ᠲᠤᠭ᠎ᠠ ᠪᠦᠷᠢᠳᠬᠡᠯ   -   ᠲᠤᠭ᠎ᠠ ᠪᠦᠷᠢᠳᠬᠡᠯ
ᠲᠦᠷᠦᠭᠦᠸ᠋ ᠭᠤᠷᠪᠠᠨ ᠤᠯᠠᠷᠢᠯ᠎ᠳᠤ ᠥᠪᠥᠷ ᠮᠣᠩᠭᠣᠯ᠎ᠤᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 17875.5 ᠳ᠋ᠦᠩᠰᠢᠭᠤᠷ ᠲᠥᠭᠥᠷᠢᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ ᠨᠡᠮᠡᠭᠳᠡᠪᠡ
ᠨᠡᠶ᠋ᠢᠲᠡᠯᠡᠭᠰᠡᠨ ᠴᠠᠭ᠄ 2024-10-24

 

      10 ᠳ᠋ᠤᠭ᠋ᠠᠷ ᠰᠠᠷ᠎ᠠ ᠵᠢᠨ 21᠎ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠡᠷᠭᠢᠯᠡᠭᠰᠡᠨ ᠲᠦᠷᠦᠭᠦᠸ᠋ ᠭᠤᠷᠪᠠᠨ ᠤᠯᠠᠷᠢᠯ᠎ᠳᠠᠬᠢ  ᠪᠥᠬᠥ ᠣᠷᠣᠨ᠎ᠤ ᠠᠵᠤ ᠠᠬᠤᠢ ᠵᠢᠨ ᠠᠵᠢᠯᠯᠠᠭ᠋ᠠᠨ᠎ᠤ ᠪᠠᠢ᠌ᠳᠠᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ ᠵᠶ᠋ᠠᠷ ᠄ ᠡᠨᠡ ᠵᠢᠯ᠎ᠤᠨ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠦᠢ᠍ᠯᠡᠳᠪᠦᠷᠢᠯᠡᠯ᠎ᠤᠨ  ᠶᠡᠷᠦᠩᠬᠡᠢ  ᠥᠷᠲᠡᠭ 17875.5 ᠳ᠋ᠦᠩᠰᠢᠭᠤᠷ ᠲᠥᠭᠥᠷᠢᠭ᠎ᠲᠤ ᠬᠦᠷᠴᠦ᠂ ᠥᠯᠥ ᠬᠤᠪᠢᠰᠬᠤ ᠦᠨ᠎ᠡ᠎ᠪᠠᠷ ᠪᠤᠳᠤᠪᠠᠯ᠂ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ  ᠨᠡᠮᠡᠭᠳᠡᠵᠡᠢ᠃ ᠠᠵᠤ ᠦᠢ᠍ᠯᠡᠰ ᠵᠶ᠋ᠡᠷ ᠢᠯᠭ᠋ᠠᠨ ᠬᠤᠪᠢᠶᠠᠵᠤ  ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ 846.0 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.3%᠎ᠪᠠᠷ  ᠨᠡᠮᠡᠭᠳᠡᠪᠡ; ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 9012.5 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.5%᠎ᠪᠠᠷ  ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 8017.0 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4.4%᠎ᠪᠠᠷ  ᠨᠡᠮᠡᠭᠳᠡᠪᠡ᠃

       ᠡᠨᠡ ᠵᠢᠯ᠎ᠠᠴᠠ  ᠨᠠᠭ᠋ᠠᠰᠢ ᠂ ᠪᠦᠬᠦ ᠣᠷᠣᠨ᠎ᠤ  ᠳᠡᠭᠡᠳᠦ ᠳᠣᠣᠷᠠᠳᠤ ᠱᠠᠲᠤ᠎ᠪᠠᠷ ᠵᠶ᠋ᠠᠨ ᠶᠡᠷᠦᠩᠬᠡᠢ ᠱᠦᠵᠢ ᠰᠢ  ᠵᠢᠨ  ᠫᠢᠩ᠎ᠤᠨ  ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ  ᠭᠦᠨᠵᠡᠭᠡᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠡᠯ᠎ᠡ ᠵᠦᠢ᠍ᠯ᠎ᠤᠨ ᠠᠵᠢᠯ᠎ᠤᠨ ᠭᠣᠣᠯ  ᠰᠢᠵᠢᠮ ᠵᠶ᠋ᠠᠨ  ᠪᠣᠯᠭ᠋ᠠᠵᠤ ᠂ ᠲᠣᠭᠲᠠᠭᠤᠨ  ᠪᠠᠢ᠌ᠯᠭ᠋ᠠᠬᠤ ᠵᠢᠨ ᠳᠠᠭ᠋ᠠᠤ ᠤᠷᠤᠭᠰᠢᠯᠠᠬᠤ  ᠠᠵᠢᠯ᠎ᠤᠨ  ᠦᠨᠳᠦᠰᠦᠨ ᠵᠣᠷᠢᠭ ᠰᠠᠨᠠᠭ᠎ᠠ ᠵᠢ ᠪᠠᠷᠢᠮᠲᠠᠯᠠᠨ᠂ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠪᠠᠷ  ᠬᠦᠳᠡᠯᠭᠡᠭᠴᠢ  ᠬᠦᠴᠦᠨ ᠪᠣᠯᠭ᠋ᠠᠵᠤ ᠂ ᠬᠦᠴᠢᠷ᠎ᠢ ᠰᠥᠷᠦᠨ ᠤᠷᠤᠭᠰᠢᠯᠠᠵᠤ ᠂ ᠢᠳᠡᠪᠬᠢᠲᠡᠢ  ᠠᠵᠢᠯᠯᠠᠨ᠂ ᠬᠣᠶᠠᠷ ᠶᠡᠬᠡ ᠶᠠᠪᠤᠳᠠᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ ᠂ 《  ᠵᠢᠷᠭᠤᠭ᠋ᠠᠨ ᠢᠨᠵᠧᠨᠧᠷᠢᠩ 》᠎ᠢ  ᠲᠦᠷᠭᠡᠳᠬᠡᠨ ᠬᠡᠷᠡᠭᠵᠢᠭᠦᠯᠵᠦ ᠂ ᠪᠦᠬᠦ ᠣᠷᠣᠨ᠎ᠤ ᠠᠵᠤ ᠠᠬᠤᠢ ᠵᠢᠨ  ᠲᠣᠭᠲᠠᠭᠤᠨ  ᠨᠡᠮᠡᠭᠳᠡᠯ᠎ᠢ ᠪᠡᠶᠡᠯᠡᠭᠦᠯᠦᠨ᠂ ᠴᠢᠨᠠᠷ ᠰᠠᠢ᠌ᠲᠠᠢ ᠬᠥᠭᠵᠢᠯᠲᠡ ᠵᠢ  ᠯᠠᠪᠳᠠᠭᠤᠨ ᠵᠶ᠋ᠠᠷ  ᠠᠬᠢᠭᠤᠯᠪᠠ᠃

       ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ ᠶᠡᠷᠦᠩᠬᠡᠢ᠎ᠳᠤ᠎ᠪᠠᠨ  ᠲᠣᠭᠲᠠᠭᠤᠨ  ᠪᠠᠢ᠌ᠨ᠎ᠠ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠵᠢᠭ᠋ᠠᠰᠤᠨ  ᠠᠵᠤ ᠠᠬᠤᠢ ᠵᠢᠨ  ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.4%᠎ᠪᠠᠷ  