ᠲᠡᠷᠢᠭᠦᠨ ᠬᠠᠭᠤᠳᠠᠰᠤ   -   ᠴᠢᠬᠤᠯᠠ ᠮᠡᠳᠡᠭᠡ
《ᠡᠶᠡᠯᠳᠡᠭ ᠰᠠᠢᠬᠠᠨ ᠤᠮᠠᠷᠠᠲᠤ ᠬᠢᠵᠠᠭᠠᠷ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ》 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠭᠦᠨᠵᠡᠭᠡᠢᠷᠡᠭᠦᠯᠬᠦ᠌ ᠤᠬᠠᠭᠤᠯᠭ᠎ᠠ᠎ᠶ᠋ᠢᠨ ᠦᠨᠳᠦᠰᠦᠨ ᠱᠠᠲᠤᠨ᠎ᠳᠡᠬᠢ ᠠᠶᠠᠯᠠᠯ᠎ᠤᠨ ᠠᠵᠢᠯᠯᠠᠭ᠎ᠠ ᠦᠨᠳᠦᠷᠯᠡᠪᠡ
ᠨᠡᠶ᠋ᠢᠲᠡᠯᠡᠭᠰᠡᠨ ᠴᠠᠭ᠄ 2025-09-28

9 ᠳ᠋ᠦ᠍ᠭᠡᠷ ᠰᠠᠷ᠎ᠠ᠎ᠶᠢᠨ 27 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ ᠵᠢᠯᠣᠭᠣᠳᠴᠤ᠌᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ ᠬᠠᠮᠲᠤᠷᠠᠨ ᠡᠷᠭᠢᠯᠡᠭᠰᠡᠨ ᠬᠣᠶᠠᠳᠤᠭᠠᠷ ᠬᠤᠭᠤᠴᠠᠭᠠᠨ᠎ᠤ 《ᠡᠶᠡᠯᠳᠡᠭ ᠰᠠᠢᠬᠠᠨ ᠤᠮᠠᠷᠠᠲᠤ ᠬᠢᠵᠠᠭᠠᠷ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ》 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠭᠦᠨᠵᠡᠭᠡᠢᠷᠡᠭᠦᠯᠬᠦ᠌ ᠤᠬᠠᠭᠤᠯᠭ᠎ᠠ᠎ᠶ᠋ᠢᠨ ᠦᠨᠳᠦᠰᠦᠨ ᠱᠠᠲᠤᠨ᠎ᠳᠡᠬᠢ ᠠᠶᠠᠯᠠᠯ᠎ᠤᠨ 《ᠬᠠᠮᠲᠤ᠎ᠳᠤ᠎ᠪᠠᠨ ᠪᠦᠵᠢᠭ᠌ᠯᠡᠶ᠎ᠡ》 ᠠᠵᠢᠯᠯᠠᠭ᠎ᠠ ᠨᠢ ᠪᠠᠶᠠᠨᠨᠠᠭᠤᠷ ᠬᠣᠲᠠ᠎ᠶᠢᠨ ᠬᠠᠩᠭᠢᠨ ᠬᠣᠢᠲᠤ ᠬᠣᠰᠢᠭᠤᠨ᠎ᠤ ᠪᠡᠶ᠎ᠡ᠎ᠶᠢᠨ ᠲᠠᠮᠢᠷ᠎ᠤᠨ ᠴᠡᠴᠡᠷᠯᠢᠭ᠎ᠲᠦ ᠬᠦᠷᠴᠦ᠍᠂ ᠦᠨᠳᠦᠰᠦᠲᠡᠨ᠎ᠨᠦᠭᠦᠳ᠎ᠦᠨ 700 ᠭᠠᠷᠤᠢ ᠣᠯᠠᠨ ᠲᠦᠮᠡᠨ ᠨᠢᠭᠡ ᠲᠠᠩᠬᠢᠮ᠎ᠳᠤ ᠴᠤᠭᠯᠠᠷᠠᠨ ᠬᠠᠮᠲᠤ᠎ᠪᠠᠷ ᠪᠦᠵᠢᠭ᠌ᠯᠡᠵᠡᠭᠡᠪᠡ᠃ 

