ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠠᠵᠤ ᠠᠬᠤᠢᠯᠠᠯ᠎ᠢ ᠲᠣᠭᠲᠠᠪᠤᠷᠢᠵᠢᠭᠤᠯᠤᠨ ᠢᠲᠡᠭᠡᠯ ᠵᠣᠷᠢᠭ᠋᠎ᠢ ᠪᠠᠲᠤᠳᠬᠠᠵᠤ ᠴᠢᠨᠠᠷ ᠰᠠᠢᠲᠠᠢ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠦᠨ᠎ᠡ
ᠨᠡᠶ᠋ᠢᠲᠡᠯᠡᠭᠰᠡᠨ ᠴᠠᠭ᠄ 2026-01-04

ᠠᠵᠤ ᠠᠬᠤᠢᠯᠠᠯ ᠪᠣᠯ ᠠᠵᠤ ᠠᠬᠤᠢ᠎ᠶᠢᠨ ᠬᠥᠭᠵᠢᠯᠲᠡ᠎ᠶᠢᠨ ᠰᠢᠨ᠎ᠡ ᠬᠦᠴᠦᠨ ᠮᠥᠨ᠂ ᠠᠵᠤ ᠠᠬᠤᠢᠯᠠᠯ ᠲᠣᠭᠲᠠᠭᠤᠨ ᠪᠠᠢᠪᠠᠯ ᠠᠵᠤ ᠠᠬᠤᠢ ᠲᠣᠭᠲᠠᠭᠤᠨ᠂ ᠠᠵᠤ ᠠᠬᠤᠢᠯᠠᠯ ᠮᠠᠨᠳᠤᠪᠠᠯ ᠠᠵᠤ ᠠᠬᠤᠢ ᠮᠠᠨᠳᠤᠨ᠎ᠠ᠃

《ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠢᠨ᠎ᠠ》᠂ 2025 ᠤᠨ᠎ᠤ᠋ 4 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ᠎ᠶᠢᠨ ᠤᠯᠤᠰ ᠲᠦᠷᠦ᠎ᠶᠢᠨ ᠲᠣᠪᠴᠢᠶ᠎ᠡ᠎ᠶᠢᠨ ᠬᠤᠷᠠᠯ᠎ᠡᠴᠡ《ᠳᠥᠷᠪᠡ᠎ᠶᠢ ᠲᠣᠭᠲᠠᠪᠤᠷᠢᠵᠢᠭᠤᠯᠬᠤ》᠎ᠶᠢ ᠳᠤᠷᠠᠳᠤᠭᠰᠠᠨ᠎ᠡᠴᠡ ᠣᠢᠷ᠎ᠠ᠎ᠶᠢᠨ ᠡᠳᠦᠷ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠡᠴᠡ 2026 ᠤᠨ᠎ᠤ᠋ ᠠᠵᠤ ᠠᠬᠤᠢ ᠎ᠶᠢᠨ ᠠᠵᠢᠯ᠎ᠳᠤ ᠠᠯᠢ ᠤᠯᠠᠨ ᠴᠢᠬᠤᠯᠠ ᠪᠠᠢᠷᠢᠯᠠᠭᠤᠯᠤᠯᠲᠠ ᠬᠢᠬᠰᠡᠨ ᠬᠦᠷᠲᠡᠯ᠎ᠡ᠂ ᠠᠵᠤ ᠠᠬᠤᠢᠯᠠᠯ᠎ᠢ ᠲᠣᠭᠲᠠᠪᠤᠷᠢᠵᠢᠭᠤᠯᠬᠤ ᠨᠢ ᠢᠮᠠᠭᠲᠠ ᠳᠤᠮᠳᠠᠳᠤ ᠤᠯᠤᠰ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢᠨ ᠵᠠᠩᠭᠢᠯᠠᠭ᠎ᠠ ᠪᠣᠯᠣᠨ᠎ᠠ᠃

ᠰᠤᠷᠪᠤᠯᠵᠢᠯᠠᠭ᠍ᠴᠢ ᠪᠠᠢᠴᠠᠭᠠᠨ ᠰᠤᠳᠤᠯᠤᠯᠲᠠ ᠬᠢᠬᠦ ᠳᠤᠮᠳᠠ᠂ 2025 ᠤᠨ᠎ᠡᠴᠡ ᠨᠠᠭᠠᠰᠢ ᠥᠷᠢᠰᠦᠯᠳᠦᠭᠡᠨ ᠪᠠ ᠳᠠᠷᠤᠯᠲᠠ᠎ᠶᠢᠨ ᠡᠮᠦᠨ᠎ᠡ᠂ ᠠᠯᠢ ᠣᠯᠠᠨ ᠲᠥᠷᠥ᠎ᠶᠢᠨ ᠪᠣᠳᠣᠯᠭ᠎ᠠ᠎ᠶᠢᠨ ᠬᠠᠮ ᠠᠷᠭ᠎ᠠ ᠬᠡᠮᠵᠢᠶ᠎ᠡ ᠦᠷᠭᠦᠯᠵᠢᠯᠡᠨ ᠬᠦᠴᠦᠯᠡᠵᠦ᠂ ᠥᠷᠭᠡᠨ ᠣᠯᠠᠨ ᠠᠵᠤ ᠠᠬᠤᠢᠯᠠᠯ ᠬᠦᠴᠢᠷ᠎ᠢ ᠰᠥᠷᠴᠦ ᠤᠷᠤᠭᠰᠢᠯᠠᠨ᠂ ᠵᠣᠷᠢᠭ᠍ᠲᠠᠢ᠎ᠪᠠᠷ ᠰᠢᠨ᠎ᠡ᠎ᠶᠢ ᠡᠭᠦᠳᠴᠦ᠂ ᠲᠣᠰ ᠪᠡᠶ᠎ᠡ᠎ᠶᠢᠨ ᠨᠠᠩ ᠰᠠᠢᠨ ᠬᠥᠭᠵᠢᠯᠲᠡ᠎ᠪᠡᠨ ᠪᠡᠶᠡᠯᠡᠭᠦᠯᠬᠦ᠎ᠶᠢ ᠴᠢᠷᠮᠠᠢᠨ ᠠᠬᠢᠭᠤᠯᠵᠤ᠂ ᠶᠡᠷᠦ ᠪᠤᠰᠤ᠎ᠶᠢᠨ ᠤᠶᠠᠨ ᠬᠠᠳᠠᠨ ᠴᠢᠨᠠᠷ ᠪᠠ ᠡᠷᠴᠢ ᠵᠣᠷᠢᠭ᠋᠎ᠢᠶᠠᠨ ᠢᠯᠡᠷᠡᠭᠦᠯᠦᠭᠰᠡᠨ ᠨᠢ ᠶᠠᠭ ᠳᠤᠮᠳᠠᠳᠤ ᠤᠯᠤᠰ᠎ᠤᠨ ᠠᠵᠤ ᠠᠬᠤᠢ᠎ᠶᠢᠨ ᠳᠠᠷᠤᠯᠳᠠ᠎ᠶᠢ ᠰᠦᠷᠴᠦ ᠤᠷᠤᠭᠰᠢᠯᠠᠨ᠂ ᠰᠢᠨ᠎ᠡ᠎ᠡᠴᠡ ᠰᠢᠯᠢᠳᠡᠭ ᠳᠠᠢᠰᠢ ᠬᠥᠭᠵᠢᠭᠰᠡᠨ᠎ᠤ ᠠᠮᠢᠳᠤᠯᠢᠭ᠋ ᠲᠠᠢᠯᠪᠤᠷᠢ ᠪᠤᠯᠤᠭᠰᠠᠨ᠎ᠢ ᠤᠯᠵᠤ ᠮᠡᠳᠡᠵᠡᠢ᠃

ᠲᠥᠷᠥ᠎ᠶᠢᠨ ᠪᠣᠳᠣᠯᠭ᠎ᠠ ᠪᠡᠷ ᠬᠦᠴᠦᠯᠡᠵᠤ ᠠᠵᠤ ᠠᠬᠤᠢᠯᠠᠯ᠎ᠤᠨ ᠠᠮᠢᠵᠢᠷᠠᠯ᠎ᠢ ᠬᠦᠭᠵᠢᠭᠡᠨ᠎ᠡ

ᠵᠢᠯ᠎ᠦᠨ ᠡᠵᠡᠩᠨᠡᠯᠲᠡ᠎ᠶᠢᠨ ᠵᠤᠭᠤᠰ᠎ᠤᠨ ᠲᠤᠭ᠎ᠠ 800 ᠳ᠋ᠦᠩᠰᠢᠭᠤᠷ ᠲᠥᠭᠥᠷᠢᠭ᠎ᠢ ᠳᠠᠪᠠᠵᠤ᠂ ᠴᠡᠪᠡᠷ ᠠᠰᠢᠭ᠋ ᠬᠣᠨᠵᠢᠪᠤᠷᠢ ᠨᠢ ᠠᠳᠠᠯᠢ ᠬᠤᠭᠤᠴᠠᠭᠠᠨ᠎ᠤ ᠬᠢ᠎ᠡᠴᠡ 15%᠎ᠡᠴᠡ ᠳᠡᠭᠡᠭᠰᠢ ᠨᠡᠮᠡᠭᠳᠡᠵᠦ᠂ 5 ᠵᠢᠯ ᠳᠠᠷᠠᠭᠠᠯᠠᠨ ᠳᠤᠮᠳᠠᠳᠤ ᠤᠯᠤᠰ᠎ᠤᠨ ᠠᠵᠤ ᠠᠬᠤᠢᠯᠠᠯ᠎ᠤᠨ 500 ᠬᠦᠴᠦᠷᠬᠡᠭ᠎ᠲᠦ ᠵᠢᠭ᠍ᠰᠠᠭᠠᠭᠳᠠᠪᠠ ᠁ 2025 ᠤᠨ᠎ᠤ ᠡᠴᠦᠰ᠎ᠢᠶᠡᠷ᠂ ᠭᠤᠸᠠᠨᠭᠳᠦᠢ᠍ᠩ᠎ᠦᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ ᠪᠤᠯᠬᠤ ᠰᠢᠨ ᠯᠢ ᠴᠧᠩ ᠪᠦᠯᠦᠭᠯᠡᠯ ᠬᠢᠯᠪᠡᠷ ᠪᠤᠰᠤ᠎ᠪᠠᠷ ᠣᠯᠣᠭᠰᠠᠨ ᠬᠢᠷᠢ ᠪᠦᠲᠦᠮᠵᠢ᠎ᠶᠢᠨ ᠬᠠᠭᠤᠳᠠᠰᠤ᠎ᠪᠠᠨ ᠲᠤᠰᠢᠶᠠᠯ᠎ᠠ᠃

《ᠪᠦᠬᠦ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ᠎ᠶᠢ ᠳᠠᠬᠢᠨ ᠪᠦᠳᠦᠭᠡᠬᠦ ᠥᠷᠢᠰᠦᠯᠳᠦᠭᠡᠨ ᠪᠣᠯᠣᠨ ᠤᠯᠤᠰ᠎ᠦᠨ ᠳᠣᠲᠣᠭᠠᠳᠤ᠎ᠶᠢᠨ ᠠᠵᠤ ᠠᠬᠤᠢ᠎ᠶᠢᠨ ᠡᠷᠭᠢᠯᠳᠡ᠎ᠶᠢᠨ ᠳᠠᠷᠤᠯᠲᠠ᠎ᠶᠢᠨ ᠡᠮᠦᠨ᠎ᠡ᠂ ᠠᠵᠤ ᠠᠬᠤᠢᠯᠠᠯ ᠲᠣᠭᠲᠠᠭᠤᠨ ᠨᠡᠮᠡᠭᠳᠡᠯ᠎ᠢᠶᠡᠨ ᠪᠠᠲᠤᠯᠠᠬᠤ᠎ᠳᠤ ᠡᠯ᠎ᠡ ᠲᠠᠯ᠎ᠠ᠎ᠶᠢᠨ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠡᠴᠡ ᠰᠠᠯᠵᠤ ᠴᠢᠳᠠᠬᠤ ᠦᠭᠡᠢ ᠶᠤᠮ》᠃ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠫᠧᠩ ᠭᠦᠸᠧ ᠶᠤᠸᠠᠨ ᠰᠤᠷᠪᠤᠯᠵᠢᠯᠠᠭ᠍ᠴᠢ᠎ᠳᠤ᠂ 2025 ᠤᠨ᠎ᠳᠦ ᠮᠠᠨ᠎ᠤ ᠰᠠᠯᠪᠤᠷᠢ ᠪᠦᠯᠦᠭᠯᠡᠯ ᠶᠡᠬᠡ ᠬᠡᠮᠵᠢᠶᠡᠨ᠎ᠦ ᠪᠡᠯᠡ ᠮᠥᠩᠭᠥ ᠣᠷᠣᠭᠤᠯᠤᠨ ᠣᠶᠤᠨᠴᠢ ᠦᠢᠯᠡᠳᠬᠡᠯ᠎ᠤᠨ ᠦᠢᠯᠡᠳᠪᠦᠷᠢᠯᠡᠯ᠎ᠦᠨ ᠱᠤᠭᠤᠮ᠎ᠢ ᠲᠠᠰ ᠳᠡᠪᠰᠢᠭᠦᠯᠵᠦ᠂ ᠲᠣᠨᠣᠭ ᠲᠥᠬᠦᠭᠡᠷᠦᠮᠵᠢ᠎ᠶᠢ ᠰᠢᠨᠡᠳᠬᠡᠬᠦ ᠬᠦᠦ ᠮᠦᠨᠭᠭᠦ᠎ᠶᠢ ᠨᠢ ᠤᠷᠤᠯᠠᠨ ᠦᠭᠬᠦ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢ 1000 ᠲᠦᠮᠡᠨ ᠲᠥᠭᠥᠷᠢᠭ ᠭᠥᠷᠳᠡᠵᠦ᠂ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢᠨ ᠥᠪᠡᠷ᠎ᠦᠨ ᠥᠷᠲᠡᠭ᠎ᠢ ᠪᠠᠭᠤᠷᠠᠭᠤᠯᠵᠠᠢ ᠭᠡᠪᠡ᠃

ᠨᠡᠩ ᠲᠥᠪ ᠭᠣᠣᠯᠴᠢ᠂ ᠨᠡᠩ ᠠᠮᠢᠵᠢᠷᠠᠯ᠎ᠤᠨ ᠬᠦᠴᠦᠨ᠎ᠲᠠᠢ ᠵᠠᠬ᠎ᠠ ᠳᠡᠯᠭᠡᠭᠦᠷ᠎ᠦᠨ ᠣᠷᠴᠢᠨ ᠨᠦᠭᠦᠴᠡᠯ᠎ᠢ ᠪᠤᠢ ᠪᠣᠯᠭᠠᠬᠤ ᠪᠣᠯ ᠠᠵᠤ ᠠᠬᠤᠢᠯᠠᠯ᠎ᠢ ᠲᠤᠭᠲᠠᠪᠤᠷᠢᠵᠢᠭᠤᠯᠬᠤ᠎ᠶᠢᠨ ᠪᠠᠢᠪᠠᠰᠤ ᠵᠣᠬᠢᠬᠤ ᠠᠭᠤᠯᠭ᠎ᠠ ᠮᠥᠨ᠃

ᠬᠠᠤᠯᠢ᠎ᠪᠠᠷ ᠵᠠᠰᠠᠬᠤ ᠪᠠ ᠳᠦᠷᠢᠮ᠎ᠦᠨ ᠪᠠᠲᠤᠯᠠᠭ᠎ᠠ᠎ᠶᠢ ᠴᠢᠩᠭᠠᠳᠬᠠᠵᠤ᠂ ᠠᠵᠤ ᠠᠬᠤᠢᠯᠠᠯ᠎ᠢ ᠰᠠᠨᠠᠭ᠎ᠠ ᠠᠮᠤᠷ᠎ᠢᠶᠡᠷ ᠬᠦᠭᠵᠢᠯᠳᠡ ᠳᠡᠭᠡᠷ᠎ᠡ ᠬᠦᠴᠦ ᠲᠠᠯᠪᠢᠭᠤᠯᠤᠨ᠎ᠠ᠃ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢ ᠠᠬᠢᠭᠤᠯᠬᠤ ᠬᠠᠤᠯᠢ᠎ᠶᠢ ᠬᠡᠷᠡᠭᠵᠢᠭᠦᠯᠵᠦ᠂ ᠠᠵᠤ ᠠᠬᠤᠢᠯᠠᠯ᠎ᠳᠤ ᠬᠣᠯᠪᠣᠭᠳᠠᠭᠰᠠᠨ ᠰᠦᠢᠳᠬᠡᠯ ᠬᠤᠷᠢᠶᠠᠬᠤ ᠤᠷᠳᠤ ᠬᠤᠭᠤᠴᠠᠭᠠᠨ᠎ᠤ ᠪᠦᠲᠦᠮᠵᠢᠲᠡᠢ ᠬᠢᠨᠠᠨ ᠬᠠᠮᠢᠶᠠᠷᠤᠯᠲᠠ᠎ᠶᠢᠨ ᠲᠣᠭᠲᠡᠴᠡ᠎ᠶᠢ ᠪᠠᠢᠭᠤᠯᠤᠨ ᠪᠦᠷᠢᠨᠰᠢᠭᠦᠯᠬᠦ᠂ ᠨᠡᠢᠭᠡᠮ᠎ᠦᠨ ᠢᠲᠡᠭᠡᠮᠵᠢ᠎ᠶᠢᠨ ᠰᠢᠰᠲ᠋ᠸᠮ᠎ᠢ ᠪᠦᠷᠢᠨᠰᠢᠭᠦᠯᠬᠦ ᠵᠡᠷᠭᠡ ᠲᠦᠷᠦ᠎ᠶᠢᠨ ᠪᠣᠳᠣᠯᠭ᠎ᠠ᠎ᠶᠢᠨ ᠪᠢᠴᠢᠭ ᠮᠠᠲᠧᠷᠢᠶᠠᠯ᠎ᠢ ᠨᠡᠢᠲᠡᠯᠡᠵᠦ᠂ 2025 ᠣᠨ᠎ᠤ ᠰᠢᠨ᠎ᠡ ᠬᠡᠪ᠎ᠤᠨ ᠵᠠᠬ᠎ᠠ ᠳᠡᠯᠭᠡᠭᠦᠷ᠎ᠲᠦ ᠣᠷᠣᠬᠤ ᠵᠥᠪᠰᠢᠶᠡᠷᠡᠯ᠎ᠦᠨ ᠨᠠᠵᠠᠭᠠᠢ ᠲᠠᠯ᠎ᠠ᠎ᠶᠢᠨ ᠨᠠᠷᠢᠨ ᠲᠠᠩᠰᠠ᠎ᠶᠢ ᠳᠠᠷᠤᠮᠠᠯᠯᠠᠨ ᠲᠠᠷᠬᠠᠭᠠᠵᠤ᠂ ᠵᠠᠬ᠎ᠠ ᠳᠡᠯᠭᠡᠭᠦᠷ᠎ᠲᠦ ᠣᠷᠣᠬᠤ ᠵᠥᠪᠰᠢᠶᠡᠷᠡᠯ᠎ᠦᠨ ᠪᠡᠬᠢᠯᠡᠯᠲᠡ᠎ᠶᠢ ᠴᠡᠭᠴᠡᠯᠡᠨ ᠵᠠᠰᠠᠬᠤ ᠠᠵᠢᠯᠯᠠᠭ᠎ᠠ᠎ᠶᠢ ᠥᠷᠨᠢᠭᠦᠯᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ᠎ᠦ ᠵᠣᠬᠢᠰ ᠦᠭᠡᠢ ᠬᠢᠵᠠᠭᠠᠷᠯᠠᠯ᠎ᠢ ᠡᠪᠳᠡᠪᠡ ᠁

ᠣᠳᠣᠬᠠᠨ᠎ᠳᠤ᠂ ᠵᠠᠷᠢᠮ ᠠᠵᠤ ᠠᠬᠤᠢᠯᠠᠯ᠎ᠤᠨ ᠡᠵᠡᠩᠨᠡᠯᠲᠡ ᠬᠦᠴᠢᠷᠳᠡᠯ᠎ᠳᠦ ᠲᠤᠯᠭᠠᠷᠠᠵᠤ᠂ ᠵᠠᠬᠢᠶᠠᠯᠠᠭ᠎ᠠ᠎ᠶᠢᠨ ᠬᠠᠭᠤᠳᠠᠰᠤ ᠲᠠᠷᠤᠯᠳᠠ᠎ᠲᠠᠢ ᠪᠣᠯᠵᠤ᠂ ᠪᠡᠯᠡ ᠮᠥᠩᠭᠥ ᠬᠦᠷᠦᠯᠴᠡᠬᠦ ᠦᠭᠡᠢ ᠪᠠᠢᠨ᠎ᠠ᠃ ᠲᠥᠷᠥ᠎ᠶᠢᠨ ᠪᠣᠳᠣᠯᠭ᠎ᠠ᠎ᠶᠢᠨ ᠲᠤᠰᠠᠯᠠᠮᠵᠢ᠎ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠵᠤ ᠠᠬᠤᠢᠯᠠᠯ᠎ᠤᠨ ᠰᠠᠭᠠᠳ ᠪᠡᠷᠬᠡᠰᠢᠶᠡᠯ᠎ᠢ ᠲᠤᠭᠤᠯᠬᠤ᠎ᠶᠢ ᠳᠡᠮᠵᠢᠬᠦ ᠴᠢᠬᠤᠯᠠᠲᠠᠢ ᠪᠠᠢᠨ᠎ᠠ᠃

《ᠦᠳᠡ᠎ᠳᠦ ᠳᠤᠷᠠᠳᠤᠭᠰᠠᠨ ᠠᠰᠠᠭᠤᠳᠠᠯ᠎ᠢ ᠦᠳᠡ᠎ᠶᠢᠨ ᠬᠣᠢᠨ᠎ᠠ ᠰᠢᠢᠳᠪᠦᠷᠢᠯᠡᠴᠢᠬᠡᠯ᠎ᠡ᠂ ᠦᠷ᠎ᠡ ᠪᠦᠲᠦᠮᠵᠢ ᠦᠨᠡᠬᠡᠷ ᠦᠨᠳᠦᠷ ᠪᠠᠢᠨ᠎ᠠ》! ᠴᠧᠩᠳᠦ᠋᠎ᠶᠢᠨ ᠨᠢᠭᠡᠨ ᠠᠷᠠᠳ᠎ᠤᠨ ᠡᠵᠡᠩᠨᠡᠯᠲᠡ ᠎ᠶᠢᠨ ᠠᠵᠤ ᠠᠬᠤᠢᠯᠠᠯ᠎ᠦᠨ ᠬᠠᠷᠢᠭᠤᠴᠠᠯᠭᠠᠲᠠᠨ ᠰᠤᠷᠪᠤᠯᠵᠢᠯᠠᠭ᠍ᠴᠢ᠎ᠳᠤ᠂ ᠲᠦᠷᠦᠭᠦᠬᠡᠨ ᠲᠡᠷᠡ ᠲᠤᠬᠠᠢ᠎ᠶᠢᠨ ᠭᠠᠵᠠᠷ᠎ᠦᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠶᠠᠷᠢᠯᠴᠠᠬᠤ ᠬᠤᠷᠠᠯ ᠳᠡᠭᠡᠷ᠎ᠡ᠂ ᠤᠷᠤᠨ ᠪᠦᠰᠡ ᠠᠯᠤᠰᠯᠠᠨ ᠺᠣᠹᠧ ᠬᠤᠳᠠᠯᠳᠤᠬᠤ᠎ᠳᠤ ᠲᠥᠷᠥ᠎ᠶᠢᠨ ᠪᠣᠳᠣᠯᠭ᠎ᠠ᠎ᠶᠢᠨ ᠪᠣᠭᠣᠮᠢ᠎ᠳᠤ ᠲᠤᠯᠭᠠᠷᠠᠨ᠎ᠠ ᠭᠡᠵᠦ ᠳᠤᠷᠠᠳᠤᠭᠰᠠᠨ ᠠᠰᠠᠭᠤᠳᠠᠯ ᠨᠢ ᠨᠢᠭᠡ ᠡᠳᠦᠷ ᠴᠦ᠍ ᠪᠣᠯᠣᠭ᠎ᠠ ᠦᠭᠡᠢ᠎ᠪᠡᠷ ᠰᠢᠢᠳᠪᠦᠷᠢᠯᠡᠭᠳᠡᠨ᠎ᠡ ᠭᠡᠵᠦ ᠪᠤᠳᠤᠵᠤ ᠣᠯᠣᠭᠰᠠᠨ ᠦᠭᠡᠢ ᠭᠡᠵᠤ ᠬᠡᠯᠡᠪᠡ᠃ ᠬᠣᠯᠪᠣᠭᠳᠠᠯ ᠪᠦᠬᠦᠢ ᠰᠠᠯᠠᠭ᠎ᠠ ᠮᠥᠴᠢᠷ 《ᠬᠡᠷᠡᠭᠴᠡᠭᠡ ᠪᠠᠢᠪᠠᠯ ᠵᠠᠪᠠᠯ ᠬᠠᠩᠭᠠᠵᠤ᠂ ᠤᠴᠢᠷ ᠦᠭᠡᠢ ᠪᠣᠯ ᠬᠠᠷᠰᠢᠯᠠᠬᠤ ᠦᠭᠡᠢ》ᠭᠡᠵᠦ ᠲᠣᠳᠣᠷᠬᠠᠢ ᠲᠣᠭᠲᠠᠭᠠᠵᠤ᠂ ᠠᠵᠤ ᠠᠬᠤᠢᠯᠠᠯ᠎ᠤᠨ ᠳᠠᠷᠤᠭᠠᠰᠦ᠎ᠶᠢ ᠬᠦᠨᠭᠭᠡᠷᠡᠭᠦᠯᠵᠤ ᠲᠠᠢᠪᠤᠰᠢᠷᠠᠭᠤᠯᠵᠠᠢ᠃

ᠡᠯ᠎ᠡ ᠲᠠᠯ᠎ᠠ ᠎ᠶᠢᠨ ᠬᠢᠨ ᠬᠦᠴᠦ᠎ᠪᠠᠨ ᠬᠠᠮᠲᠤᠳᠬᠠᠨ ᠠᠵᠤ ᠠᠬᠤᠢᠯᠠᠯ᠎ᠢ ᠲᠣᠭᠲᠠᠪᠤᠷᠢᠵᠢᠭᠤᠯᠵᠤ᠂ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠷᠭᠡᠨ ᠤᠯᠠᠨ ᠠᠵᠤ ᠠᠬᠤᠢᠯᠠᠯ ᠢᠯᠠᠩᠭᠤᠶ᠎ᠠ ᠳᠤᠮᠳᠠ ᠪᠠᠭ᠎ᠠ ᠠᠵᠤ ᠠᠬᠤᠢᠯᠠᠯ᠎ᠤᠨ ᠬᠠᠮᠲᠤ᠎ᠶᠢᠨ ᠬᠥᠭᠵᠢᠯᠲᠡ᠎ᠶᠢ ᠠᠬᠢᠭᠤᠯᠵᠤ᠂ ᠲᠦᠭ ᠲᠦᠮᠡᠨ ᠡᠵᠡᠩᠨᠡᠯᠲᠡ᠎ᠶᠢᠨ ᠭᠣᠣᠯ ᠴᠣᠭᠴᠠ᠎ᠶᠢᠨ ᠢᠲᠡᠭᠡᠯ᠎ᠢ ᠪᠠᠲᠤᠳᠬᠠᠵᠤ᠂ ᠳᠤᠮᠳᠠᠳᠤ ᠤᠯᠤᠰ᠎ᠤᠨ ᠠᠵᠤ ᠠᠬᠤᠢ᠎ᠶᠢᠨ ᠬᠦᠴᠢᠷ ᠪᠡᠷᠬᠡᠰᠢᠶᠡᠯ᠎ᠢ ᠰᠦᠷᠦᠨ ᠡᠷᠡᠰ ᠪᠠᠲᠤ ᠤᠷᠤᠭᠰᠢᠯᠠᠬᠤ ᠢᠳᠡ ᠬᠦᠴᠦᠨ᠎ᠢ ᠪᠠᠲᠤᠳᠬᠠᠵᠠᠢ᠃

ᠰᠢᠨ᠎ᠡ᠎ᠶᠢ ᠡᠭᠦᠳᠬᠦ᠎ᠪᠠᠷ ᠬᠥᠳᠡᠯᠭᠡᠭᠦᠷ ᠪᠣᠯᠭᠠᠵᠤ ᠠᠵᠤ ᠠᠬᠤᠢᠯᠠᠯ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ

ᠠᠩᠭ᠌ᠯᠢ᠎ᠶᠢᠨ ᠹᠢᠯᠢᠺᠰ ᠭᠠᠷᠠᠮ᠎ᠳᠤ᠂ ᠱᠠᠩᠬᠠᠢ᠎ᠶᠢᠨ ᠠᠷᠠᠳ᠎ᠤᠨ ᠡᠵᠡᠨᠭᠨᠡᠯᠲᠡ᠎ᠶᠢᠨ ᠠᠵᠤ ᠠᠬᠤᠢᠯᠠᠯ ᠪᠤᠯᠬᠤ ᠰᠢ ᠵᠢᠩ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠰᠤᠳᠤᠯᠤᠨ ᠦᠢᠯᠡᠳᠦᠭᠰᠡᠨ ᠵᠢᠯᠣᠭᠣᠴᠢ ᠦᠭᠡᠢ ᠬᠦᠨᠳᠦ ᠠᠴᠢᠶᠠᠨ᠎ᠤ ᠮᠠᠰᠢᠨ ᠲᠡᠷᠭᠡ Q-Truck ᠨᠢ ᠶᠠᠭᠠᠷᠠᠯᠲᠠᠢ ᠵᠤᠷᠴᠢᠵᠤ᠂ ᠡᠨᠡ ᠬᠦ᠌ ᠭᠠᠷᠠᠮ᠎ᠤᠨ ᠨᠢᠭᠡᠨ ᠰᠤᠳᠤᠨ ᠦᠵᠡᠮᠵᠢ ᠪᠣᠯᠵᠤ ᠪᠠᠢᠯ᠎ᠠ᠃

《ᠪᠦᠬᠦ ᠪᠥᠮᠪᠥᠷᠴᠡᠭ᠎ᠦᠨ ᠠᠵᠤ ᠠᠬᠤᠢ ᠠᠷᠠᠯᠵᠢᠶᠠᠨ᠎ᠤ ᠪᠠᠢᠷᠢᠰᠢᠯ᠎ᠤᠨ ᠭᠦᠨᠵᠡᠭᠡᠢ ᠬᠤᠪᠢᠰᠤᠯᠲᠠ᠎ᠶᠢᠨ ᠶᠡᠬᠡ ᠠᠬᠤᠢ ᠪᠠᠢᠳᠠᠯ ᠳᠣᠣᠷ᠎ᠠ᠂ ᠮᠠᠨ᠎ᠤ ᠠᠵᠤ ᠠᠬᠤᠢᠯᠠᠯ ᠠᠩᠭ᠌ᠯᠢ᠎ᠶᠢᠨ ᠵᠠᠬᠢᠶᠠᠯᠠᠭ᠎ᠠ᠎ᠶᠢ ᠡᠵᠡᠮᠰᠢᠭᠰᠡᠨ᠎ᠤ ᠭᠣᠣᠯᠳᠠᠯᠭ᠎ᠠ ᠨᠢ ᠬᠥᠭᠵᠢᠯᠲᠡ᠎ᠶᠢᠨ ᠣᠢᠯᠠᠭᠠᠭᠳᠠᠬᠤᠨ ᠲᠠᠢ ᠭᠦᠨᠵᠡᠭᠡᠢ ᠵᠣᠬᠢᠴᠠᠭᠰᠠᠨ᠎ᠳᠤ ᠪᠠᠢᠨ᠎ᠠ》᠃ ᠱᠠᠩᠬᠠᠢ᠎ᠶᠢᠨ ᠰᠢ ᠵᠢᠩ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠴᠠᠭᠠᠲᠦ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠲᠠᠨ ᠯᠢ ᠮᠢᠨ᠂ Q-Truck ᠨᠢ ᠴᠤᠯ ᠴᠠᠬᠢᠯᠭᠠᠨ᠎ᠢᠶᠠᠷ ᠬᠥᠳᠡᠯᠭᠡᠭᠦᠷ ᠪᠣᠯᠭᠠᠵᠤ᠂ ᠪᠦᠷᠢᠮᠦᠰᠦᠨ ᠪᠤᠬᠢᠷᠳᠤᠯ ᠦᠭᠡᠢ ᠴᠠᠬᠢᠯᠭᠠᠨ᠎ᠢ ᠬᠡᠷᠡᠭᠯᠡᠬᠦ ᠦᠶ᠎ᠡ᠎ᠳᠦ᠂ ᠭᠠᠭᠴᠠ ᠮᠠᠰᠢᠨ ᠲᠡᠷᠭᠡ ᠵᠢᠯ᠎ᠳᠦ ᠪᠠᠷᠤᠭ 50 ᠲᠣᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠭᠠᠳᠠᠭᠰᠢᠯᠠᠭᠤᠯᠤᠯᠲᠠ᠎ᠶᠢ ᠪᠠᠭᠠᠰᠬᠠᠵᠤ ᠪᠣᠯᠣᠨ᠎ᠠ᠃ ᠪᠠᠰᠠ ᠰᠢ ᠵᠢᠩ AI+ ᠠᠦ᠋ᠲ᠋ᠣ᠋ ᠵᠢᠯᠣᠭᠣᠳᠤᠯᠭ᠎ᠠ᠎ᠶᠢᠨ ᠮᠡᠷᠭᠡᠵᠢᠯ᠂ ᠪᠥᠬᠥ ᠬᠡᠯᠬᠢᠶ᠎ᠡ ᠵᠠᠮ᠎ᠦᠨ ᠪᠠᠷᠠᠭᠠᠨ᠎ᠤ ᠭᠦᠢᠯᠭᠡᠭᠡ᠎ᠶᠢ ᠰᠢᠢᠳᠪᠦᠷᠢᠯᠡᠬᠦ ᠲᠥᠰᠥᠯ ᠵᠢᠴᠢ ᠪᠥᠬᠥ ᠳᠡᠯᠡᠬᠡᠢ᠎ᠶᠢᠨ 30 ᠰᠢᠬᠠᠮ ᠤᠯᠤᠰ ᠪᠠ ᠭᠠᠵᠠᠷ ᠣᠷᠣᠨ᠎ᠳᠤ ᠦᠢᠯᠡᠴᠢᠯᠡᠬᠦ ᠠᠮᠵᠢᠯᠲᠠᠲᠠᠢ ᠦᠢᠯᠡᠳᠦᠯᠭᠡ ᠨᠢ ᠡᠴᠦᠰ᠎ᠲᠡᠬᠡᠨ ᠬᠡᠷᠡᠭᠯᠡᠭᠴᠢᠳ᠎ᠦᠨ ᠢᠲᠡᠭᠡᠯ᠎ᠢ ᠣᠯᠣᠭᠰᠠᠨ ᠪᠠᠢᠨ᠎ᠠ ᠭᠡᠵᠤ ᠲᠠᠨᠢᠯᠴᠠᠭᠤᠯᠪᠠ᠃

