ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠰᠡᠳᠬᠢᠯ᠎ᠢᠶᠡᠨ ᠨᠢᠭᠡᠳᠬᠡᠨ ᠬᠦᠴᠦᠨ᠎ᠢᠶᠡᠨ ᠬᠠᠮᠲᠤᠳᠬᠠᠵᠤ ᠪᠦᠯᠬᠦᠮᠳᠡᠯ᠎ᠦᠨ ᠵᠢᠷᠤᠭ᠎ᠢ ᠬᠠᠮᠲᠤ᠎ᠪᠠᠷ ᠵᠢᠷᠤᠭ᠍ᠯᠠᠨᠠᠮ — ᠬᠣᠶᠠᠳᠤᠭᠠᠷ ᠬᠤᠭᠤᠴᠠᠭᠠᠨ᠎ᠤ 《ᠡᠶᠡᠯᠳᠡᠭ ᠰᠠᠢᠬᠠᠨ ᠤᠮᠠᠷᠠᠲᠤ ᠬᠢᠵᠠᠭᠠᠷ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ》 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠭᠦᠨᠵᠡᠭᠡᠢᠷᠡᠭᠦᠯᠬᠦ᠌ ᠤᠬᠠᠭᠤᠯᠭ᠎ᠠ᠎ᠶ᠋ᠢᠨ ᠦᠨᠳᠦᠰᠦᠨ ᠱᠠᠲᠤᠨ᠎ᠳᠡᠬᠢ ᠠᠶᠠᠯᠠᠯ᠎ᠤᠨ ᠠᠵᠢᠯᠯᠠᠭ᠎ᠠ᠎ᠶ᠋ᠢᠨ ᠲᠤᠬᠠᠢ ᠬᠦᠦᠷᠨᠢᠯ
ᠨᠡᠶ᠋ᠢᠲᠡᠯᠡᠭᠰᠡᠨ ᠴᠠᠭ᠄ 2025-09-30

ᠮᠢᠩᠭ᠎ᠠ ᠭᠠᠷᠤᠢ ᠪᠠᠭ᠍ᠰᠢ ᠰᠤᠷᠤᠭ᠍ᠴᠢᠳ 《ᠪᠢ ᠡᠬᠡ ᠤᠯᠤᠰ᠎ᠲᠠᠢ᠎ᠪᠠᠨ》 ᠭᠡᠰᠡᠨ ᠳᠠᠭᠤᠤ᠎ᠶ᠋ᠢ ᠬᠠᠮᠲᠤ᠎ᠪᠠᠷ ᠳᠠᠭᠤᠯᠠᠵᠤ᠂ ᠪᠠᠭ᠎ᠠ ᠰᠤᠷᠭᠠᠭᠤᠯᠢ᠎ᠶᠢᠨ 300 ᠰᠢᠬᠠᠮ ᠰᠤᠷᠤᠭ᠍ᠴᠢᠳ ᠦᠨᠳᠦᠰᠦᠲᠡᠨ᠎ᠦ ᠪᠦᠯᠬᠦᠮᠳᠡᠯ᠎ᠦᠨ ᠲᠣᠮᠣ᠌ ᠬᠠᠭᠤᠳᠠᠰᠤ᠎ᠶᠢ ᠬᠠᠮᠲᠤ᠎ᠪᠠᠷ ᠵᠢᠷᠤᠭᠯᠠᠵᠤ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠦᠨᠳᠦᠰᠦᠲᠡᠨ᠎ᠦ ᠪᠦᠯᠬᠦᠮᠳᠡᠯ᠎ᠦᠨ ᠰᠢᠨ᠎ᠡ ᠰᠡᠪᠡᠭᠦᠨ ᠬᠢᠴᠢᠶᠡᠯ᠎ᠢ ᠰᠣᠨᠣᠰᠴᠠᠢ ᠁ 

