ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠲᠣᠷᠭᠠᠨ ᠵᠠᠮ᠎ᠤᠨ ᠦᠯᠢᠭᠡᠷ᠎ᠢ ᠰᠠᠢᠲᠤᠷ ᠶᠠᠷᠢᠵᠤ  ᠲᠣᠷᠭᠠᠨ ᠵᠠᠮ᠎ᠤᠨ ᠵᠣᠷᠢᠭ᠋ ᠰᠠᠨᠠᠭ᠎ᠠ᠎ᠶᠢ ᠪᠠᠳᠠᠷᠠᠭᠤᠯᠤᠶ᠎ᠠ
ᠨᠡᠶ᠋ᠢᠲᠡᠯᠡᠭᠰᠡᠨ ᠴᠠᠭ᠄ 2025-09-22

2025 《ᠨᠢᠭᠡ ᠪᠦᠰᠡ ᠨᠢᠭᠡ ᠵᠠᠮ》᠎ᠤᠨ ᠵᠠᠭᠤᠴᠢᠯᠠᠭᠤᠷ᠎ᠤᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠬᠠᠮᠲᠤᠷᠠᠭᠰᠠᠨ ᠰᠣᠷᠪᠤᠯᠵᠢᠯᠠᠭ᠎ᠠ᠎ᠶᠢᠨ ᠪᠦᠯᠬᠦᠮ᠎ᠦᠨ ᠭᠡᠰᠢᠭᠦᠳ ᠶᠦᠨᠨᠠᠨ᠎ᠤ ᠺᠦᠨᠮᠢᠩ᠎ᠳᠦ ᠪᠣᠬᠢᠷᠲᠤᠯ ᠦᠭᠡᠢ ᠥᠨᠳᠥᠷ ᠪᠦᠲᠦᠮᠵᠢᠲᠡᠢ ᠴᠡᠴᠡᠭ᠎ᠦᠨ ᠦᠢᠯᠡᠳᠪᠦᠷᠢᠯᠡᠯ᠎ᠦᠨ ᠵᠢᠱ᠌ᠢᠶ᠎ᠡ ᠦᠵᠡᠭᠦᠯᠬᠦ ᠰᠠᠭᠤᠷᠢᠨ᠎ᠢ ᠲᠣᠭᠣᠷᠢᠨ ᠦᠵᠡᠵᠦ ᠪᠠᠢᠭ᠎ᠠ ᠨᠢ᠃

ᠠᠷᠠᠳ᠎ᠤᠨ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ ᠴᠧᠨ ᠪᠢᠨ ᠰᠡᠭᠦᠳᠡᠷᠯᠡᠪᠡ

2025 《ᠨᠢᠭᠡ ᠪᠦᠰᠡ ᠨᠢᠭᠡ ᠵᠠᠮ》᠎ᠤᠨ ᠵᠠᠭᠤᠴᠢᠯᠠᠭᠤᠷ᠎ᠤᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠭᠣᠣᠯ ᠬᠤᠷᠠᠯ᠎ᠤᠨ ᠲᠠᠯᠠᠪᠠᠢ᠎ᠳᠤ᠂ ᠬᠤᠷᠠᠯ᠎ᠳᠤ ᠣᠷᠣᠯᠴᠠᠭᠰᠠᠨ ᠬᠦᠨᠳᠦᠲᠦ ᠵᠣᠴᠢᠳ ᠨᠣᠮ ᠪᠢᠴᠢᠭ᠎ᠢᠶᠡᠷ ᠶᠦᠨᠨᠠᠨ ᠮᠤᠵᠢ᠎ᠶᠢᠨ ᠪᠠᠢᠳᠠᠯ᠎ᠢ ᠣᠢᠯᠠᠭᠠᠵᠤ ᠪᠠᠢᠭ᠎ᠠ ᠨᠢ᠃

ᠠᠷᠠᠳ᠎ᠤᠨ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ ᠵᠢᠶᠠᠩ ᠢᠦᠢ ᠱᠢ ᠰᠡᠭᠦᠳᠡᠷᠯᠡᠪᠡ

2025 《ᠨᠢᠭᠡ ᠪᠦᠰᠡ ᠨᠢᠭᠡ ᠵᠠᠮ》᠎ᠤᠨ ᠵᠠᠭᠤᠴᠢᠯᠠᠭᠤᠷ᠎ᠤᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠡᠬᠢᠯᠡᠯᠲᠡ᠎ᠶᠢᠨ ᠶᠣᠰᠣᠯᠠᠯ᠎ᠤᠨ ᠠᠬᠤᠢ ᠲᠠᠯᠠᠪᠠᠢ᠎ᠳᠤ᠂ ᠬᠦᠨᠳᠦᠲᠦ ᠵᠣᠴᠢᠳ ᠬᠤᠷᠠᠯ᠎ᠤᠨ ᠶᠠᠷᠢᠶ᠎ᠠ᠎ᠶᠢ ᠬᠢᠨᠠᠮᠠᠭᠠᠢ ᠰᠣᠨᠣᠰᠴᠤ ᠪᠠᠢᠭ᠎ᠠ ᠨᠢ᠃

ᠠᠷᠠᠳ᠎ᠤᠨ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ ᠵᠢᠶᠠᠩ ᠢᠦᠢ ᠱᠢ ᠰᠡᠭᠦᠳᠡᠷᠯᠡᠪᠡ

2025 《ᠨᠢᠭᠡ ᠪᠦᠰᠡ ᠨᠢᠭᠡ ᠵᠠᠮ》᠎ᠤᠨ ᠵᠠᠭᠤᠴᠢᠯᠠᠭᠤᠷ᠎ᠤᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠬᠠᠮᠲᠤᠷᠠᠭᠰᠠᠨ ᠰᠣᠷᠪᠤᠯᠵᠢᠯᠠᠭ᠎ᠠ᠎ᠶᠢᠨ ᠪᠦᠯᠬᠦᠮ᠎ᠦᠨ ᠭᠡᠰᠢᠭᠦᠨ ᠮᠠᠰᠢᠨ ᠬᠥᠮᠥᠨ ᠲᠡᠢ ᠵᠣᠭᠣᠭᠳᠠᠵᠤ ᠪᠠᠢᠭ᠎ᠠ ᠨᠢ᠃

ᠠᠷᠠᠳ᠎ᠤᠨ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ ᠵᠠᠩ ᠦ᠋ ᠵᠢᠶᠦ᠋ᠨ ᠰᠡᠭᠦᠳᠡᠷᠯᠡᠪᠡ

 