ᠠᠵᠢᠯᠯᠠᠭ᠎ᠠ᠎ᠶᠢᠨ ᠠᠬᠤᠢ ᠲᠠᠯᠠᠪᠠᠢ᠎ᠳᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠭᠰᠠᠨ ᠡᠬᠢᠯᠡᠯᠲᠡ᠎ᠶᠢᠨ ᠪᠥᠵᠢᠭ ᠬᠣᠷᠣᠮᠬᠠᠨ ᠵᠠᠭᠤᠷ᠎ᠠ ᠪᠦᠬᠦ ᠲᠠᠯᠠᠪᠠᠢ᠎ᠶᠢᠨ ᠠᠭᠤᠷ ᠠᠮᠢᠰᠭᠤᠯ᠎ᠢ ᠬᠥᠭᠵᠢᠭᠡᠪᠡ; ᠪᠥᠵᠢᠭ 《ᠳᠡᠭᠦᠯᠢᠯᠲᠡ》ᠨᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠦᠯᠬᠦᠮᠳᠡᠨ ᠲᠡᠮᠡᠴᠡᠵᠦ᠂ ᠢᠳᠡᠪᠬᠢᠲᠡᠢ᠎ᠪᠡᠷ ᠥᠭᠡᠳᠡᠯᠡᠨ ᠲᠠᠪᠰᠢᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠵᠡᠢ ᠁ 

ᠪᠦᠬᠦ ᠲᠠᠯᠠᠪᠠᠢ᠎ᠶᠢᠨ ᠦᠵᠡᠭᠴᠢᠳ᠎ᠦᠨ ᠬᠦᠰᠡᠨ ᠬᠦᠯᠢᠶᠡᠯᠲᠡ ᠳᠤᠮᠳᠠ᠂ 《ᠦᠵᠡᠰᠬᠦᠯᠡᠩᠲᠦ ᠰᠠᠢᠬᠠᠨ ᠳᠤᠮᠳᠠᠳᠤ ᠤᠯᠤᠰ》᠎ᠤᠨ ᠢᠷᠠᠭᠤ ᠰᠠᠢᠬᠠᠨ ᠬᠦᠭ ᠠᠶᠠᠰ᠎ᠤᠨ ᠳᠠᠭᠠᠤ 《ᠬᠠᠮᠲᠤ᠎ᠳᠤ᠎ᠪᠠᠨ ᠪᠦᠵᠢᠭ᠌ᠯᠡᠶ᠎ᠡ》 ᠲᠣᠭ᠍ᠯᠠᠯᠲᠠ ᠨᠢ ᠲᠠᠢᠰᠠᠨ᠎ᠠ ᠡᠬᠢᠯᠡᠪᠡ᠃  ᠪᠥᠵᠢᠭ᠎ᠢᠶᠠᠷ ᠵᠠᠭᠤᠴᠢ ᠪᠣᠯᠭᠠᠨ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠦᠨ ᠬᠦᠮᠦᠰ ᠮᠡᠲᠦ ᠲᠣᠳᠣᠨᠣ》 ᠬᠡᠮᠡᠬᠦ᠌ ᠨᠠᠢᠷᠰᠠᠭ ᠬᠣᠯᠪᠣᠭ᠎ᠠ᠎ᠶ᠋ᠢ ᠳᠠᠮᠵᠢᠭᠤᠯᠵᠠᠢ᠃ 

