ᠠᠢ ᠪᠧᠢ ᠵᠢᠶᠠᠩ ᠲᠠᠨ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢ ᠣᠢᠯᠠᠭᠠᠭᠤᠯᠬᠤ᠎ᠪᠠᠷ ᠪᠠᠢᠨ᠎ᠠ
— ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠦᠷᠭᠦᠯᠵᠢᠯᠡᠨ ᠪᠠᠲᠤᠯᠠᠶ᠎ᠠ
ᠴᠠᠭ᠎ᠤᠨ ᠮᠠᠰᠢᠨᠳᠤ ᠰᠠᠭᠤᠵᠤ᠂ ᠥᠪᠥᠷ ᠮᠣᠩᠭᠣᠯ᠎ᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠤᠨ ᠦᠯᠢᠭᠡᠷ᠎ᠦᠳ᠎ᠢ ᠣᠢᠯᠠᠭᠠᠶ᠎ᠠ
ᠳᠤᠮᠳᠠᠳᠤ ᠤᠯᠤᠰ᠎ᠤᠨ ᠡᠪ ᠬᠠᠮᠲᠤ ᠨᠠᠮ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠦᠨᠳᠦᠰᠦᠨ ᠲᠦᠷᠦ᠎ᠶᠢᠨ ᠪᠣᠳᠣᠯᠭ᠎ᠠ᠎ᠶᠢ ᠪᠦᠲᠦᠭᠡᠯᠴᠢ ᠴᠢᠨᠠᠷᠲᠠᠢ᠎ᠪᠠᠷ ᠳᠤᠷᠠᠳᠴᠤ ᠥᠪᠥᠷ ᠮᠣᠩᠭᠣᠯ᠎ᠤᠨ ᠦᠨᠳᠦᠰᠦᠲᠡᠨ᠎ᠦ ᠴᠢᠯᠦᠭᠡᠯᠡᠯᠲᠡ᠎ᠶᠢᠨ ᠬᠥᠳᠡᠯᠭᠡᠭᠡᠨ᠎ᠢ ᠵᠥᠪ ᠬᠥᠭᠵᠢᠯᠲᠡ᠎ᠶᠢᠨ ᠵᠠᠮ᠎ᠢᠶᠠᠷ ᠵᠠᠮᠨᠠᠭᠤᠯᠪᠠ
1959 ᠣᠨ᠎ᠤ 10 ᠳ᠋ᠤᠭᠠᠷ ᠰᠠᠷ᠎ᠠ᠎ᠶᠢᠨ 15᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠳᠡᠳ᠋ ᠲᠡᠷᠢᠭᠦᠯᠡᠭᠴᠢ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠵᠧᠦ ᠧᠨ ᠯᠠᠢ ᠪᠤᠭᠤᠲᠤ᠎ᠶᠢᠨ ᠪᠣᠯᠣᠳ ᠲᠡᠮᠦᠷ᠎ᠦᠨ ᠺᠤᠮᠫᠠᠨᠢ᠎ᠶᠢᠨ ᠨᠢᠭᠡᠳᠦᠭᠡᠷ ᠥᠨᠳᠥᠷ ᠵᠤᠤᠬ᠎ᠠ᠎ᠪᠠᠷ ᠲᠡᠮᠦᠷ ᠬᠠᠢᠯᠤᠭᠤᠯᠵᠤ ᠭᠠᠷᠭᠠᠭᠰᠠᠨ᠎ᠳᠤ ᠲᠤᠤᠰᠠ ᠬᠠᠢᠴᠢᠯᠠᠪᠠ
ᠳᠡᠭᠡᠷ᠎ᠡ ᠵᠠᠭᠤᠨ᠎ᠤ ᠲᠠᠪᠢᠭᠠᠳ ᠣᠨ᠎ᠤ ᠦᠶ᠎ᠡ᠎ᠳᠦ᠂ ᠶᠡᠷᠦᠩᠬᠡᠢ ᠰᠠᠢᠳ ᠵᠧᠦ ᠧᠨ ᠯᠠᠢ ᠥᠪᠥᠷ ᠮᠣᠩᠭᠣᠯ᠎ᠢ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠬᠡᠮᠡᠨ ᠦᠨᠡᠯᠡᠪᠡ !
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠳᠡᠪᠢᠰᠬᠡᠷ ᠳᠡᠭᠡᠷ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠶᠠᠭ ᠯᠠ ᠳᠠᠪᠬᠢᠵᠤ ᠪᠠᠢᠭ᠎ᠠ ᠠᠵᠢᠨᠠᠢ ᠬᠥᠯᠥᠭ ᠮᠡᠲᠦ᠎ᠪᠡᠷ ᠤᠮᠠᠷᠠᠲᠤ ᠬᠢᠵᠠᠭᠠᠷᠲᠤ ᠳᠠᠪᠬᠢᠵᠤ ᠪᠠᠢᠨ᠎ᠠ
ᠥᠪᠥᠷ ᠮᠣᠩᠭᠣᠯ ᠨᠢ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠣᠭᠰᠠᠨ᠎ᠤ ᠵᠢᠱ᠌ᠢᠶᠡᠴᠢ ᠨᠢ ᠨᠠᠮ᠎ᠤᠨ ᠦᠭᠡ᠎ᠶᠢ ᠰᠣᠨᠣᠰᠤᠭᠰᠠᠨ᠎ᠳᠤ ᠪᠣᠢ
ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠤᠭᠤᠲᠤ᠎ᠶᠢᠨ ᠪᠣᠯᠣᠳ ᠲᠡᠮᠦᠷ᠎ᠦᠨ ᠦᠢᠯᠡᠳᠪᠦᠷᠢ᠎ᠶᠢ ᠪᠦᠲᠦᠭᠡᠨ ᠪᠠᠢᠭᠤᠯᠤᠨᠠᠮ
ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠠᠪᠴᠢᠷᠠᠭᠰᠠᠨ ᠨᠢ
ᠣᠷᠳᠣ᠌ ᠬᠤᠭᠤᠴᠠᠭᠠᠨ᠎ᠤ ᠬᠤᠪᠢᠰᠬᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ᠎ᠪᠡᠷ ᠳᠡᠮᠵᠢᠨ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ 《ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠤᠭᠤᠲᠤ᠎ᠶᠢᠨ ᠪᠣᠯᠣᠳ ᠲᠡᠮᠦᠷ᠎ᠦᠨ ᠦᠢᠯᠡᠳᠪᠦᠷᠢ᠎ᠶᠢ ᠪᠦᠲᠦᠭᠡᠨ ᠪᠠᠢᠭᠤᠯᠤᠨᠠᠮ》 《ᠬᠦᠴᠢᠷ ᠪᠡᠷᠬᠡᠰᠢᠶᠡᠯ᠎ᠢ ᠢᠯᠠᠨ ᠳᠠᠪᠠᠵᠤ ᠠᠮᠤ ᠪᠤᠳᠠᠭ᠎ᠠ ᠮᠠᠯ ᠲᠡᠵᠢᠭᠡᠪᠦᠷᠢ ᠬᠠᠨᠳᠢᠪᠯᠠᠨ ᠲᠤᠰᠠᠯᠠᠬᠤ》 ᠵᠡᠷᠭᠡ ᠦᠨᠳᠦᠰᠦᠲᠡᠨ᠎ᠦ ᠪᠦᠯᠬᠦᠮᠳᠡᠯ᠎ᠦᠨ ᠲᠡᠦᠬᠡ᠎ᠶᠢᠨ ᠰᠠᠢᠬᠠᠨ ᠦᠯᠢᠭᠡᠷ᠎ᠦᠳ᠎ᠢ ᠪᠢᠴᠢᠭᠯᠡᠵᠦ᠂ ᠰᠢᠨ᠎ᠡ ᠳᠤᠮᠳᠠᠳᠤ ᠤᠯᠤᠰ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠳᠡᠭᠡᠷᠡᠬᠢ ᠠᠯᠢ ᠣᠯᠠᠨ 《ᠨᠢᠭᠡᠳᠦᠭᠡᠷ》 ᠪᠠ ᠡᠷᠬᠢᠮ ᠨᠠᠨᠳᠢᠨ ᠲᠤᠷᠰᠢᠯᠭ᠎ᠠ᠎ᠶᠢ ᠡᠭᠦᠳᠪᠡ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠰᠠᠢᠲᠤᠷ ᠪᠦᠲᠦᠭᠡᠨ ᠪᠠᠶ᠋ᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠳᠤᠷᠠᠳᠤᠭᠰᠠᠭᠠᠷ ᠢᠷᠡᠭᠰᠡᠨ ᠱᠠᠭᠠᠷᠳᠠᠯᠭ᠎ᠠ ᠪᠣᠯᠣᠨ᠎ᠠ
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠥᠪᠥᠷ ᠮᠣᠩᠭᠣᠯ᠎ᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠰᠠᠢᠲᠤᠷ ᠪᠦᠲᠦᠭᠡᠨ ᠪᠠᠶ᠋ᠢᠭᠤᠯᠬᠤ ᠲᠠᠯ᠎ᠠ᠎ᠪᠠᠷ ᠬᠢ ᠲᠣᠳᠣᠷᠬᠠᠢ ᠱᠠᠭᠠᠷᠳᠠᠯᠭ᠎ᠠ᠎ᠶᠢ ᠣᠯᠠᠨᠲᠠ ᠳᠤᠷᠠᠳᠴᠤ᠂ ᠥᠪᠥᠷ ᠮᠣᠩᠭᠣᠯ᠎ᠤᠨ ᠺᠠᠳ᠋ᠷ ᠣᠯᠠᠨ ᠲᠦᠮᠡᠨ᠎ᠳᠦ 《ᠢᠷᠠᠭᠤ ᠠᠯᠳᠠᠷ᠎ᠢᠶᠠᠨ ᠬᠤᠪᠢ ᠳᠠᠭᠢᠨ ᠨᠠᠨᠳᠢᠩᠨᠠᠵᠤ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠬᠠᠬᠤ ᠬᠡᠷᠡᠭᠲᠡᠢ》 《ᠰᠢᠨ᠎ᠡ ᠴᠠᠭ ᠦᠶ᠎ᠡ᠎ᠳᠦ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠦᠷᠭᠦᠯᠵᠢᠯᠡᠨ ᠪᠠᠲᠤᠯᠠᠬᠤ ᠬᠡᠷᠡᠭᠲᠡᠢ》 ᠭᠡᠵᠦ ᠬᠦᠰᠡᠨ ᠨᠠᠢᠳᠠᠪᠠ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠢᠭᠤᠯᠬᠤ ᠲᠤᠬᠠᠢ ᠲᠣᠭᠲᠠᠭᠠᠯ》᠎ᠢ ᠲᠣᠭᠲᠠᠭᠠᠪᠠ
ᠺᠠᠳ᠋ᠷ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠲᠤᠭᠤᠰᠢᠯᠠᠭᠤᠯᠵᠤ᠂ ᠨᠠᠮ᠎ᠤᠨ ᠠᠴᠢ᠎ᠳᠤ ᠲᠠᠯᠠᠷᠬᠠᠨ ᠨᠠᠮ᠎ᠤᠨ ᠦᠭᠡ᠎ᠶᠢ ᠰᠣᠨᠣᠰᠬᠤ᠂ ᠶᠡᠷᠦᠩᠬᠡᠢ ᠱᠦᠵᠢ ᠰᠢ ᠵᠢᠨ ᠫᠢᠩ᠎ᠢ ᠳᠠᠭᠠᠵᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ ᠲᠠᠯ᠎ᠠ᠎ᠪᠠᠷ ᠵᠢᠱ᠌ᠢᠶᠡᠴᠢ ᠪᠣᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠵᠢᠱ᠌ᠢᠶᠡᠴᠢ ᠪᠣᠯᠵᠤ᠂ ᠦᠨᠳᠦᠰᠦᠲᠡᠨ᠎ᠦ ᠭᠠᠵᠠᠷ ᠣᠷᠣᠨ᠎ᠳᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠵᠢᠱ᠌ᠢᠶᠡᠴᠢ ᠪᠣᠯᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ ᠵᠠᠮ᠎ᠳᠠᠬᠢ ᠵᠢᠱ᠌ᠢᠶᠡᠴᠢ ᠪᠣᠯᠵᠤ᠂ ᠬᠢᠯᠢ ᠬᠢᠵᠠᠭᠠᠷ ᠣᠷᠣᠨ᠎ᠢ ᠬᠥᠭᠵᠢᠭᠦᠯᠬᠦ ᠲᠣᠭᠲᠠᠪᠤᠷᠢᠵᠢᠭᠤᠯᠬᠤ ᠪᠡᠬᠢᠵᠢᠭᠦᠯᠬᠦ᠎ᠳᠦ ᠵᠢᠱ᠌ᠢᠶᠡᠴᠢ ᠪᠣᠯᠵᠤ᠂ ᠬᠢᠯᠢ ᠬᠢᠵᠠᠭᠠᠷ ᠣᠷᠣᠨ᠎ᠳᠤ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠣᠷᠴᠢᠯ᠎ᠢ ᠬᠣᠯᠪᠣᠬᠤ ᠲᠠᠯ᠎ᠠ᠎ᠪᠠᠷ ᠵᠢᠱ᠌ᠢᠶᠡᠴᠢ ᠪᠣᠯᠵᠤ᠂ ᠰᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠬᠤ ᠲᠠᠯ᠎ᠠ᠎ᠪᠠᠷ ᠵᠢᠱ᠌ᠢᠶᠡᠴᠢ ᠪᠣᠯᠣᠨ᠎ᠠ᠃
ᠰᠢᠨ᠎ᠡ ᠠᠶᠠᠨ᠎ᠳᠤ᠂ ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠬᠤ᠎ᠳᠤ ᠬᠠᠮᠤᠭ᠎ᠤᠨ ᠴᠢᠬᠤᠯᠠ ᠨᠢ ᠨᠢᠭᠡ ᠭᠣᠣᠯ ᠰᠢᠵᠢᠮ᠎ᠢ ᠲᠤᠭᠤᠰᠢᠯᠠᠭᠤᠯᠤᠨ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠤᠨ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠦ ᠳᠠᠪᠰᠢᠬᠤ᠎ᠳᠤ ᠨᠡᠩ ᠶᠡᠬᠡ ᠠᠬᠢᠴᠠ᠎ᠶᠢ ᠣᠯᠵᠤ᠂ ᠡᠬᠡ ᠤᠯᠤᠰ᠎ᠤᠨ ᠤᠮᠠᠷᠠᠲᠤ ᠬᠢᠵᠠᠭᠠᠷ᠎ᠤᠨ ᠡᠨᠡ ᠬᠦ᠌ ᠦᠵᠡᠮᠵᠢ᠎ᠶᠢᠨ ᠣᠷᠣᠨ᠎ᠢ ᠨᠡᠩ ᠦᠵᠡᠰᠬᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠤᠯᠠᠮ ᠳᠠᠭᠤᠷᠢᠰᠬᠠᠨ᠎ᠠ᠃