ᠶᠠᠷᠢᠯᠴᠠᠭ᠎ᠠ ᠰᠣᠯᠢᠯᠴᠠᠭ᠎ᠠ᠎ᠪᠠᠨ ᠨᠡᠮᠡᠭᠳᠡᠭᠦᠯᠵᠦ  ᠰᠢᠯᠢᠳᠡᠭ ᠰᠣᠶᠣᠯ᠎ᠢ ᠤᠯᠠᠮᠵᠢᠯᠠᠨ ᠳᠡᠯᠭᠡᠷᠡᠭᠦᠯᠦᠶ᠎ᠡ

ᠤᠷᠤᠰ᠎ᠤᠨ 《ᠤᠷᠤᠰ᠎ᠤᠨ ᠰᠣᠨᠢᠨ》᠎ᠤ ᠬᠣᠷᠢᠶᠠᠨ ᠳᠠᠷᠤᠭ᠎ᠠ ᠫᠠᠸᠧᠯ · ᠨᠶᠧᠭᠣᠢᠴᠠ

ᠲᠣᠰ ᠤᠳᠠᠭᠠᠨ᠎ᠤ ᠶᠠᠷᠢᠯᠴᠠᠭᠠᠨ᠎ᠤ ᠲᠠᠪᠴᠠᠩ᠎ᠤᠨ ᠲᠣᠬᠢᠶᠠᠯ᠎ᠢ ᠠᠰᠢᠭᠯᠠᠨ᠂ ᠬᠣᠭᠣᠷᠣ᠌ ᠬᠣᠭᠣᠷᠣᠨᠳᠤ᠎ᠪᠠᠨ ᠰᠦᠯᠵᠢᠶ᠎ᠡ᠎ᠪᠡᠷ ᠨᠠᠩ ᠣᠯᠠᠨ ᠶᠠᠷᠢᠯᠴᠠᠭ᠎ᠠ ᠬᠥᠳᠡᠯᠦᠯᠴᠡᠯ ᠰᠣᠯᠢᠯᠴᠠᠭ᠎ᠠ᠎ᠶᠢ ᠪᠡᠶᠡᠯᠡᠭᠦᠯᠪᠡ᠃ ᠪᠢᠳᠡ ᠮᠡᠳᠡᠭᠦᠯᠦᠯᠲᠡ᠎ᠶᠢ ᠤᠩᠰᠢᠨ᠂ ᠵᠣᠬᠢᠶᠠᠯ᠎ᠢ ᠵᠠᠳᠠᠯᠵᠤ᠂ ᠪᠦᠬᠦ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ ᠪᠠ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ ᠰᠠᠨᠠᠭᠠᠴᠢᠯᠠᠭ᠎ᠠ᠎ᠶᠢᠨ ᠸᠢᠳᠢᠤ᠋ ᠪᠠ ᠭᠡᠷᠡᠯ ᠵᠢᠷᠤᠭ᠎ᠤᠨ ᠪᠦᠲᠦᠭᠡᠯ᠎ᠦᠳ᠎ᠢ ᠰᠣᠨᠢᠷᠬᠠᠪᠠ᠃ ᠡᠭᠦᠨ᠎ᠡᠴᠡ ᠢᠨᠲᠧᠷ ᠰᠦᠯᠵᠢᠶ᠎ᠡ ᠪᠣᠯ ᠬᠥᠮᠥᠨ ᠲᠥᠷᠥᠯᠬᠢᠲᠡᠨ᠎ᠦ ᠬᠠᠮᠲᠤ᠎ᠶᠢᠨ ᠭᠡᠷ ᠣᠷᠣᠨ ᠮᠥᠨ ᠭᠡᠳᠡᠭ᠎ᠢ ᠣᠯᠵᠤ ᠮᠡᠳᠡᠨ᠎ᠡ᠃

ᠮᠢᠨᠤ ᠦᠵᠡᠬᠦ᠎ᠪᠡᠷ᠂ ᠵᠠᠭᠤᠴᠢᠯᠠᠭᠤᠷ᠎ᠤᠨ ᠬᠢᠨ ᠪᠦᠬᠦ ᠪᠥᠮᠪᠥᠷᠴᠡᠭ᠎ᠦᠨ ᠳ᠋ᠢᠭᠢᠲ᠋ᠴᠢᠯᠡᠯᠲᠡ᠎ᠶᠢᠨ ᠥᠷᠢᠰᠦᠯᠳᠦᠭᠡᠨ᠎ᠢ ᠠᠷᠭᠠᠴᠠᠬᠤ ᠠᠷᠭ᠎ᠠ ᠬᠡᠮᠵᠢᠶ᠎ᠡ᠎ᠶᠢ ᠰᠠᠨᠠᠭᠠᠴᠢᠯᠠᠭ᠎ᠠ᠎ᠠᠴᠠ᠎ᠪᠠᠨ ᠠᠪᠬᠤ᠎ᠶᠢᠨ ᠠᠷᠭ᠎ᠠ ᠦᠭᠡᠢ ᠪᠠᠢᠭᠰᠠᠨ ᠴᠤ᠌ ᠰᠢᠢᠳᠪᠦᠷᠢᠯᠡᠬᠦ ᠲᠥᠰᠥᠯ᠎ᠢ ᠢᠳᠡᠪᠬᠢᠲᠡᠢ ᠡᠷᠢᠯᠬᠢᠯᠡᠪᠡᠯ ᠵᠣᠬᠢᠨ᠎ᠠ᠃ ᠪᠦᠬᠦ ᠪᠥᠮᠪᠥᠷᠴᠡᠭ᠎ᠦᠨ ᠢᠨᠲ᠋ᠧᠷ ᠰᠦᠯᠵᠢᠶᠡᠨ᠎ᠦ ᠵᠠᠰᠠᠯᠲᠠ᠎ᠶᠢᠨ ᠲᠣᠭᠲᠠᠯᠴᠠᠭ᠎ᠠ᠎ᠪᠠᠨ ᠨᠡᠩ ᠲᠥᠪ ᠭᠣᠣᠯᠴᠢ ᠵᠦᠢ ᠵᠣᠬᠢᠰᠲᠠᠢ ᠴᠢᠭᠯᠡᠯ᠎ᠢᠶᠡᠷ ᠤᠷᠤᠭᠰᠢᠯᠠᠭᠤᠯᠵᠤ᠂ ᠣᠯᠠᠩᠬᠢ ᠤᠯᠤᠰ᠎ᠤᠨ ᠰᠠᠨᠠᠯ ᠪᠠ ᠠᠰᠢᠭ᠋ ᠲᠤᠰᠠ᠎ᠶᠢ ᠨᠡᠩ ᠲᠡᠩᠴᠡᠭᠦᠷᠢᠲᠡᠢ ᠢᠯᠡᠷᠡᠭᠦᠯᠬᠦ ᠬᠡᠷᠡᠭᠲᠡᠢ᠃

