ᠴᠢᠶᠠᠩ ᠢᠯᠡᠷᠬᠡᠢᠯᠡᠬᠦ᠎ᠳᠦ᠎ᠪᠡᠨ᠂ ᠳᠤᠮᠳᠠᠳᠤ ᠪᠠ ᠠᠮᠧᠷᠢᠺᠠ ᠪᠣᠯ ᠴᠥᠮ ᠳᠡᠯᠡᠬᠡᠢ ᠳᠡᠭᠡᠷ᠎ᠡ ᠴᠢᠬᠤᠯᠠ ᠨᠥᠯᠥᠭᠡᠯᠡᠬᠦ ᠬᠦᠴᠦᠨ ᠪᠦᠬᠦᠢ ᠲᠣᠮᠣ᠌ ᠤᠯᠤᠰ ᠮᠥᠨ᠂ ᠳᠤᠮᠳᠠᠳᠤ ᠪᠠ ᠠᠮᠧᠷᠢᠺᠠ᠎ᠶᠢᠨ ᠬᠠᠷᠢᠴᠠᠭ᠎ᠠ ᠲᠣᠭᠲᠠᠭᠤᠨ᠂ ᠡᠷᠡᠭᠦᠯ᠂ ᠦᠷᠭᠦᠯᠵᠢᠯᠡᠬᠦᠢᠴᠡ ᠬᠥᠭᠵᠢᠯᠲᠡ᠎ᠪᠡᠨ ᠪᠠᠲᠤᠯᠠᠬᠤ ᠨᠢ ᠬᠣᠶᠠᠷ ᠤᠯᠤᠰ᠎ᠤᠨ ᠬᠠᠮᠲᠤ᠎ᠶᠢᠨ ᠠᠰᠢᠭ᠋ ᠲᠤᠰᠠ ᠪᠠ ᠳᠡᠯᠡᠬᠡᠢ ᠨᠡᠶ᠋ᠢᠲᠡ᠎ᠶᠢᠨ ᠬᠦᠰᠡᠯ ᠡᠷᠡᠮᠡᠯᠵᠡᠯ᠎ᠳᠦ ᠨᠡᠢᠴᠡᠨ᠎ᠡ᠃ ᠡᠨᠡ ᠵᠢᠯ᠎ᠡᠴᠡ ᠨᠠᠭᠠᠰᠢ᠂ ᠲᠡᠷᠢᠭᠦᠯᠡᠭᠴᠢ ᠰᠢ ᠵᠢᠨ ᠫᠢᠩ ᠶᠡᠷᠦᠩᠬᠡᠢᠯᠡᠭᠴᠢ ᠲᠷᠠᠮᠫ ᠯᠤᠭ᠎ᠠ ᠤᠲᠠᠰᠤ᠎ᠪᠠᠷ ᠬᠡᠳᠦᠨᠲᠡ ᠶᠠᠷᠢᠯᠴᠠᠵᠤ᠂ ᠳᠤᠮᠳᠠᠳᠤ ᠪᠠ ᠠᠮᠧᠷᠢᠺᠠ ᠶᠠᠷᠢᠯᠴᠠᠭ᠎ᠠ ᠬᠢᠭᠡᠳ ᠬᠠᠮᠲᠤᠷᠠᠯᠴᠠᠭ᠎ᠠ᠎ᠪᠠᠨ ᠴᠢᠩᠭᠠᠳᠬᠠᠨ᠂ ᠳᠠᠷᠠᠭᠠᠴᠢ᠎ᠶᠢᠨ ᠱᠠᠲᠤᠨ᠎ᠳᠠᠬᠢ ᠳᠤᠮᠳᠠᠳᠤ ᠪᠠ ᠠᠮᠧᠷᠢᠺᠠ᠎ᠶᠢᠨ ᠬᠠᠷᠢᠯᠴᠠᠭᠠᠨ᠎ᠤ ᠬᠥᠭᠵᠢᠯᠲᠡ᠎ᠳᠦ ᠪᠠᠢᠯᠳᠤᠬᠤ ᠪᠣᠳᠣᠯᠭ᠎ᠠ᠎ᠶᠢᠨ ᠵᠢᠯᠣᠭᠣᠳᠤᠮᠵᠢ ᠥᠭᠪᠡᠯ ᠵᠣᠬᠢᠨ᠎ᠠ ᠭᠡᠵᠦ ᠰᠠᠨᠠᠯ ᠨᠢᠭᠡᠲᠡᠢ ᠦᠵᠡᠵᠡᠭᠡᠪᠡ᠃ ᠳᠤᠮᠳᠠᠳᠤ᠎ᠶᠢᠨ ᠲᠠᠯ᠎ᠠ ᠳᠤᠷᠠᠲᠠᠶ᠎ᠠ ᠠᠮᠧᠷᠢᠺᠠ᠎ᠶᠢᠨ ᠲᠠᠯ᠎ᠠ ᠯᠤᠭ᠎ᠠ ᠬᠠᠷᠢᠯᠴᠠᠨ ᠬᠦᠨᠳᠦᠳᠬᠡᠵᠦ᠂ ᠨᠠᠢᠷᠠᠮᠳᠠᠯ᠎ᠢᠶᠠᠷ ᠵᠡᠷᠭᠡᠴᠡᠨ ᠣᠷᠣᠰᠢᠵᠤ᠂ ᠬᠠᠮᠲᠤᠷᠠᠯᠴᠠᠨ ᠠᠵᠢᠯᠯᠠᠵᠤ ᠬᠠᠮᠲᠤ᠎ᠪᠠᠷ ᠠᠰᠢᠭ᠋ ᠬᠦᠷᠳᠡᠨ᠎ᠠ᠃ ᠠᠮᠧᠷᠢᠺᠠ᠎ᠶᠢᠨ ᠲᠠᠯ᠎ᠠ ᠨᠢ ᠳᠤᠮᠳᠠᠳᠤ᠎ᠶᠢᠨ ᠲᠠᠯ᠎ᠠ ᠯᠤᠭ᠎ᠠ ᠠᠳᠠᠯᠢ ᠴᠢᠭᠯᠡᠯ᠎ᠢᠶᠡᠷ ᠤᠷᠤᠭᠰᠢᠯᠠᠵᠤ᠂ ᠬᠣᠶᠠᠷ ᠲᠠᠯ᠎ᠠ᠎ᠶᠢᠨ ᠬᠠᠷᠢᠯᠴᠠᠭᠠᠨ᠎ᠤ ᠵᠥᠪ ᠵᠠᠮ᠎ᠢᠶᠠᠷ ᠬᠥᠭᠵᠢᠬᠦ᠎ᠶᠢ ᠬᠠᠮᠲᠤ᠎ᠪᠠᠷ ᠠᠬᠢᠭᠤᠯᠵᠤ᠂ ᠬᠣᠶᠠᠷ ᠤᠯᠤᠰ᠎ᠲᠤ ᠪᠤᠶᠠᠨ ᠦᠢᠯᠡᠳᠬᠦ᠎ᠪᠡᠷ ᠪᠠᠷᠠᠬᠤ ᠦᠭᠡᠢ ᠳᠡᠯᠡᠬᠡᠢ ᠳ᠋ᠠᠬᠢᠨ᠎ᠳᠤ ᠴᠤ᠌ ᠠᠰᠢᠭ᠋ ᠬᠦᠷᠲᠡᠭᠡᠬᠦ᠎ᠶᠢ ᠬᠦᠰᠡᠵᠦ ᠪᠠᠢᠨ᠎ᠠ ᠭᠡᠵᠦ ᠭᠡᠪᠡ᠃

ᠯᠢ ᠴᠢᠶᠠᠩ ᠵᠢᠭᠠᠵᠤ ᠭᠠᠷᠭᠠᠬᠤ᠎ᠳᠤ᠎ᠪᠠᠨ᠂ ᠳᠤᠮᠳᠠᠳᠤ ᠪᠠ ᠠᠮᠧᠷᠢᠺᠠ ᠨᠢ ᠬᠠᠮᠲᠤ᠎ᠪᠠᠷ ᠬᠥᠭᠵᠢᠬᠦ ᠬᠠᠨᠢᠲᠠᠨ ᠪᠣᠯᠵᠤ᠂ ᠦᠨᠡᠨᠴᠢ᠎ᠪᠡᠷ ᠬᠠᠨᠳᠤᠨ᠂ ᠴᠢᠳᠠᠮᠵᠢ᠎ᠪᠠᠨ ᠬᠠᠷᠢᠯᠴᠠᠨ ᠡᠷᠴᠢᠮᠯᠡᠵᠦ᠂ ᠬᠠᠷᠢᠯᠴᠠᠨ ᠠᠮᠵᠢᠯᠲᠠ ᠣᠯᠭᠣᠪᠠᠯ ᠵᠣᠬᠢᠨ᠎ᠠ᠃ ᠳᠤᠮᠳᠠᠳᠤ᠎ᠶᠢᠨ ᠲᠠᠯ᠎ᠠ ᠳᠤᠷᠠᠲᠠᠶ᠎ᠠ ᠠᠮᠧᠷᠢᠺᠠ᠎ᠶᠢᠨ ᠲᠠᠯ᠎ᠠ ᠯᠤᠭ᠎ᠠ ᠡᠷᠬᠡ ᠲᠡᠭᠰᠢ ᠪᠠᠢᠬᠤ᠂ ᠬᠦᠨᠳᠦᠳᠬᠡᠬᠦ᠂ ᠬᠠᠷᠢᠯᠴᠠᠨ ᠬᠠᠷᠠᠭᠠᠯᠵᠠᠬᠤ ᠵᠣᠷᠢᠭ᠋ ᠰᠠᠨᠠᠭ᠎ᠠ᠎ᠪᠠᠷ᠂ ᠨᠡᠪᠲᠡᠷᠡᠯᠴᠡᠵᠦ ᠪᠠᠢᠭᠠᠳ ᠲᠤᠰ ᠲᠤᠰ᠎ᠤᠨ ᠠᠩᠬᠠᠷᠴᠤ ᠪᠠᠢᠭ᠎ᠠ ᠠᠰᠠᠭᠤᠳᠠᠯ᠎ᠤᠳ᠎ᠢᠶᠠᠨ ᠰᠢᠢᠳᠪᠦᠷᠢᠯᠡᠬᠦ ᠶᠣᠰᠣᠲᠠᠢ᠃ ᠠᠮᠧᠷᠢᠺᠠ᠎ᠶᠢᠨ ᠤᠯᠤᠰ᠎ᠤᠨ ᠬᠤᠷᠠᠯ ᠨᠢ ᠳᠤᠮᠳᠠᠳᠤ ᠤᠯᠤᠰ ᠬᠢᠭᠡᠳ ᠳᠤᠮᠳᠠᠳᠤ ᠪᠠ ᠠᠮᠧᠷᠢᠺᠠ᠎ᠶᠢᠨ ᠬᠠᠷᠢᠯᠴᠠᠭ᠎ᠠ᠎ᠳᠤ ᠵᠥᠪ᠎ᠢᠶᠡᠷ ᠬᠠᠨᠳᠤᠵᠤ᠂ ᠬᠣᠶᠠᠷ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢ ᠢᠳᠡᠪᠬᠢᠲᠡᠢ ᠠᠬᠢᠭᠤᠯᠵᠤ᠂ ᠬᠣᠶᠠᠷ ᠤᠯᠤᠰ᠎ᠤᠨ ᠨᠥᠬᠥᠷᠯᠡᠯ ᠪᠠ ᠬᠠᠮᠲᠤ᠎ᠶᠢᠨ ᠬᠥᠭᠵᠢᠯᠲᠡ᠎ᠳᠦ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠬᠦ᠎ᠶᠢ ᠬᠦᠰᠡᠵᠦ ᠪᠠᠢᠨ᠎ᠠ ᠭᠡᠪᠡ᠃

ᠢᠷᠡᠯᠲᠡ᠄ ᠰᠢᠨᠬᠤᠸᠠ ᠬᠣᠷᠢᠶ᠎ᠠ