9 ᠳ᠋ᠦ᠍ᠭᠡᠷ ᠰᠠᠷ᠎ᠠ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠳᠦᠴᠢᠨ ᠬᠣᠶᠠᠳᠠᠭᠢ ᠠᠵᠢᠯᠯᠠᠭ᠎ᠠ᠎ᠶ᠋ᠢᠨ ᠰᠠᠷ᠎ᠠ ᠪᠣᠯᠣᠨ᠎ᠠ᠃ 9 ᠳ᠋ᠦ᠍ᠭᠡᠷ ᠰᠠᠷ᠎ᠠ᠎ᠶᠢᠨ 10 ᠎ᠠᠴᠠ 27 ᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠵᠢᠯᠣᠭᠣᠳᠤᠯᠭ᠎ᠠ᠎ᠪᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ ᠪᠣᠯᠣᠨ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ ᠬᠠᠮᠲᠤᠷᠠᠨ ᠬᠣᠶᠠᠳᠤᠭᠠᠷ ᠬᠤᠭᠤᠴᠠᠭᠠᠨ᠎ᠤ 《ᠡᠶᠡᠯᠳᠡᠭ ᠰᠠᠢᠬᠠᠨ ᠤᠮᠠᠷᠠᠲᠤ ᠬᠢᠵᠠᠭᠠᠷ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ》 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠭᠦᠨᠵᠡᠭᠡᠢᠷᠡᠭᠦᠯᠬᠦ᠌ ᠤᠬᠠᠭᠤᠯᠭ᠎ᠠ᠎ᠶ᠋ᠢᠨ ᠦᠨᠳᠦᠰᠦᠨ ᠱᠠᠲᠤᠨ᠎ᠳᠡᠬᠢ ᠠᠶᠠᠯᠠᠯ᠎ᠤᠨ ᠠᠵᠢᠯᠯᠠᠭ᠎ᠠ᠎ᠶ᠋ᠢ ᠶᠠᠪᠤᠭ᠍ᠳᠠᠭᠤᠯᠪᠠ᠂ ᠬᠥᠬᠡᠬᠣᠲᠠ᠂ ᠪᠠᠶᠠᠨᠨᠠᠭᠤᠷ ᠬᠣᠲᠠ᠎ᠳᠤ ᠭᠦᠨᠵᠡᠭᠡᠢᠷᠡᠨ᠂ 《ᠬᠠᠮᠲᠤ᠎ᠳᠤ᠎ᠪᠠᠨ ᠵᠦᠴᠦᠭᠡ ᠦᠵᠡᠶ᠎ᠡ》 《ᠬᠠᠮᠲᠤ᠎ᠳᠤ᠎ᠪᠠᠨ ᠳᠠᠭᠤᠯᠠᠶ᠎ᠠ》 《ᠬᠠᠮᠲᠤ᠎ᠳᠤ᠎ᠪᠠᠨ ᠪᠦᠵᠢᠭ᠌ᠯᠡᠶ᠎ᠡ》 《ᠬᠠᠮᠲᠤ᠎ᠳᠤ᠎ᠪᠠᠨ ᠵᠢᠷᠤᠭ ᠵᠢᠷᠤᠶ᠎ᠠ》 《ᠬᠠᠮᠲᠤ᠎ᠳᠤ᠎ᠪᠠᠨ ᠬᠢᠴᠢᠶᠡᠯᠯᠡᠶ᠎ᠡ》 ᠭᠡᠬᠦ ᠰᠦᠯᠵᠢᠶᠡᠨ᠎ᠡᠴᠡ ᠭᠠᠳᠠᠭᠤᠷᠬᠢ ᠠᠵᠢᠯᠯᠠᠭ᠎ᠠ᠎ᠶ᠋ᠢ 6 ᠲᠠᠯᠠᠪᠤᠷ ᠥᠷᠨᠢᠭᠦᠯᠵᠦ᠂ ᠤᠯᠠᠨ ᠲᠦᠮᠡᠨ᠎ᠦ ᠦᠵᠡᠵᠦ ᠰᠣᠨᠢᠷᠬᠠᠬᠤ ᠳᠤᠷᠠᠲᠠᠢ ᠬᠡᠯᠪᠡᠷᠢ᠎ᠪᠡᠷ ᠦᠨᠳᠦᠰᠦᠲᠡᠨ᠎ᠦ ᠪᠦᠯᠬᠦᠮᠳᠡᠯ᠎ᠦᠨ ᠦᠷ᠎ᠡ᠎ᠶᠢ ᠤᠮᠠᠷᠠᠲᠤ ᠬᠢᠯᠢ᠎ᠶᠢᠨ ᠡᠬᠡ ᠭᠠᠵᠠᠷ᠎ᠲᠤ ᠰᠠᠴᠤᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ᠎ᠪᠡᠷ ᠬᠦᠮᠦᠰ᠎ᠦᠨ ᠰᠡᠳᠬᠢᠯ ᠵᠢᠷᠦᠬᠡᠨ᠎ᠳᠦ ᠬᠠᠳᠠᠩᠰᠢᠭᠤᠯᠵᠤ᠂ ᠪᠦᠯᠬᠦᠮᠳᠡᠨ ᠲᠡᠮᠡᠴᠡᠬᠦ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠪᠠ᠃ 

ᠲᠣᠰ ᠠᠵᠢᠯᠯᠠᠭ᠎ᠠ᠎ᠶᠢᠨ ᠠᠩᠬᠠᠨ᠎ᠤ ᠥᠷᠲᠡᠭᠡ᠎ᠶᠢ ᠬᠥᠬᠡᠬᠣᠲᠠ᠎ᠶᠢᠨ ᠷᠦᠢ ᠮᠧᠶ ᠺᠠᠢ ᠨᠦᠸᠧ ᠤᠯᠠᠭᠠᠨ ᠠᠨᠠᠷ ᠭᠣᠣᠯ ᠰᠡᠳᠦᠪᠲᠦ ᠺᠢᠨᠣ᠋᠎ᠶᠢᠨ ᠣᠷᠳᠣᠨ᠎ᠳᠤ ᠲᠣᠬᠢᠷᠠᠭᠤᠯᠪᠠ᠃ ᠳᠣᠲᠣᠭᠠᠳᠤ᠎ᠶ᠋ᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠢᠭᠡᠮ ᠲᠣᠭᠣᠷᠢᠭ᠋᠎ᠤᠨ ᠠᠵᠢᠯᠲᠠᠳ ᠵᠢᠴᠢ ᠦᠨᠳᠦᠰᠦᠲᠡᠨ᠎ᠨᠦᠭᠦᠳ᠎ᠦᠨ ᠤᠯᠠᠨ ᠲᠦᠮᠡᠨ ᠵᠡᠷᠭᠡ ᠵᠠᠭᠤ ᠭᠠᠷᠤᠢ ᠬᠥᠮᠥᠨ ᠨᠢᠭᠡ ᠲᠠᠩᠬᠢᠮ᠎ᠳᠤ ᠴᠤᠭᠯᠠᠷᠠᠵᠤ᠂ ᠦᠨᠳᠦᠰᠦᠲᠡᠨ᠎ᠦ ᠪᠦᠯᠬᠦᠮᠳᠡᠯ᠎ᠦᠨ ᠰᠡᠳᠦᠪᠲᠦ ᠺᠢᠨᠣ᠋ 《ᠴᠠᠭᠳᠠᠭ᠎ᠠ ᠪᠤᠶᠠᠨ》᠎ᠢ ᠬᠠᠮᠲᠤ᠎ᠪᠠᠷ ᠰᠣᠨᠢᠷᠬᠠᠵᠠᠭᠠᠪᠠ᠃ ᠲᠤᠰ ᠺᠢᠨᠣ᠋᠎ᠳᠤ ᠪᠦᠬᠦ ᠤᠯᠤᠰ᠎ᠤᠨ ᠳᠣᠲᠣᠭᠠᠳᠤ᠎ᠶᠢ ᠬᠠᠮᠠᠭᠠᠯᠠᠬᠤ ᠱᠢᠰᠲ᠋ᠧᠮ᠎ᠦᠨ ᠨᠢᠭᠡᠳᠦᠭᠡᠷ ᠳᠡᠰ᠎ᠤᠨ ᠪᠠᠭᠠᠲᠤᠷ ᠵᠢᠱ᠌ᠢᠶᠡᠴᠢ ᠪᠤᠶᠠᠨᠳᠡᠯᠭᠡᠷ᠎ᠤᠨ ᠬᠢᠯᠢ ᠬᠢᠵᠠᠭᠠᠷ᠎ᠲᠤ ᠦᠨᠳᠦᠰᠦᠯᠡᠵᠦ᠂ ᠤᠯᠠᠨ ᠲᠦᠮᠡᠨ᠎ᠳᠦ ᠦᠢᠯᠡᠴᠢᠯᠡᠨ᠂ ᠤᠮᠠᠷᠠᠲᠤ ᠬᠢᠵᠠᠭᠠᠷ᠎ᠢᠶᠠᠨ ᠰᠠᠬᠢᠨ ᠬᠠᠮᠠᠭᠠᠯᠠᠭᠰᠠᠨ ᠰᠡᠳᠬᠢᠯ ᠬᠥᠳᠡᠯᠭᠡᠮ᠎ᠡ ᠦᠯᠢᠭᠡᠷ᠎ᠢ ᠶᠠᠷᠢᠪᠠ᠃ 

ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ (ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠬᠠᠷᠢᠶᠠᠲᠤ ᠬᠣᠶᠠᠳᠤᠭᠠᠷ ᠰᠤᠷᠭᠠᠭᠤᠯᠢ)᠎ᠶ᠋ᠢᠨ 《ᠬᠠᠮᠲᠤ᠎ᠳᠤ᠎ᠪᠠᠨ ᠵᠢᠷᠤᠭ ᠵᠢᠷᠤᠶ᠎ᠠ》 ᠭᠡᠬᠦ᠌ ᠠᠵᠢᠯᠯᠠᠭ᠎ᠠ᠎ᠳᠤ 300 ᠰᠢᠬᠠᠮ ᠰᠣᠷᠣᠭ᠍ᠴᠢ ᠢᠳᠡᠪᠬᠢᠯᠡᠨ ᠣᠷᠣᠯᠴᠠᠵᠠᠢ᠃ ᠬᠡᠦᠬᠡᠳ᠎ᠦᠳ ᠪᠤᠳᠤᠭᠲᠤ ᠪᠢᠷ᠎ᠢᠶᠡᠷ᠎ᠢᠶᠡᠨ 240 ᠬᠡᠰᠡᠭ ᠵᠢᠷᠤᠭ᠎ᠤᠨ ᠬᠠᠪᠲᠠᠰᠤᠨ᠎ᠳᠤ ᠥᠩᠭᠡ ᠪᠤᠳᠤᠭ ᠪᠠ ᠠᠮᠢᠵᠢᠷᠠᠯ᠎ᠤᠨ ᠬᠦᠴᠦᠨ ᠨᠡᠮᠡᠷᠢᠯᠡᠪᠡ᠃ ᠪᠤᠢ ᠪᠦᠬᠦᠢ ᠵᠢᠷᠤᠭ᠎ᠤᠨ ᠬᠠᠪᠲᠠᠰᠤ᠎ᠶᠢ ᠨᠡᠢᠯᠡᠭᠦᠯᠬᠦ᠎ᠳᠦ᠂ ᠵᠠᠭᠤ ᠱᠢᠬᠠᠮ ᠺᠦᠸᠠᠳ᠋ ᠮᠧᠲᠷ ᠪᠦᠬᠦᠢ ᠦᠨᠳᠦᠰᠦᠲᠡᠨ᠎ᠦ ᠪᠦᠯᠬᠦᠮᠳᠡᠯ᠎ᠦᠨ ᠲᠣᠮᠣ᠌ ᠵᠢᠷᠤᠭ ᠢᠯᠡᠷᠡᠵᠡᠢ᠂ 《ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭ᠍ᠲᠠᠷᠠᠨ ᠪᠦᠯᠬᠦᠮᠳᠡᠵᠡᠭᠡᠶ᠎ᠡ》 ᠭᠡᠬᠦ ᠦᠰᠦᠭ ᠲᠣᠳᠣᠷᠠᠨ᠂ ᠦᠨᠳᠦᠰᠦᠲᠡᠨ᠎ᠦ ᠪᠦᠯᠬᠦᠮᠳᠡᠯ᠎ᠦᠨ ᠭᠦᠨ ᠵᠤᠵᠠᠭᠠᠨ ᠨᠦᠬᠦᠷᠰᠡᠭ ᠬᠠᠷᠢᠴᠠᠭ᠎ᠠ᠎ᠶ᠋ᠢ ᠬᠠᠷᠠᠭᠤᠯᠵᠠᠢ᠃ ᠡᠨᠡ ᠬᠦ᠌ ᠵᠢᠷᠤᠭ ᠨᠢ ᠬᠡᠦᠬᠡᠳ᠎ᠦᠳ᠎ᠦᠨ ᠤᠷᠠᠨ ᠰᠡᠳᠭᠢᠮᠵᠢ᠎ᠶ᠋ᠢ ᠨᠢᠭ᠍ᠲᠠᠷᠠᠭᠤᠯᠤᠭᠰᠠᠨ᠎ᠢᠶᠠᠷ ᠪᠠᠷᠠᠬᠤ ᠦᠭᠡᠢ᠂ ᠨᠡᠩ ᠴᠤ᠌ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠪᠦᠯᠬᠦᠮᠳᠡᠯ᠎ᠦᠨ ᠲᠤᠬᠠᠢ ᠭᠦᠨᠵᠡᠭᠡᠢ ᠮᠡᠳᠡᠷᠡᠮᠵᠢ᠎ᠶ᠋ᠢ ᠬᠠᠷᠠᠭᠤᠯᠤᠭᠰᠠᠨ ᠪᠠᠢᠨ᠎ᠠ᠃ 

ᠪᠠᠶᠠᠨᠨᠠᠭᠤᠷ ᠬᠤᠳᠠ᠎ᠶᠢᠨ ᠯᠢᠨ ᠾᠧ ᠲᠣᠭᠣᠷᠢᠭ᠋᠎ᠤᠨ ᠤᠯᠤᠰ᠎ᠠᠴᠠ ᠡᠷᠬᠢᠯᠡᠭ᠌ᠰᠡᠨ ᠰᠢᠨᠬᠤᠸᠠ ᠤᠢ᠎ᠶ᠋ᠢᠨ ᠲᠠᠯᠠᠪᠠᠢ᠎ᠳᠤ᠂ ᠲᠤᠬᠠᠢ᠎ᠶᠢᠨ ᠭᠠᠵᠠᠷ᠎ᠤᠨ ᠵᠠᠭᠤ ᠰᠢᠬᠠᠮ ᠤᠯᠠᠨ ᠲᠦᠮᠡᠨ ᠤᠢ᠎ᠶ᠋ᠢᠨ ᠳᠤᠮᠳᠠ ᠴᠤᠭᠯᠠᠷᠠᠨ ᠬᠢᠴᠢᠶᠡᠯ ᠰᠣᠨᠣᠰᠪᠠ᠃ ᠢᠷᠠᠭᠤ ᠰᠠᠢᠬᠠᠨ ᠪᠣᠷᠣᠳᠣᠬᠣᠢ᠎ᠶ᠋ᠢᠨ ᠬᠣᠯᠪᠣᠭ᠎ᠠ ᠪᠠ ᠳᠡᠷᠭᠡᠳᠡᠬᠢ ᠬᠦᠮᠦᠰ᠎ᠦᠨ ᠰᠡᠳᠭᠢᠯ ᠬᠦᠳᠡᠯᠭᠡᠮ᠎ᠡ ᠦᠯᠢᠭᠡᠷ ᠨᠢ ᠤᠨᠤᠯ ᠪᠣᠯᠣᠨ ᠲᠦᠷᠦ᠎ᠶᠢᠨ ᠪᠣᠳᠣᠯᠭ᠎ᠠ᠎ᠶᠢ ᠬᠥᠮᠥᠰ᠎ᠦᠨ ᠰᠡᠳᠬᠢᠯ᠎ᠳᠦ ᠭᠦᠨ ᠬᠠᠳᠠᠩᠰᠢᠭᠤᠯᠵᠠᠢ᠃ ᠠᠰᠠᠭᠤᠯᠲᠠ ᠬᠠᠷᠢᠭᠤᠯᠲᠠ᠎ᠶᠢᠨ ᠭᠣᠭᠴᠣᠭ᠎ᠠ᠎ᠳᠤ᠂ ᠤᠯᠠᠨ᠎ᠢᠶᠠᠷ᠎ᠢᠶᠠᠨ ᠢᠳᠡᠪᠬᠢᠲᠡᠢ᠎ᠪᠡᠷ ᠭᠠᠷ ᠡᠷᠭᠦᠨ ᠰᠡᠳᠦᠪ ᠬᠠᠷᠢᠭᠤᠯᠵᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠬᠦᠷ ᠪᠠᠶᠠᠷ ᠲᠠᠢ ᠠᠭᠤᠷ ᠠᠮᠢᠰᠬᠤᠯ᠎ᠤᠨ ᠳᠤᠮᠳᠠ ᠰᠡᠳᠬᠢᠯ ᠵᠢᠷᠦᠬᠡᠨ᠎ᠳᠦ ᠨᠢ ᠠᠭᠤᠰᠤᠭ᠍ᠰᠠᠨ ᠪᠠᠢᠨ᠎ᠠ᠃ 

ᠲᠣᠰ ᠬᠤᠭᠤᠴᠠᠭᠠᠨ᠎ᠤ ᠠᠵᠢᠯᠯᠠᠭ᠎ᠠ᠎ᠳᠤ᠂ 《ᠬᠠᠮᠲᠤ᠎ᠳᠤ᠎ᠪᠠᠨ ᠳᠠᠭᠤᠯᠠᠶ᠎ᠠ》 《ᠬᠠᠮᠲᠤ᠎ᠳᠤ᠎ᠪᠠᠨ ᠪᠦᠵᠢᠭ᠌ᠯᠡᠶ᠎ᠡ》 ᠭᠡᠬᠦ᠌ ᠠᠵᠢᠯᠯᠠᠭ᠎ᠠ ᠨᠢ ᠬᠠᠮᠲᠤ᠎ᠶ᠋ᠢᠨ ᠠᠭᠤᠰᠤᠯᠴᠠᠯ᠎ᠤᠨ ᠠᠭᠤᠷ ᠠᠮᠢᠰᠬᠤᠯ᠎ᠢ ᠪᠣᠶ ᠪᠣᠯᠭᠠᠬᠤ ᠬᠢᠯᠠᠰ ᠴᠡᠭ ᠪᠣᠯᠵᠠᠢ᠃ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠪᠣᠷᠣᠳᠣᠬᠣᠢ ᠳᠡᠭᠡᠳᠦ ᠰᠤᠷᠭᠠᠭᠤᠯᠢ᠎ᠶᠢᠨ ᠬᠦᠷᠢᠶᠡᠨ᠎ᠳᠦ ᠲᠤᠰ ᠪᠦᠷᠢ 《ᠬᠠᠮᠲᠤ᠎ᠳᠤ᠎ᠪᠠᠨ ᠳᠠᠭᠤᠯᠠᠶ᠎ᠠ》 ᠭᠡᠬᠦ᠌ ᠠᠵᠢᠯᠯᠠᠭ᠎ᠠ ᠥᠷᠨᠢᠭᠦᠯᠵᠦ᠂ ᠪᠦᠬᠦ ᠲᠠᠯᠠᠪᠠᠢ᠎ᠳᠡᠬᠢ ᠪᠠᠭ᠍ᠰᠢ ᠰᠤᠷᠤᠭ᠍ᠴᠢᠳ ᠤᠯᠤᠰ᠎ᠤᠨ ᠲᠤᠭ᠎ᠢᠶᠠᠨ ᠨᠠᠮᠢᠷᠠᠭᠤᠯᠵᠤ᠂ 《ᠪᠢ ᠡᠬᠡ ᠤᠯᠤᠰ ᠲᠠᠢ᠎ᠪᠠᠨ》ᠭᠡᠬᠦ ᠳᠠᠭᠤᠤ᠎ᠶᠢ ᠬᠠᠮᠲᠤ᠎ᠪᠠᠷ ᠳᠠᠭᠤᠯᠠᠵᠤ᠂ ᠬᠠᠩᠭᠢᠨᠠᠮ᠎ᠠ ᠰᠠᠢᠬᠠᠨ ᠠᠶ᠎ᠠ ᠳᠠᠭᠤᠤ ᠰᠤᠷᠭᠠᠭᠤᠯᠢ᠎ᠶᠢᠨ ᠬᠦᠷᠢᠶᠡᠨ᠎ᠳᠦ ᠤᠳᠠᠲᠠᠯ᠎ᠠ ᠴᠤᠤᠷᠢᠶᠠᠲᠤᠪᠠ᠃ ᠪᠠᠶᠠᠨᠨᠠᠭᠤᠷ ᠬᠤᠲᠠ᠎ᠶᠢᠨ ᠬᠠᠩᠭᠢᠨ ᠬᠣᠢᠲᠤ ᠬᠣᠰᠢᠭᠤᠨ᠎ᠤ ᠪᠡᠶ᠎ᠡ᠎ᠶᠢᠨ ᠲᠠᠮᠢᠷ᠎ᠤᠨ ᠴᠡᠴᠡᠷᠯᠢᠭ᠎ᠲᠦ᠂ ᠬᠡᠳᠦᠨ ᠵᠠᠭᠤᠨ ᠪᠦᠵᠢᠭ᠌ᠴᠢᠳ ᠠᠢᠵᠠᠮ ᠴᠣᠬᠢᠯᠭ᠎ᠠ᠎ᠳᠤ ᠵᠣᠬᠢᠴᠠᠭᠤᠯᠤᠨ ᠪᠥᠵᠢᠭᠯᠡᠵᠦ᠂ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠦᠨ ᠬᠦᠮᠦᠰ ᠮᠡᠲᠦ ᠲᠣᠳᠣᠨᠣ》 ᠪᠠᠢᠳᠠᠭ ᠬᠠᠢᠷ᠎ᠠ ᠰᠡᠳᠬᠢᠯᠭᠡ᠎ᠶᠢ ᠳᠠᠮᠵᠢᠭᠤᠯᠪᠠ᠃ 

ᠬᠣᠶᠠᠳᠤᠭᠠᠷ ᠬᠤᠭᠤᠴᠠᠭᠠᠨ᠎ᠤ 《ᠡᠶᠡᠯᠳᠡᠭ ᠰᠠᠢᠬᠠᠨ ᠤᠮᠠᠷᠠᠲᠤ ᠬᠢᠵᠠᠭᠠᠷ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ》 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠭᠦᠨᠵᠡᠭᠡᠢᠷᠡᠭᠦᠯᠬᠦ᠌ ᠤᠬᠠᠭᠤᠯᠭ᠎ᠠ᠎ᠶ᠋ᠢᠨ ᠦᠨᠳᠦᠰᠦᠨ ᠱᠠᠲᠤᠨ᠎ᠳᠡᠬᠢ ᠠᠶᠠᠯᠠᠯ᠎ᠤᠨ ᠠᠵᠢᠯᠯᠠᠭ᠎ᠠ ᠨᠢ ᠰᠣᠶᠣᠯ᠎ᠢᠶᠠᠷ ᠰᠡᠳᠭᠢᠯ ᠰᠠᠨᠠᠭ᠎ᠠ᠎ᠪᠠᠨ ᠨᠡᠪᠲᠡᠷᠡᠯᠴᠡᠬᠦ᠂ ᠠᠵᠢᠯᠯᠠᠭ᠎ᠠ᠎ᠪᠠᠷ ᠠᠭᠤᠰᠤᠯᠴᠠᠯ᠎ᠢ ᠠᠬᠢᠭᠤᠯᠬᠤ ᠬᠣᠯᠪᠣᠭᠠᠰᠤ᠎ᠶ᠋ᠢ ᠴᠣᠭ᠍ᠴᠠᠯᠠᠵᠠᠢ᠃ ᠦᠨᠳᠦᠰᠦᠲᠡᠨ᠎ᠨᠦᠭᠦᠳ᠎ᠦᠨ ᠤᠯᠠᠨ ᠲᠦᠮᠡᠨ ᠪᠠᠶᠠᠷ ᠬᠦᠷ ᠲᠠᠢ ᠣᠷᠣᠯᠴᠠᠵᠤ᠂ ᠣᠢᠯᠠᠭᠠᠯᠴᠠᠭ᠎ᠠ᠎ᠪᠠᠨ ᠲᠠᠰᠤᠷᠠᠯᠲᠠ ᠦᠭᠡᠢ ᠨᠡᠮᠡᠭᠳᠡᠭᠦᠯᠦᠨ᠂ ᠨᠥᠬᠥᠷᠯᠡᠯ᠎ᠢᠶᠡᠨ ᠭᠦᠨᠵᠡᠭᠡᠢᠷᠡᠭᠦᠯᠵᠦ᠂ ᠪᠦᠯᠬᠦᠮᠳᠡᠨ ᠲᠡᠮᠡᠴᠡᠬᠦ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