《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ ᠰᠠᠨᠠᠭᠠᠴᠢᠯᠠᠭ᠎ᠠ᠎ᠪᠠᠷ ᠠᠪᠴᠤ ᠬᠡᠯᠡᠬᠦ᠎ᠳᠦ᠂ ᠪᠦᠬᠦ ᠪᠥᠮᠪᠥᠷᠴᠡᠭ᠎ᠦᠨ ᠢᠨᠲ᠋ᠧᠷ ᠰᠦᠯᠵᠢᠶᠡᠨ᠎ᠦ ᠵᠠᠰᠠᠯᠲᠠ᠎ᠶᠢᠨ ᠵᠥᠪᠯᠡᠬᠦ ᠵᠦᠢᠯ ᠴᠦ᠍ ᠮᠠᠰᠢ ᠲᠤᠯᠭᠠᠮ᠎ᠠ ᠪᠠᠢᠨ᠎ᠠ — ᠣᠳᠣᠬᠠᠨ᠎ᠳᠤ ᠪᠦᠬᠦ ᠪᠥᠮᠪᠥᠷᠴᠡᠭ᠎ᠦᠨ ᠵᠠᠭᠤ ᠭᠠᠷᠤᠢ ᠤᠯᠤᠰ ᠪᠠ ᠤᠯᠠᠨ ᠤᠯᠤᠰ᠎ᠤᠨ ᠵᠣᠬᠢᠶᠠᠨ ᠪᠠᠢᠭᠤᠯᠤᠯᠲᠠ ᠡᠨᠡ ᠬᠦ᠌ ᠠᠭᠤᠤ ᠶᠡᠬᠡ ᠢᠨᠵᠧᠨᠧᠷᠢᠩ᠎ᠢ ᠬᠠᠮᠲᠤ᠎ᠪᠠᠷ ᠳᠡᠮᠵᠢᠵᠦ ᠪᠠᠢᠨ᠎ᠠ᠃ ᠡᠳᠡᠭᠡᠷ ᠤᠯᠤᠰ᠎ᠤᠳ᠎ᠲᠤ ᠠᠪᠴᠤ ᠬᠡᠯᠡᠪᠡᠯ᠂ ᠠᠳᠠᠯᠢᠬᠠᠨ ᠵᠠᠩᠭᠢᠯᠠᠭ᠎ᠠ ᠪᠣᠯᠬᠤ ᠬᠦᠰᠡᠯ ᠱᠠᠭᠠᠷᠳᠠᠯᠭ᠎ᠠ ᠪᠣᠯ᠄ ᠪᠦᠬᠦ ᠪᠥᠮᠪᠥᠷᠴᠡᠭ᠎ᠦᠨ ᠢᠨᠲ᠋ᠧᠷ ᠰᠦᠯᠵᠢᠶ᠎ᠡ᠎ᠶᠢ ᠬᠥᠮᠥᠨ ᠲᠥᠷᠥᠯᠬᠢᠲᠡᠨ᠎ᠦ ᠰᠢᠯᠢᠳᠡᠭ ᠰᠣᠶᠣᠯ ᠪᠠ ᠢᠳᠡᠪᠬᠢ ᠬᠦᠴᠦᠨ᠎ᠢ ᠤᠯᠠᠮᠵᠢᠯᠠᠬᠤ ᠴᠢᠬᠤᠯᠠ ᠠᠴᠢᠶᠠᠯᠠᠪᠤᠷᠢ ᠪᠣᠯᠭᠠᠬᠤ᠎ᠠᠴᠠ ᠪᠢᠰᠢ᠂ ᠦᠨᠡᠨ ᠪᠣᠳᠠᠲᠠᠢ ᠪᠤᠰᠤ ᠮᠡᠳᠡᠭᠡ ᠵᠠᠩᠭᠢ ᠵᠡᠷᠭᠡ ᠠᠭᠤᠯᠭ᠎ᠠ᠎ᠨᠤᠭᠤᠳ᠎ᠢ ᠳᠦᠭᠦᠷᠭᠡᠬᠦ ᠲᠠᠪᠴᠠᠩ ᠪᠣᠯᠭᠠᠬᠤ ᠦᠭᠡᠢ᠃