《ᠠᠵᠤ ᠠᠬᠤᠢᠯᠠᠯ᠎ᠢ ᠲᠣᠭᠲᠠᠪᠤᠷᠢᠵᠢᠭᠤᠯᠬᠤ》 ᠳ᠋ᠤ᠂ ᠨᠢᠳᠦᠨ ᠡᠮᠦᠨᠡᠬᠢ ᠬᠦᠴᠢᠷᠳᠡᠯ᠎ᠢ ᠰᠢᠢᠳᠪᠦᠷᠢᠯᠡᠬᠦ᠎ᠪᠡᠷ ᠪᠠᠷᠠᠬᠤ ᠦᠭᠡᠢ ᠨᠡᠩ ᠴᠤ᠌ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠵᠦ᠂ ᠠᠵᠤ ᠠᠬᠤᠢᠯᠠᠯ᠎ᠤᠨ ᠰᠠᠭᠠᠳ ᠪᠡᠷᠬᠡᠰᠢᠶᠡᠯ᠎ᠢ ᠲᠤᠭᠤᠯᠬᠤ ᠤᠶᠠᠨ ᠬᠠᠳᠠᠨ ᠴᠢᠨᠠᠷ ᠪᠣᠯᠣᠨ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃

《ᠠᠷᠠᠳ᠎ᠤᠨ ᠪᠡᠯᠡ ᠣᠷᠣᠭᠤᠯᠤᠯᠲᠠ᠎ᠶ᠋ᠢᠨ ᠬᠥᠭ᠌ᠵᠢᠯᠲᠡ᠎ᠶ᠋ᠢ ᠴᠢᠨᠠᠭᠰᠢᠳᠠ ᠠᠬᠢᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠲᠤ 13 ᠵᠦᠢᠯ᠎ᠦᠨ ᠬᠠᠨᠳᠤᠯᠭᠠᠲᠤ ᠴᠢᠨᠠᠷᠲᠠᠢ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠠᠵᠤ ᠠᠬᠤᠢᠯᠠᠯ᠎ᠳᠤ ᠪᠡᠯᠡ ᠣᠷᠣᠭᠤᠯᠤᠯᠲᠠ᠎ᠶ᠋ᠢᠨ ᠱᠢᠨ᠎ᠡ 《ᠵᠠᠪᠰᠢᠶᠠᠨ》 ᠬᠠᠩᠭᠠᠪᠠ; 《ᠪᠠᠢᠳᠠᠯ᠎ᠤᠨ ᠪᠣᠢᠵᠢᠭᠤᠯᠤᠯᠲᠠ ᠪᠠ ᠨᠡᠬᠡᠬᠡᠯᠳᠡ᠎ᠶ᠋ᠢ ᠲᠦᠷᠭᠡᠳᠭᠡᠵᠦ᠍ ᠱᠢᠨ᠎ᠡ ᠪᠠᠢᠳᠠᠯ᠎ᠤᠨ ᠶᠡᠬᠡ ᠬᠡᠪᠴᠢᠶᠡᠨ᠎ᠦ ᠬᠡᠷᠡᠭ᠌ᠯᠡᠭᠡ᠎ᠶ᠋ᠢ ᠠᠬᠢᠭᠤᠯᠬᠤ ᠲᠤᠬᠠᠢ ᠬᠡᠷᠡᠭ᠌ᠵᠢᠭᠦᠯᠬᠦ᠌ ᠰᠠᠨᠠᠯ》ᠨᠢ ᠱᠢᠨ᠎ᠡ ᠪᠠᠢᠳᠠᠯ᠎ᠤᠨ ᠶᠡᠬᠡ ᠬᠡᠪᠴᠢᠶᠡᠨ᠎ᠦ ᠬᠡᠷᠡᠭ᠌ᠯᠡᠭᠡ᠎ᠶ᠋ᠢ ᠠᠬᠢᠭᠤᠯᠵᠤ᠂ 《ᠮᠡᠷᠭᠡᠵᠢᠯ᠎ᠦᠨ ᠱᠢᠪᠲᠤᠯᠤᠯᠲᠠ— ᠪᠠᠢᠳᠠᠯ᠎ᠤᠨ ᠱᠢᠯᠭᠠᠨ ᠪᠠᠲᠤᠯᠠᠯᠲᠠ — ᠠᠵᠤ ᠦᠢᠯᠡᠰ᠎ᠦᠨ ᠬᠡᠷᠡᠭ᠌ᠯᠡᠭᠡ — ᠱᠢᠰᠲ᠋ᠧᠮ᠎ᠦᠨ ᠳᠡᠰ ᠳᠠᠪᠱᠢᠯᠲᠠ》ᠵᠢᠨ ᠠᠷᠭ᠎ᠠ ᠵᠠᠮ᠎ᠢ ᠪᠦᠷᠢᠯᠳᠦᠬᠦᠯᠬᠦ ᠢᠳᠡᠪᠬᠢᠲᠡᠢ ᠳᠤᠬᠢᠶ᠎ᠠ᠎ᠶ᠋ᠢ ᠳᠠᠮᠵᠢᠭᠤᠯᠪᠠ ᠁

ᠪᠡᠭᠡᠵᠢᠩ ᠬᠣᠲᠠ ᠲᠣᠮᠣ ᠬᠡᠯᠪᠡᠷᠢ᠎ᠶ᠋ᠢᠨ ᠠᠵᠤ ᠠᠬᠤᠢᠯᠠᠯ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠬᠰᠡᠨ ᠲᠠᠪᠴᠠᠩ᠂ ᠵᠥᠭᠡᠯᠡᠨ ᠲᠣᠨᠣᠭ ᠵᠢᠴᠢ ᠪᠠᠭᠠᠵᠢ ᠪᠡᠷ᠎ᠢᠶᠡᠨ ᠤᠷᠤᠯᠭ᠎ᠠ᠎ᠪᠠᠨ ᠨᠡᠮᠡᠭᠳᠡᠬᠦᠯᠵᠦ᠂ ᠳᠤᠮᠳᠠ ᠪᠠᠭ᠎ᠠ ᠠᠵᠤ ᠠᠬᠤᠢᠯᠠᠯ᠎ᠳᠤ ᠬᠠᠨᠳᠤᠭᠤᠯᠤᠨ ᠨᠡᠭᠡᠭᠡᠯᠲᠡ ᠬᠢᠵᠦ᠍ ᠬᠠᠮᠲᠤ᠎ᠪᠠᠷ ᠡᠳ᠋ᠯᠡᠬᠦ᠌᠎ᠶ᠋ᠢ ᠵᠣᠷᠢᠭ᠍ᠵᠢᠭᠤᠯᠪᠠ; ᠹᠦᠵᠢᠶᠠᠨ ᠮᠤᠵᠢ᠎ᠶ᠋ᠢᠨ ᠬᠢᠨ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ᠎ᠶ᠋ᠢᠨ ᠱᠠᠩᠨᠠᠯ ᠨᠥᠬᠥᠪᠥᠷᠢ᠎ᠶ᠋ᠢ ᠬᠡᠷᠡᠭ᠌ᠵᠢᠭᠦᠯᠪᠡ ᠁

2025 ᠤᠨ᠎ᠡᠴᠡ ᠨᠠᠭᠠᠰᠢ᠂ ᠲᠥᠪ᠎ᠡᠴᠡ ᠣᠷᠣᠨ ᠨᠤᠲᠤᠭ ᠬᠦᠷᠲᠡᠯ᠎ᠡ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠦᠨ ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠭᠤ ᠪᠠ ᠳᠡᠮᠵᠢᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠢᠯᠠᠯ᠎ᠤᠨ ᠬᠥᠭ᠌ᠵᠢᠯᠲᠡ᠎ᠳᠦ ᠨᠠᠩ ᠣᠯᠠᠨ ᠠᠵᠠ ᠲᠣᠬᠢᠶᠠᠯ᠂ ᠨᠠᠩ ᠶᠡᠬᠡ ᠲᠠᠪᠴᠠᠩ ᠡᠭᠦᠳᠴᠦ᠍ ᠥᠭ᠌ᠴᠡᠶ᠃

ᠤᠯᠤᠰ᠎ᠡᠴᠡ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠬᠦᠯᠬᠦ ᠠᠵᠠ ᠲᠣᠬᠢᠶᠠᠯ᠎ᠢ ᠠᠮᠵᠢᠵᠤ᠂ ᠵᠧᠵᠢᠶᠠᠩ᠎ᠤᠨ ᠶᠠ ᠳ᠋ᠠ ᠪᠤᠬᠢᠷᠳᠤᠯ ᠦᠭᠡᠢ ᠡᠨ᠋ᠸᠷᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ ᠣᠩᠭᠣᠴᠠ ᠰᠠᠯ ᠳᠠᠯᠠᠢ᠎ᠶ᠋ᠢᠨ ᠢᠨᠵᠧᠨᠧᠷᠢᠩ ᠪᠣᠯᠤᠨ ᠴᠡᠪᠡᠷ ᠡᠨᠧᠷᠭᠢ᠎ᠶ᠋ᠢᠨ ᠬᠦᠷᠢᠶ᠎ᠡ᠎ᠳᠦ ᠰᠠᠢᠳᠤᠷ ᠠᠵᠢᠯᠯᠠᠵᠤ᠂ ᠲᠦᠷᠦᠭᠦᠬᠡᠨ ᠧᠦ᠋ᠷᠣᠫᠠ ᠲᠢᠪ᠎ᠦᠨ 8000 ᠪᠠᠷᠢᠮᠵᠢᠶᠠᠲᠤ ᠬᠠᠢᠷᠴᠠᠭ᠎ᠤᠨ ᠪᠠᠢᠷᠢ(TEU)ᠵᠢᠨ ᠴᠢᠩᠭᠡᠯᠢᠭ᠌ᠲᠦ ᠣᠩᠭᠣᠴᠠᠨ᠎ᠤ ᠲᠦᠷᠦᠯ ᠵᠦᠢᠯ᠎ᠦᠨ ᠱᠢᠨ᠎ᠡ ᠵᠠᠬᠢᠶᠠᠯᠠᠭ᠎ᠠ᠎ᠶ᠋ᠢᠨ ᠬᠠᠭᠤᠳᠠᠰᠤ᠎ᠶ᠋ᠢ ᠠᠮᠵᠢᠯᠲᠠᠲᠠᠢ ᠬᠦᠯᠢᠶᠡᠨ ᠠᠪᠤᠪᠠ᠃

ᠬᠤᠷᠴᠠ ᠱᠢᠷᠦᠭᠦᠨ ᠵᠠᠬ᠎ᠠ ᠳᠡᠯᠭᠡᠭᠦᠷ᠎ᠦᠨ ᠥᠷᠢᠰᠥᠯᠳᠦᠭᠡᠨ ᠳᠤᠤᠷ᠎ᠠ᠂ ᠳᠤᠮᠳᠠ ᠪᠠᠭ᠎ᠠ ᠠᠵᠤ ᠠᠬᠤᠢᠯᠠᠯ ᠬᠡᠷᠬᠢᠨ ᠬᠥᠯ ᠲᠣᠭ᠍ᠲᠠᠵᠤ ᠴᠢᠳᠠᠬᠤ ᠪᠣᠶ?

ᠶᠦᠨ ᠱᠧᠩ ᠤᠶᠤᠨᠲᠤ ᠪᠠᠢᠯᠳᠤᠬᠤ ᠪᠣᠳᠣᠯᠭ᠎ᠠ᠎ᠶ᠋ᠢᠨ ᠵᠠᠬ᠎ᠠ ᠳᠡᠯᠭᠡᠭᠦᠷ᠎ᠦᠨ ᠬᠡᠯᠲᠡᠰ᠎ᠦᠨ ᠠᠮᠢ ᠠᠬᠤᠶ᠎ᠶ᠋ᠢᠨ ᠬᠠᠮᠲᠤᠷᠠᠯᠴᠠᠭᠠᠨ᠎ᠤ ᠲᠤᠰᠭᠠᠶ ᠮᠡᠷᠭᠡᠵᠢᠯᠲᠡᠨ ᠵᠧᠸ᠋ ᠴᠢᠤᠸᠠᠨ᠂ ᠤᠯᠤᠰ᠎ᠤᠨ ᠲᠠᠰ᠎ᠤᠨ ᠲᠤᠰᠭᠠᠶ ᠨᠠᠷᠢᠯᠢᠭ ᠣᠨᠴᠠ ᠱᠢᠨ᠎ᠡ ᠭᠤᠤᠯᠳᠠᠯᠭ᠎ᠠ᠎ᠲᠠᠶ 《ᠪᠠᠭ᠎ᠠ ᠠᠪᠤᠷᠭᠤ》 ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠺᠣᠮᠫᠠᠨᠢ AI ᠲᠣᠮᠣ ᠵᠠᠭ᠍ᠪᠤᠷ ᠪᠠ ᠤᠢᠷ᠎ᠠ ᠤᠭᠳᠠᠷᠭᠤᠢ᠎ᠶᠢᠨ ᠵᠢᠯᠣᠭᠣᠴᠢ ᠥᠬᠡᠶ ᠨᠢᠰᠭᠡᠯ᠎ᠦᠨ ᠬᠡᠷᠡᠭ᠌ᠯᠡᠯᠲᠡ᠎ᠶ᠋ᠢ ᠬᠦᠨᠵᠡᠭᠡᠢ ᠰᠤᠳᠤᠯᠠᠵᠤ᠂ ᠬᠣᠲᠠ᠎ᠶ᠋ᠢᠨ ᠵᠠᠰᠠᠯᠲᠠ᠂ ᠠᠵᠤ ᠦᠶ᠋ᠯᠡᠳᠪᠦᠷᠢ᠎ᠶ᠋ᠢᠨ ᠲᠣᠭᠣᠷᠢᠨ ᠪᠠᠢᠴᠠᠭᠠᠯᠲᠠ ᠵᠡᠷᠭᠡ ᠵᠠᠩᠭᠢᠯᠠᠭ᠎ᠠ᠎ᠶ᠋ᠢᠨ ᠪᠠᠢᠳᠠᠯ᠎ᠢ ᠲᠦᠷᠭᠡᠳᠭᠡᠨ ᠨᠠᠢᠳᠠᠪᠤᠷᠢᠵᠢᠭᠤᠯᠪᠠ ᠭᠡᠵᠡᠶ᠃

ᠳᠤᠮᠳᠠᠳᠤ ᠤᠯᠤᠰ᠎ᠤᠨ ᠳᠤᠮᠳᠠ ᠪᠠᠭ᠎ᠠ ᠠᠵᠤ ᠠᠬᠤᠢᠯᠠᠯ᠎ᠤᠨ ᠨᠡᠢᠭᠡᠮᠯᠢᠭ᠎ᠦᠨ ᠳᠠᠷᠤᠭ᠎ᠠ ᠯᠢ ᠽᠢ ᠪᠢᠨ᠂ 《ᠠᠷᠪᠠᠨ ᠲᠠᠪᠤᠳᠤᠭᠠᠷ ᠲᠠᠪᠤᠨ ᠵᠢᠯ》ᠳ᠋ᠤ ᠬᠠᠨᠳᠤᠵᠤ᠂ ᠥᠷᠭᠡᠨ ᠤᠯᠠᠨ ᠳᠤᠮᠳᠠ ᠪᠠᠭ᠎ᠠ ᠠᠵᠤ ᠠᠬᠤᠢᠯᠠᠯ ᠢᠲᠡᠭᠡᠯ ᠵᠣᠷᠢᠭ᠎ᠢᠶᠠᠨ ᠬᠥᠪᠴᠢᠯᠡᠵᠦ᠍᠂ ᠬᠦᠴᠢᠷ᠎ᠢ ᠰᠦᠷᠦᠨ ᠤᠷᠤᠭ᠍ᠰᠢᠯᠠᠵᠤ᠂ ᠬᠤᠪᠢᠰᠤᠯᠲᠠ᠎ᠶ᠋ᠢ ᠤᠭ᠍ᠲᠤᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢ ᠪᠠᠷᠢᠮᠲᠠᠯᠠᠵᠤ᠂ ᠱᠢᠨ᠎ᠡ ᠮᠡᠷᠭᠡᠵᠢᠯ ᠵᠡᠷᠭᠡ 《ᠱᠢᠨ᠎ᠡ》 ᠳᠡᠭᠡᠷ᠎ᠡ ᠬᠦᠴᠦ᠍ ᠣᠷᠣᠭᠤᠯᠵᠤ᠂ ᠤᠷᠤᠭ᠍ᠰᠢᠯᠠᠨ ᠲᠠᠪᠱᠢᠬᠤ ᠬᠡᠷᠡᠭ᠌ᠲᠡᠢ ᠭᠡᠵᠦ᠍ ᠢᠯᠡᠳᠭᠡᠪᠡ᠃

ᠵᠢᠱ᠌ᠢᠯᠲᠡ᠎ᠶ᠋ᠢ ᠲᠣᠭ᠍ᠲᠠᠪᠤᠷᠢᠵᠢᠭᠤᠯᠵᠤ ᠴᠢᠨᠠᠷ ᠰᠠᠢᠲᠠᠶ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠴᠢᠩᠭᠠᠳᠭᠠᠨ᠎ᠠ

ᠠᠵᠤ ᠠᠬᠤᠢᠯᠠᠯ᠎ᠢ ᠲᠤᠭᠳᠠᠪᠤᠷᠢᠵᠢᠭᠤᠯᠬᠤ ᠨᠢ ᠣᠳᠣᠬᠠᠨ᠎ᠤ ᠪᠠᠢᠳᠠᠯ᠎ᠳᠤ ᠵᠣᠷᠢᠭᠤᠯᠤᠭ᠍ᠰᠠᠨ ᠪᠥᠭᠡᠳ ᠨᠡᠩ ᠴᠤ᠌ ᠠᠯᠤᠰ ᠬᠡᠳᠦ᠍᠎ᠶ᠋ᠢᠨ ᠪᠤᠳᠤᠯᠭ᠎ᠠ ᠪᠣᠯᠬᠤ ᠶᠤᠮ᠃

ᠱᠢᠨ᠎ᠡ ᠲᠠᠪᠤᠨ ᠵᠢᠯ᠎ᠢ ᠪᠠᠷᠠᠯᠠᠬᠤᠶ᠎ᠠ᠂ ᠮᠠᠨ᠎ᠤ ᠤᠯᠤᠰ ᠶᠠᠭ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ ᠪᠠ ᠠᠶᠤᠯ ᠲᠦᠭ᠌ᠰᠢᠭᠦᠷᠢ ᠥᠷᠢᠰᠥᠯᠳᠦᠭᠡᠨ ᠵᠡᠷᠭᠡ᠎ᠪᠡᠷ ᠣᠷᠣᠱᠢᠵᠤ᠂ ᠵᠢᠱ᠌ᠢᠬᠦᠶ᠎ᠡ ᠪᠡᠷᠬᠡ ᠬᠦᠴᠦᠨ ᠵᠦᠢᠯ ᠨᠡᠮᠡᠭ᠌ᠳᠡᠵᠦ᠍ ᠪᠠᠢᠭ᠎ᠠ ᠴᠠᠭ ᠦᠶ᠎ᠡ᠎ᠳᠦ ᠣᠷᠣᠱᠢᠵᠤ ᠪᠠᠢᠨ᠎ᠠ᠃

ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠤᠷᠪᠠᠭᠤᠯᠵᠤ ᠦᠵᠡᠪᠡᠯ᠂ 《ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ》᠂ 《ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌》᠂ 《ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠪᠠᠢᠭᠤᠯᠬᠤ》᠂ 《ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶᠢ ᠥᠷᠭᠡᠳᠭᠡᠬᠦ᠌》 ᠵᠡᠷᠭᠡ ᠠᠯᠢ ᠣᠯᠠᠨ ᠪᠠᠢᠷᠢᠯᠠᠭᠤᠯᠤᠯᠲᠠ᠎ᠳᠦ ᠵᠦᠢᠯ ᠵᠦᠢᠯ᠎ᠤᠨ ᠠᠵᠢᠯ ᠲᠥᠷᠥᠯ᠎ᠦᠨ ᠬᠥᠭ᠌ᠵᠢᠯᠲᠡ᠎ᠶ᠋ᠢᠨ ᠱᠢᠨ᠎ᠡ ᠠᠵᠠ ᠲᠣᠬᠢᠶᠠᠯ᠂ ᠱᠢᠨ᠎ᠡ ᠣᠷᠣᠨ ᠵᠠᠶ᠎ᠶ᠋ᠢ ᠠᠭᠤᠯᠵᠤ ᠪᠠᠢᠨ᠎ᠠ᠃

《2025 ᠤᠨ᠎ᠤ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠨ᠎ᠠ ᠭᠡᠵᠦ᠍ ᠳᠤᠷᠠᠳᠤᠭ᠍ᠰᠠᠨ ᠨᠢ ᠱᠢᠨ᠎ᠡ᠎ᠶ᠋ᠢ ᠡᠭᠦᠳᠬᠦ᠌ ᠡᠯᠧᠮᠧᠨ᠋ᠲ ᠠᠵᠤ ᠠᠬᠤᠢᠯᠠᠯ ᠳᠡᠢᠰᠢ ᠲᠦᠷᠭᠡᠨ ᠲᠥᠪᠯᠡᠷᠡᠬᠦ᠌᠎ᠶ᠋ᠢ ᠬᠠᠷᠠᠭᠤᠯᠵᠤ ᠪᠠᠢᠨ᠎ᠠ》᠃ ᠾᠸᠪᠸᠢ ᠮᠤᠵᠢ᠎ᠶᠢᠨ ᠵᠢᠨ ᠰᠢ ᠪᠣᠯᠣᠳ ᠲᠡᠮᠦᠷ᠎ᠦᠨ ᠪᠦᠯᠦᠭ᠌ᠯᠡᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭ᠌ᠴᠢᠳ᠎ᠦᠨ ᠳᠠᠷᠤᠭ᠎ᠠ ᠬᠠᠨ ᠯᠢ᠂ ᠠᠵᠤ ᠠᠬᠤᠢᠯᠠᠯ ᠡᠨᠡ᠎ᠬᠦ᠌ ᠠᠵᠠ ᠲᠣᠬᠢᠶᠠᠯ᠎ᠢ ᠠᠮᠵᠢᠵᠤ᠂ ᠨᠡᠩ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠣᠨᠳᠣᠣᠱᠢᠭᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠢᠯᠡᠳᠬᠡᠪᠡ᠃

ᠤᠢᠷ᠎ᠠ᠎ᠶᠢᠨ ᠡᠳᠦᠷ᠂ ᠤᠯᠤᠰ᠎ᠤᠨ ᠦᠢᠯᠡᠰ ᠪᠤᠰᠭᠠᠬᠤ ᠪᠠᠯᠠ ᠣᠷᠣᠭᠤᠯᠤᠯᠲᠠ᠎ᠶᠢ ᠬᠥᠲᠥᠯᠥᠨ ᠵᠢᠯᠣᠭᠣᠳᠭᠤ ᠰᠠᠭᠤᠷᠢ ᠮᠥᠩᠭᠥ᠎ᠶᠢ ᠡᠬᠢᠯᠡᠭᠦᠯᠵᠦ᠍᠂ ᠲᠥᠪ᠎ᠦᠨ ᠪᠠᠯᠠ ᠮᠥᠩᠭᠥ᠎ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠪᠠᠳᠠᠷᠠᠭᠤᠯᠤᠨ᠂ ᠨᠡᠢᠭᠡᠮ᠎ᠦᠨ ᠬᠥᠷᠥᠩᠭᠡ᠎ᠶ᠋ᠢ ᠲᠡᠳᠡᠵᠤ ᠬᠠᠮᠲᠤ᠎ᠪᠠᠷ ᠣᠷᠣᠯᠴᠠᠭᠤᠯᠪᠠ᠃

ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠱᠢᠨ᠎ᠡ᠎ᠶ᠋ᠢ ᠡᠭᠦᠳᠬᠦ᠌ ᠪᠠ ᠳᠡᠭᠡᠳᠦ ᠮᠡᠷᠭᠡᠵᠢᠯ᠎ᠦᠨ ᠬᠥᠭ᠌ᠵᠢᠯᠲᠡ᠎ᠶ᠋ᠢᠨ ᠵᠤᠷᠭᠠᠨ᠎ᠤ ᠳᠠᠷᠤᠭ᠎ᠠ ᠪᠠᠶ ᠵᠢᠩ ᠢᠦᠶ᠂ ᠰᠠᠭᠤᠷᠢ ᠮᠥᠩᠭᠥ᠎ᠶ᠋ᠢ ᠬᠥᠲᠥᠯᠥᠨ ᠵᠢᠯᠣᠭᠣᠳᠴᠤ᠌᠂ ᠦᠷ᠎ᠡ᠎ᠶ᠋ᠢᠨ ᠬᠤᠭᠤᠴᠠᠭ᠎ᠠ᠂ ᠠᠩᠬ᠎ᠠ ᠡᠭᠦᠳᠦᠯᠲᠡ᠎ᠶ᠋ᠢᠨ ᠬᠤᠭᠤᠴᠠᠭ᠎ᠠ᠂ ᠡᠬᠢᠨ᠎ᠦ ᠪᠠ ᠳᠤᠮᠳᠠ ᠬᠤᠭᠤᠴᠠᠭᠠᠨ᠎ᠤ ᠠᠵᠤ ᠠᠬᠤᠢᠯᠠᠯ᠎ᠢ ᠪᠠᠯᠠ ᠣᠷᠣᠭᠤᠯᠤᠯᠲᠠ᠎ᠶ᠋ᠢᠨ ᠭᠤᠤᠯᠳᠠᠯᠭ᠎ᠠ ᠪᠣᠯᠭᠠᠵᠤ᠂ 20 ᠵᠢᠯ᠎ᠦᠨ ᠣᠷᠣᠱᠢᠨ ᠲᠤᠭᠳᠠᠨᠢᠬᠤ ᠬᠤᠭᠤᠴᠠᠭ᠎ᠠ᠎ᠶ᠋ᠢ ᠲᠣᠬᠢᠷᠠᠭᠤᠯᠤᠨ᠎ᠠ᠂ ᠡᠭᠦᠨ᠎ᠳᠦ 10 ᠵᠢᠯ᠎ᠦᠨ ᠪᠠᠯᠠ ᠣᠷᠣᠭᠤᠯᠤᠯᠲᠠ᠎ᠶ᠋ᠢᠨ ᠬᠤᠭᠤᠴᠠᠭ᠎ᠠ᠂ 10 ᠵᠢᠯ᠎ᠦᠨ ᠤᠬᠤᠷᠢᠨ ᠭᠠᠷᠬᠤ ᠬᠤᠭᠤᠴᠠᠭ᠎ᠠ᠎ᠶᠢ ᠪᠠᠭᠳᠠᠭᠠᠵᠤ᠂ ᠬᠦᠯᠢᠴᠡᠩᠭᠦᠶ ᠬᠥᠷᠥᠩᠭᠡ᠎ᠪᠠᠷ ᠠᠵᠤ ᠠᠬᠤᠢᠯᠠᠯ᠎ᠦᠨ 《ᠬᠣᠯᠠ ᠭᠦᠶᠦᠬᠦ᠌》᠎ᠶᠢ ᠳᠡᠮᠵᠢᠨ᠎ᠡ ᠭᠡᠵᠦ ᠢᠯᠡᠳᠬᠡᠪᠡ᠃

ᠪᠦᠲᠦᠮᠵᠢᠲᠡᠢ ᠪᠡᠯᠡ ᠣᠷᠣᠭᠤᠯᠤᠯᠲᠠ᠎ᠶ᠋ᠢ ᠢᠳᠡᠪᠬᠢᠲᠡᠢ ᠥᠷᠭᠡᠳᠭᠡᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠡᠬᠢ ᠣᠷᠣᠭᠤᠯᠤᠯᠲᠠ᠎ᠶ᠋ᠢ ᠨᠡᠮᠡᠭ᠌ᠳᠡᠭᠦᠯᠦᠨ᠎ᠡ; ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ《ᠤᠷᠢᠳ᠎ᠢᠶᠠᠷ ᠬᠡᠷᠡᠭ᠌ᠯᠡᠵᠦ᠍ ᠳᠠᠷᠠᠭ᠎ᠠ ᠨᠢ ᠰᠦᠢᠳᠭᠡᠯ ᠲᠤᠱᠢᠶᠠᠬᠤ》 ᠥᠭᠡᠷᠡᠴᠢᠯᠡᠯᠲᠡ᠎ᠶ᠋ᠢᠨ ᠲᠤᠷᠱᠢᠯᠲᠠ᠎ᠶᠢᠨ ᠴᠡᠭ᠎ᠢ ᠠᠬᠢᠭᠤᠯᠤᠨ᠎ᠠ ᠁

ᠣᠢᠷ᠎ᠠ᠎ᠳᠤ᠂ ᠡᠯ᠎ᠡ ᠰᠠᠯᠠᠭ᠎ᠠ ᠮᠥᠴᠢᠷ᠎ᠦᠨ ᠵᠠᠯᠭᠠᠭ᠎ᠠ᠎ᠪᠠᠷ ᠨᠡᠢᠲᠡᠯᠡᠭ᠌ᠰᠡᠨ 2026 ᠣᠨ᠎ᠤ ᠭᠤᠤᠯᠳᠠᠯᠭ᠎ᠠ᠎ᠲᠠᠶ ᠡᠭᠦᠷᠭᠡ᠎ᠶ᠋ᠢᠨ ᠨᠠᠷᠢᠨ ᠳᠠᠩᠰᠠ᠎ᠳᠤ᠂ ᠠᠯᠢ ᠣᠯᠠᠨ ᠱᠢᠨ᠎ᠡ ᠠᠷᠭ᠎ᠠ ᠬᠡᠮᠵᠢᠶ᠎ᠡ ᠨᠢ ᠠᠵᠤ ᠠᠬᠤᠢᠯᠠᠯ᠎ᠤᠨ ᠬᠥᠭ᠌ᠵᠢᠯᠲᠡ᠎ᠳᠦ ᠨᠠᠩ ᠠᠱᠢᠭ᠍ᠲᠠᠶ ᠨᠥᠬᠥᠴᠡᠯ᠂ ᠨᠠᠩ ᠥᠷᠭᠡᠨ ᠠᠭᠤᠳᠠᠮ ᠣᠷᠣᠨ ᠵᠠᠶ ᠬᠠᠩᠭᠠᠭ᠍ᠰᠠᠨ ᠪᠠᠢᠨ᠎ᠠ᠃

《ᠠᠷᠪᠠᠨ ᠲᠠᠪᠤᠳᠤᠭᠠᠷ ᠲᠠᠪᠤᠨ ᠵᠢᠯ》ᠡᠬᠢᠯᠡᠬᠦ᠌ ᠪᠤᠯᠤᠯ᠎ᠠ᠃ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠯᠠᠪᠳᠠᠭᠤᠨ ᠪᠠᠲᠤᠲᠠᠶ ᠠᠭᠢᠭᠤᠯᠵᠤ᠂ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠱᠢᠨ᠎ᠡ ᠪᠥᠭᠡᠳ ᠱᠢᠯᠢᠳᠡᠭ ᠪᠣᠯᠬᠤ᠎ᠶ᠋ᠢ ᠠᠬᠢᠭᠤᠯᠵᠤ᠂ ᠥᠷᠭᠡᠨ ᠣᠯᠠᠨ ᠠᠵᠤ ᠠᠬᠤᠢᠯᠠᠯ ᠥᠭᠡᠳᠡᠯᠡᠨ ᠳᠠᠪᠱᠢᠬᠤ᠎ᠪᠠᠷ ᠬᠦᠴᠦᠯᠡᠨ ᠴᠢᠷᠮᠠᠢᠵᠤ᠂ ᠱᠢᠨ᠎ᠡ᠎ᠶᠢ ᠡᠭᠦᠳᠦᠨ ᠬᠥᠭ᠌ᠵᠢᠬᠦ᠌᠎ᠶ᠋ᠢ ᠳᠠᠭᠠᠯᠳᠤᠨ᠂ ᠳᠤᠮᠳᠠᠳᠤ ᠤᠯᠤᠰ᠎ᠤᠨ ᠠᠵᠤ ᠠᠬᠤᠶ ᠬᠥᠭ᠌ᠵᠢᠯᠲᠡ᠎ᠶ᠋ᠢᠨ ᠰᠠᠭᠤᠷᠢ᠎ᠪᠠᠨ ᠲᠠᠰᠤᠷᠠᠯᠲᠠ ᠥᠬᠡᠶ ᠪᠡᠬᠢᠵᠢᠭᠦᠯᠵᠦ᠍᠂ ᠨᠠᠩ ᠴᠣᠭ ᠪᠠᠳᠠᠷᠠᠩᠭᠤᠶ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠬᠤ ᠪᠣᠯᠤᠨ᠎ᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