9 ᠳ᠋ᠦ᠍ᠭᠡᠷ ᠰᠠᠷ᠎ᠠ᠎ᠶᠢᠨ 23 ᠪᠠ 24 ᠦ ᠡᠳᠦᠷ᠂ ᠤᠯᠤᠰ᠎ᠤᠨ ᠤᠷᠠᠯᠢᠭ᠋᠎ᠤᠨ ᠰᠠᠭᠤᠷᠢ ᠮᠥᠩᠭᠥᠨ᠎ᠦ 2024 ᠣᠨ᠎ᠤ ᠤᠯᠠᠮᠵᠢᠯᠠᠵᠤ ᠰᠣᠯᠢᠯᠴᠠᠵᠤ ᠳᠡᠯᠭᠡᠷᠡᠭᠦᠯᠬᠦ ᠲᠥᠷᠥᠯ ᠵᠦᠢᠯ — ᠶᠠᠷᠢᠶᠠᠲᠤ ᠵᠦᠴᠦᠭᠡ 《ᠲᠡᠭᠷᠢ᠎ᠶᠢᠨ ᠬᠢᠵᠠᠭᠠᠷ ᠲᠠᠢ ᠵᠠᠯᠭᠠᠯᠳᠤᠭᠰᠠᠨ ᠲᠠᠯ᠎ᠠ ᠨᠤᠲᠤᠭ》᠎ᠢ ᠥᠪᠥᠷ ᠮᠣᠩᠭᠣᠯ᠎ᠤᠨ ᠣᠯᠠᠨ ᠲᠦᠮᠡᠨ᠎ᠦ ᠤᠷᠠᠯᠢᠭ᠋᠎ᠤᠨ ᠣᠷᠳᠣᠨ᠎ᠳᠤ ᠲᠣᠭᠯᠠᠪᠠ᠃
ᠲᠣᠰ ᠵᠦᠴᠦᠭᠡ ᠨᠢ 《ᠲᠡᠭᠷᠢ᠎ᠶᠢᠨ ᠬᠢᠵᠠᠭᠠᠷ᠎ᠲᠠᠬᠢ ᠲᠠᠯ᠎ᠠ ᠨᠤᠲᠤᠭ》 ᠬᠡᠮᠡᠨ ᠠᠯᠳᠠᠷᠰᠢᠭᠰᠠᠨ ᠤᠯᠠᠭᠠᠢ᠎ᠶᠢᠨ ᠲᠠᠯ᠎ᠠ ᠨᠤᠲᠤᠭ᠎ᠢᠶᠠᠷ ᠠᠷᠤ ᠦᠵᠡᠭᠳᠡᠯ ᠪᠣᠯᠭᠠᠵᠤ᠂ ᠪᠠᠷᠠᠭᠤᠨ ᠣᠷᠣᠨ᠎ᠤ ᠲᠥᠯᠥᠪᠯᠡᠭᠡ᠎ᠶᠢᠨ ᠰᠠᠢᠨ ᠳᠤᠷᠠᠲᠠᠨ ᠨᠥᠬᠥᠴᠡᠯ ᠰᠠᠢᠲᠠᠢ ᠬᠣᠲᠠ᠎ᠶᠢᠨ ᠠᠮᠢᠳᠤᠷᠠᠯ᠎ᠢᠶᠠᠨ ᠣᠷᠬᠢᠵᠤ᠂ ᠤᠯᠠᠭᠠᠢ᠎ᠶᠢᠨ ᠲᠠᠯ᠎ᠠ ᠨᠤᠲᠤᠭ᠎ᠲᠤ ᠨᠤᠲᠤᠭᠰᠢᠭᠰᠠᠨ ᠥᠯᠢᠭᠡᠷ᠎ᠢ ᠶᠠᠷᠢᠪᠠ᠃ ᠦᠯᠢᠭᠡᠷᠲᠦ᠂ ᠵᠤᠤ ᠵᠢᠶᠣᠣ ᠶᠦᠨ ᠰᠤᠳᠤᠯᠬᠤ ᠰᠣᠷᠣᠭᠴᠢ᠎ᠪᠠᠷ ᠪᠠᠲᠤᠯᠠᠭᠳᠠᠨ ᠰᠣᠷᠣᠯᠴᠠᠬᠤ ᠵᠠᠪᠰᠢᠶᠠᠨ᠎ᠢᠶᠠᠨ ᠣᠷᠬᠢᠵᠤ᠂ ᠠᠯᠤᠰ ᠬᠤᠯᠠ ᠰᠢᠯᠢ᠎ᠶᠢᠨ ᠭᠣᠣᠯ ᠠᠢᠮᠠᠭ᠎ᠲᠤ ᠬᠦᠷᠴᠦ ᠰᠤᠷᠭᠠᠨ ᠬᠥᠮᠦᠵᠢᠯ᠎ᠢ ᠳᠡᠮᠵᠢᠵᠡᠢ᠃ ᠵᠤᠤ ᠵᠢᠶᠣᠣ ᠶᠦᠨᠢ ᠰᠡᠮᠡᠭᠡᠷ ᠲᠣᠭᠣᠵᠤ ᠪᠠᠢᠭᠰᠠᠨ ᠭᠤᠤ ᠸᠧᠨ ᠲᠢᠶᠠᠨ ᠲᠡᠭᠦᠨ᠎ᠢ ᠲᠠᠭᠠᠵᠦ ᠤᠯᠠᠭᠠᠢ᠎ᠳᠤ ᠣᠴᠢᠭᠰᠠᠨ ᠪᠠᠢᠨ᠎ᠠ᠂ ᠬᠣᠶᠠᠭᠤᠯᠠ᠎ᠪᠠᠨ ᠵᠠᠯᠠᠭᠤ ᠦᠶ᠎ᠡ᠎ᠶᠢᠨ ᠭᠡᠨᠡᠨ ᠪᠣᠳᠣᠯ ᠪᠠ ᠡᠷᠡᠭᠡᠯᠵᠡᠯ ᠲᠠᠲᠠᠭᠠᠯᠵᠠᠯᠢ ᠥᠩᠭᠡᠷᠡᠭᠡᠵᠦ᠂ ᠡᠴᠦᠰ᠎ᠲᠦ᠎ᠪᠡᠨ ᠤᠯᠠᠭᠠᠢ᠎ᠳᠠᠬᠢ ᠬᠢᠴᠢᠶᠡᠯ᠎ᠦᠨ ᠲᠠᠩᠬᠢᠮ᠎ᠢ ᠪᠠᠲᠤ ᠰᠠᠬᠢᠬᠤ᠎ᠪᠠᠷ ᠪᠣᠯᠪᠠ᠃ ᠭᠡᠲᠡᠯ᠎ᠡ᠂ ᠬᠤᠪᠢ ᠵᠠᠶᠠᠭᠠᠨ᠎ᠤ ᠳᠣᠭᠰᠢᠨ ᠰᠢᠭᠤᠷᠭ᠎ᠠ ᠬᠡᠩᠭᠡᠷᠭᠡ ᠴᠠᠩ ᠦᠭᠡᠢ᠎ᠪᠡᠷ ᠢᠷᠡᠵᠦ᠂ ᠭᠤᠤ ᠸᠧᠨ ᠲᠢᠶᠠᠨ ᠲᠡᠷᠭᠡᠨ ᠡᠨᠳᠡᠯ᠎ᠡᠴᠡ ᠪᠣᠯᠵᠤ ᠬᠥᠳᠡᠭᠡ ᠨᠤᠲᠤᠭ᠎ᠤᠨ ᠬᠥᠷᠥᠰᠥᠨ᠎ᠳᠦ ᠥᠨᠢᠳᠡ ᠨᠣᠢᠷᠰᠤᠭᠰᠠᠨ᠎ᠠᠴᠠ ᠵᠤᠤ ᠵᠢᠶᠣᠣ ᠶᠦᠨ ᠯᠤᠲᠤ ᠶᠡᠬᠡ ᠡᠮᠭᠡᠨᠢᠯ ᠭᠠᠰᠢᠭᠤᠳᠠᠯ᠎ᠢᠶᠠᠨ ᠬᠢᠴᠢᠶᠡᠯ᠎ᠦᠨ ᠲᠠᠩᠬᠢᠮ᠎ᠳᠠᠬᠢ ᠰᠢᠷᠭᠢᠰᠢ ᠦᠭᠡᠢ ᠬᠥᠳᠡᠯᠭᠡᠭᠴᠢ ᠬᠦᠴᠦᠨ ᠪᠣᠯᠭᠠᠵᠤ᠂ ᠵᠠᠯᠠᠭᠤ ᠨᠠᠰᠤ᠎ᠪᠠᠨ ᠤᠮᠠᠷᠠᠲᠤ ᠬᠢᠵᠠᠭᠠᠷ᠎ᠤᠨ ᠦᠶ᠎ᠡ ᠦᠶ᠎ᠡ᠎ᠶᠢᠨ ᠰᠤᠷᠤᠭ᠍ᠴᠢᠳ᠎ᠲᠤ ᠵᠣᠷᠢᠭᠤᠯᠬᠤ᠎ᠪᠠᠷ ᠰᠢᠭᠤᠳᠴᠠᠢ᠃
ᠡᠨᠡ ᠬᠦ᠌ ᠪᠦᠲᠦᠭᠡᠯ ᠨᠢ 2022 ᠣᠨ᠎ᠤ 8 ᠳ᠋ᠤᠭᠠᠷ ᠰᠠᠷ᠎ᠠ᠎ᠶᠢᠨ 20 ᠤ ᠡᠳᠦᠷ ᠠᠩᠬ᠎ᠠ ᠲᠣᠭᠯᠠᠭᠳᠠᠭᠰᠠᠨ᠎ᠠᠴᠠ ᠣᠲᠣ᠌᠎ᠳᠤ ᠪᠣᠯᠲᠠᠯ᠎ᠠ ᠤᠯᠤᠰ᠎ᠤᠨ ᠤᠷᠠᠯᠢᠭ᠋᠎ᠤᠨ ᠰᠠᠭᠤᠷᠢ ᠮᠥᠩᠭᠥᠨ᠎ᠦ ᠳᠡᠮᠵᠢᠯᠭᠡ᠎ᠶᠢ ᠭᠤᠷᠪᠠᠨᠲᠠ ᠭᠥᠷᠳᠡᠭᠰᠡᠨ ᠪᠥᠭᠡᠳ ᠤᠷᠢᠳ ᠬᠣᠵᠢᠳ ᠲᠢᠶᠠᠨ ᠬᠠᠨ ᠨᠡᠷᠡᠮᠵᠢᠲᠦ ᠰᠢ ᠵᠦᠴᠦᠭᠡ᠎ᠶᠢᠨ ᠱᠠᠩᠨᠠᠯ᠎ᠤᠨ ᠰᠢᠯᠢᠳᠡᠭ ᠵᠦᠴᠦᠭᠡ᠎ᠶᠢᠨ ᠱᠠᠩᠨᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠢᠰᠠᠨ᠎ᠤ ᠤᠷᠠᠯᠢᠭ᠋᠎ᠤᠨ ᠰᠣᠳᠣᠨ ᠪᠦᠲᠦᠭᠡᠯ᠎ᠦᠨ ᠢᠨᠵᠧᠨᠧᠷᠢᠩ᠂ ᠥᠪᠥᠷ ᠮᠣᠩᠭᠣᠯ᠎ᠤᠨ ᠵᠠᠯᠠᠭᠤᠴᠤᠳ᠎ᠤᠨ ᠲᠠᠪᠤᠨ ᠰᠠᠷ᠎ᠠ᠎ᠶᠢᠨ ᠳᠥᠷᠪᠡᠨ᠎ᠦ ᠮᠧᠳᠠᠯ (ᠬᠠᠮᠲᠤ ᠨᠡᠶ᠋ᠢᠲᠡ) ᠵᠡᠷᠭᠡ ᠣᠯᠠᠨ ᠢᠷᠠᠭᠤ ᠠᠯᠳᠠᠷ᠎ᠢ ᠭᠥᠷᠳᠡᠭᠰᠡᠨ ᠪᠠᠢᠨ᠎ᠠ᠃