ᠪᠢ ᠡᠨᠳᠡ ᠠᠷᠠᠳ᠎ᠤᠨ ᠡᠳᠦᠷ᠎ᠦᠨ ᠰᠣᠨᠢᠨ᠎ᠤ ᠬᠣᠷᠢᠶ᠎ᠠ᠎ᠶᠢᠨ ᠲᠤᠰ ᠤᠳᠠᠭ᠎ᠠ᠎ᠶᠢᠨ ᠶᠠᠷᠢᠶᠠᠨ᠎ᠤ ᠲᠠᠪᠴᠠᠩ᠎ᠢ ᠵᠣᠬᠢᠶᠠᠨ ᠪᠠᠶ᠋ᠢᠭᠤᠯᠬᠤ᠎ᠳᠤ ᠬᠢᠭᠰᠡᠨ ᠶᠡᠬᠡ ᠬᠡᠮᠵᠢᠶᠡᠨ᠎ᠦ ᠠᠵᠢᠯ᠎ᠳᠤ ᠲᠠᠯᠠᠷᠬᠠᠵᠤ ᠪᠠᠢᠨ᠎ᠠ᠂ ᠣᠨᠴᠠᠭᠠᠢᠯᠠᠨ ᠡᠯ᠎ᠡ ᠤᠯᠤᠰ᠎ᠤᠨ ᠵᠠᠭᠤᠴᠢᠯᠠᠭᠤᠷ᠎ᠤᠨ ᠬᠢᠨ᠎ᠦ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠪᠦᠳᠦᠭᠦᠪᠴᠢ ᠲᠥᠰᠥᠪ᠎ᠦᠨ ᠳᠣᠣᠷᠠᠬᠢ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠪᠢᠳᠡᠨ᠎ᠦ ᠭᠦᠨᠵᠡᠭᠡᠢ ᠰᠣᠯᠢᠯᠴᠠᠭ᠎ᠠ ᠥᠷᠨᠢᠭᠦᠯᠬᠦ᠎ᠳᠦ ᠴᠢᠬᠤᠯᠠ ᠲᠠᠪᠴᠠᠩ ᠬᠠᠩᠭᠠᠭᠰᠠᠨ ᠪᠠᠢᠨ᠎ᠠ᠃ ᠢᠷᠡᠭᠡᠳᠦᠢ᠎ᠳᠦ ᠪᠢᠳᠡ ᠦᠷᠭᠦᠯᠵᠢᠯᠡᠨ ᠬᠠᠮᠲᠤ᠎ᠪᠠᠷ ᠤᠷᠤᠭᠰᠢᠯᠠᠬᠤ᠎ᠶᠢ ᠬᠦᠰᠡᠵᠦ ᠪᠠᠢᠨ᠎ᠠ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