ᠪᠠᠶᠠᠨᠨᠠᠭᠤᠷ ᠬᠤᠲᠠ᠎ᠶᠢᠨ ᠬᠠᠩᠭᠢᠨ ᠬᠣᠢᠲᠤ ᠬᠣᠰᠢᠭᠤᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠡᠷᠬᠢᠯᠡᠭᠴᠢ ᠴᠧᠨ ᠮᠢᠩ᠄ 《ᠪᠥᠵᠢᠭ ᠨᠢ ᠬᠥᠷᠰᠢ ᠵᠡᠷᠭᠡᠯᠡᠳᠡᠭᠡ᠎ᠶᠢᠨ ᠦᠨᠡᠨ ᠰᠡᠳᠬᠢᠯᠭᠡ᠎ᠶᠢ ᠬᠣᠯᠪᠣᠵᠤ᠂ ᠬᠥᠳᠡᠯᠭᠡᠭᠡᠨ ᠨᠢ ᠪᠦᠯᠬᠦᠮᠳᠡᠯ᠎ᠦᠨ ᠬᠦᠴᠦᠨ᠎ᠢ ᠨᠢᠭ᠍ᠲᠠᠷᠠᠭᠤᠯᠵᠠᠢ᠃ ᠠᠵᠢᠯᠯᠠᠭ᠎ᠠ ᠨᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠠᠮᠲᠤ᠎ᠪᠠᠷ ᠣᠷᠣᠯᠴᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠣᠨᠣᠯᠵᠢᠬᠤᠨ᠎ᠢ ᠬᠥᠮᠥᠰ᠎ᠦᠨ ᠰᠡᠳᠬᠢᠯ᠎ᠳᠦ ᠨᠡᠩ ᠭᠦᠨ ᠬᠠᠳᠠᠩᠱᠢᠭᠤᠯᠪᠠ》 ᠭᠡᠪᠡ᠃ 

ᠲᠤᠰ ᠤᠳᠠᠭᠠᠨ᠎ᠤ ᠠᠵᠢᠯᠯᠠᠭ᠎ᠠ ᠦᠨᠳᠦᠷᠯᠡᠬᠦ᠌᠎ᠶ᠋ᠢ ᠳᠠᠭᠠᠯᠳᠤᠨ᠂ ᠬᠣᠶᠠᠳᠤᠭᠠᠷ ᠬᠤᠭᠤᠴᠠᠭᠠᠨ᠎ᠤ 《ᠡᠶᠡᠯᠳᠡᠭ ᠰᠠᠢᠬᠠᠨ ᠤᠮᠠᠷᠠᠲᠤ ᠬᠢᠵᠠᠭᠠᠷ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ》 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠭᠦᠨᠵᠡᠭᠡᠢᠷᠡᠭᠦᠯᠬᠦ᠌ ᠤᠬᠠᠭᠤᠯᠭ᠎ᠠ᠎ᠶ᠋ᠢᠨ ᠦᠨᠳᠦᠰᠦᠨ ᠱᠠᠲᠤᠨ᠎ᠳᠡᠬᠢ ᠠᠶᠠᠯᠠᠯ᠎ᠤᠨ ᠠᠵᠢᠯᠯᠠᠭ᠎ᠠ ᠲᠡᠭᠦᠰ ᠠᠮᠵᠢᠯᠲᠠ᠎ᠲᠠᠢ ᠦᠨᠳᠦᠷᠯᠡᠪᠡ᠃ ᠲᠤᠰ ᠬᠤᠭᠤᠴᠠᠭᠠᠨ᠎ᠤ ᠠᠵᠢᠯᠯᠠᠭ᠎ᠠ 9 ᠳ᠋ᠦ᠍ᠭᠡᠷ ᠰᠠᠷ᠎ᠠ᠎ᠶᠢᠨ 10 ᠎ᠤ ᠡᠳᠦᠷ ᠡᠬᠢᠯᠡᠭᠰᠡᠨ᠎ᠡᠴᠡ ᠨᠠᠭᠠᠰᠢ᠂ ᠤᠷᠢᠳ ᠬᠣᠵᠢᠳ ᠬᠥᠬᠡᠬᠣᠲᠠ᠎ᠶᠢᠨ ᠷᠦᠢ ᠮᠧᠢ ᠺᠠᠢ ᠨᠦᠸᠧ ᠤᠯᠠᠭᠠᠨ ᠠᠨᠠᠷ ᠭᠣᠣᠯ ᠰᠡᠳᠦᠪᠲᠦ ᠺᠢᠨᠣ᠋ ᠣᠷᠳᠣᠨ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ (ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠬᠠᠷᠢᠶᠠᠲᠤ ᠬᠣᠶᠠᠳᠤᠭᠠᠷ ᠰᠤᠷᠭᠠᠭᠤᠯᠢ)᠂ ᠪᠣᠷᠣᠳᠣᠬᠣᠢ ᠳᠡᠭᠡᠳᠦ ᠰᠤᠷᠭᠠᠭᠤᠯᠢ᠂ ᠪᠠᠶᠠᠨᠨᠠᠭᠤᠷ ᠬᠤᠳᠠ᠎ᠶᠢᠨ ᠯᠢᠨ ᠾᠧ ᠲᠣᠭᠣᠷᠢᠭ᠋᠎ᠤᠨ ᠤᠯᠤᠰ᠎ᠠᠴᠠ ᠡᠷᠬᠢᠯᠡᠭ᠌ᠰᠡᠨ ᠰᠢᠨᠬᠤᠸᠠ ᠤᠢ᠎ᠶ᠋ᠢᠨ ᠲᠠᠯᠠᠪᠠᠢ ᠵᠡᠷᠭᠡ ᠭᠠᠵᠠᠷ᠎ᠢᠶᠠᠷ ᠬᠦᠷᠪᠡ᠃ 《ᠬᠠᠮᠲᠤ᠎ᠳᠤ᠎ᠪᠠᠨ ᠵᠦᠴᠦᠭᠡ ᠦᠵᠡᠶ᠎ᠡ》 《ᠬᠠᠮᠲᠤ᠎ᠳᠤ᠎ᠪᠠᠨ ᠳᠠᠭᠤᠯᠠᠶ᠎ᠠ》 《ᠬᠠᠮᠲᠤ᠎ᠳᠤ᠎ᠪᠠᠨ ᠵᠢᠷᠤᠭ ᠵᠢᠷᠤᠶ᠎ᠠ》 《ᠬᠠᠮᠲᠤ᠎ᠳᠤ᠎ᠪᠠᠨ ᠬᠢᠴᠢᠶᠡᠯᠯᠡᠶ᠎ᠡ》 《ᠬᠠᠮᠲᠤ᠎ᠳᠤ᠎ᠪᠠᠨ ᠪᠦᠵᠢᠭ᠌ᠯᠡᠶ᠎ᠡ》 ᠰᠢᠷᠢᠰ ᠭᠣᠣᠯ ᠰᠡᠳᠦᠪᠲᠦ ᠠᠵᠢᠯᠯᠠᠭ᠎ᠠ᠎ᠶᠢ ᠥᠷᠨᠢᠭᠦᠯᠬᠦ᠎ᠪᠡᠷ ᠳᠠᠮᠵᠢᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠠᠮᠲᠤ᠎ᠪᠠᠷ ᠣᠷᠣᠯᠴᠠᠬᠤ᠂ ᠬᠠᠮᠲᠤ᠎ᠪᠠᠷ ᠣᠢᠯᠠᠭᠠᠯᠴᠠᠬᠤ ᠳᠤᠮᠳᠠ 《ᠲᠠᠪᠤᠨ ᠬᠠᠮᠲᠤ᠎ᠶᠢᠨ ᠲᠠᠨᠢᠯᠲᠠ》᠎ᠶᠢ ᠨᠡᠮᠡᠭᠳᠡᠭᠦᠯᠵᠦ᠂ ᠰᠡᠳᠭᠢᠯ᠎ᠦᠨ ᠢᠮᠡᠰᠭᠡᠯ᠎ᠢ ᠭᠦᠨᠵᠡᠭᠡᠢᠷᠡᠭᠦᠯᠦᠨ᠂ ᠪᠦᠯᠬᠦᠮᠳᠡᠨ ᠲᠡᠮᠡᠴᠡᠬᠦ ᠬᠦᠴᠦᠷᠬᠡᠭ ᠶᠡᠬᠡ ᠬᠠᠮᠲᠤᠷᠠᠯ ᠬᠦᠴᠦᠨ᠎ᠢ ᠤᠯᠠᠮ ᠨᠢᠭᠡ ᠠᠯᠬᠤᠮ ᠨᠢᠭ᠍ᠲᠠᠷᠠᠭᠤᠯᠪᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