ᠨᠡᠮᠡᠭᠳᠡᠵᠦ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠪᠠᠢ᠌ᠳᠠᠯ ᠨᠡᠯᠢᠶᠡᠳ ᠰᠠᠢ᠌ᠨ ᠪᠠᠢ᠌ᠵᠤ᠂ ᠨᠠᠮᠤᠷ᠎ᠤᠨ ᠬᠤᠷᠢᠶᠠᠯᠲᠠ ᠵᠢᠨ ᠠᠵᠢᠯ ᠡᠮᠬᠢ ᠵᠢᠷᠤᠮ᠎ᠲᠠᠢ  ᠠᠬᠢᠵᠤ ᠪᠤᠢ ; ᠭᠤᠷᠪᠠᠳᠤᠭ᠋ᠠᠷ ᠤᠯᠠᠷᠢᠯ᠎ᠤᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠠᠮᠢᠳᠤ ᠭᠠᠬᠠᠢ ᠵᠢᠨ ᠲᠣᠭ᠎ᠠ 634.6 ᠲᠦᠮᠡ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 6.0 ᠵᠶ᠋ᠠᠷ  ᠨᠡᠮᠡᠭᠳᠡᠪᠡ;  ᠦᠬᠡᠷ᠎ᠤᠨ  ᠲᠣᠭ᠎ᠠ 948.4 ᠲᠦᠮᠡ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 3.0% ᠵᠶ᠋ᠠᠷ  ᠨᠡᠮᠡᠭᠳᠡᠪᠡ; ᠬᠣᠨᠢ ᠢᠮᠠᠭ᠋ᠠᠨ᠎ᠤ ᠲᠣᠭ᠎ᠠ 6353.9 ᠲᠦᠮᠡ᠎ᠳᠤ ᠬᠦᠷᠴᠦ ᠂ ᠠᠳᠠᠯᠢ ᠬᠤᠭᠤᠴᠠᠭ᠋ᠠᠨ᠎ᠤ᠎ᠬᠢ᠎ᠠᠴᠠ 1.6%᠎ᠪᠠᠷ ᠨᠡᠮᠡᠭᠳᠡᠪᠡ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠭᠠᠬᠠᠢ᠂ ᠦᠬᠡᠷ᠂ ᠬᠣᠨᠢ  ᠢᠮᠠᠭ᠎ᠠ ᠂ ᠵᠢᠭᠦᠷᠲᠡᠨ᠎ᠤ ᠮᠢᠬᠠᠨ᠎ᠤ ᠭᠠᠷᠤᠯᠲᠠ 199.4 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.0% ᠵᠶ᠋ᠠᠷ  ᠨᠡᠮᠡᠭᠳᠡᠪᠡ᠃

       ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠪᠡ ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 7.2% ᠵᠶ᠋ᠠᠷ  ᠨᠡᠮᠡᠭᠳᠡᠪᠡ᠃ ᠭᠤᠷᠪᠠᠨ ᠶᠡᠬᠡ ᠲᠦᠷᠦᠯ᠎ᠤᠨ ᠠᠵᠤ ᠦᠢ᠍ᠯᠡᠳᠪᠦᠷᠢ᠎ᠪᠠᠷ  ᠢᠯᠭ᠋ᠠᠨ ᠬᠤᠪᠢᠶᠠᠵᠤ  ᠦᠵᠡᠪᠡᠯ ᠂ ᠠᠭᠤᠷᠬᠠᠢ ᠮᠠᠯᠲᠠᠬᠤ ᠦᠢ᠍ᠯᠡᠰ᠎ᠤᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 5.2 ᠵᠶ᠋ᠡᠷ  ᠨᠡᠮᠡᠭᠳᠡᠵᠦ ᠂ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 9.0% ᠵᠶ᠋ᠠᠷ ᠨᠡᠮᠡᠭᠳᠡᠨ᠂ ᠴᠠᠬᠢᠯᠭ᠋ᠠᠨ  ᠬᠦᠴᠦᠨ᠂ ᠢᠯᠴᠢ ᠵᠢᠨ  ᠬᠦᠴᠦᠨ᠂ ᠰᠢᠲᠠᠮᠠᠬᠠᠢ ᠬᠡᠢ ᠵᠢᠴᠢ ᠤᠰᠤᠨ᠎ᠤ ᠦᠢ᠍ᠯᠡᠳᠪᠦᠷᠢᠯᠡᠯ  ᠪᠠ  ᠬᠠᠩᠭ᠋ᠠᠯᠭ᠎ᠠ ᠵᠢᠨ ᠦᠢ᠍ᠯᠡᠰ᠎ᠤᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 9.9%᠎ᠪᠠᠷ  ᠨᠡᠮᠡᠭᠳᠡᠵᠡᠢ ᠃ ᠦᠢ᠍ᠯᠡᠳᠬᠦ ᠦᠢ᠍ᠯᠡᠰ᠎ᠤᠨ ᠳᠣᠲᠣᠷ᠎ᠠ᠂  ᠲᠣᠨᠣᠭ ᠲᠦᠬᠦᠭᠡᠷᠦᠮᠵᠢ  ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 41.8%᠎ᠪᠠᠷ  ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 31.6᠎ᠪᠠᠷ  ᠨᠡᠮᠡᠭᠳᠡᠵᠡᠢ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠭᠣᠣᠯ  ᠪᠣᠯᠬᠤ  ᠦᠢ᠍ᠯᠡᠳᠬᠦᠨ  ᠦᠢ᠍ᠯᠡᠳᠪᠦᠷᠢᠯᠡᠭᠰᠡᠨ ᠬᠡᠮᠵᠢᠶ᠎ᠡ᠎ᠠᠴᠠ ᠦᠵᠡᠪᠡᠯ ᠂ ᠪᠦᠬᠦ ᠣᠷᠣᠨ᠎ᠤ ᠨᠡᠭᠦᠷᠡᠰᠦᠨ᠎ᠤ ᠭᠠᠷᠤᠯᠲᠠ 9.5 ᠳ᠋ᠦᠩᠰᠢᠭᠤᠷ ᠲᠣᠨ᠎ᠳᠤ ᠬᠦᠷᠴᠦ ᠂ ᠠᠳᠠᠯᠢ ᠬᠤᠭᠤᠴᠠᠭ᠋ᠠᠨ᠎ᠤ᠎ᠬᠢ᠎ᠠᠴᠠ 4.6᠎ᠪᠠᠷ  ᠨᠡᠮᠡᠭᠳᠡᠪᠡ ; ᠴᠠᠬᠢᠯᠭ᠋ᠠᠨ ᠭᠠᠷᠭ᠋ᠠᠭᠰᠠᠨ ᠬᠡᠮᠵᠢᠶ᠎ᠡ 5990.7 ᠳ᠋ᠦᠩᠰᠢᠭᠤᠷ ᠺᠢᠯᠣᠸᠠᠲ ᠴᠠᠭ᠎ᠲᠤ ᠬᠦᠷᠴᠦ ᠂ ᠠᠳᠠᠯᠢ ᠬᠤᠭᠤᠴᠠᠭ᠋ᠠᠨ᠎ᠤ᠎ᠬᠢ᠎ᠠᠴᠠ 9.6᠎ᠪᠠᠷ  ᠨᠡᠮᠡᠭᠳᠡᠪᠡ ;  ᠪᠣᠯᠣᠳ ᠮᠠᠲ᠋ᠧᠷᠢᠶᠠᠯ  ᠪᠣᠯᠪᠠᠰᠤᠷᠠᠭᠤᠯᠤᠭᠰᠠᠨ ᠬᠡᠮᠵᠢᠶ᠎ᠡ 2550.6 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 1.5%᠎ᠪᠠᠷ  ᠨᠡᠮᠡᠭᠳᠡᠪᠡ; ᠬᠣᠪᠣᠷ ᠰᠢᠷᠣᠢ ᠵᠢᠨ ᠨᠢᠭᠡᠳᠪᠦᠷᠢ ᠪᠠ ᠣᠯᠠᠨ ᠲᠠᠯᠠᠰᠲᠤ ᠴᠠᠬᠢᠭᠤᠷ  ᠦᠢ᠍ᠯᠡᠳᠪᠦᠷᠢᠯᠡᠭᠰᠡᠨ ᠬᠡᠮᠵᠢᠶ᠎ᠡ  ᠲᠣᠰ ᠲᠣᠰ 2.4 ᠳᠠᠬᠢᠨ ᠪᠠ 1.2 ᠳᠠᠬᠢᠨ ᠨᠡᠮᠡᠭᠳᠡᠪᠡ᠃ ᠡᠭᠦᠨ᠎ᠳᠤ᠂ ᠰᠠᠯᠬᠢᠨ  ᠬᠦᠴᠦᠨ ᠵᠶ᠋ᠡᠷ  ᠴᠠᠬᠢᠯᠭ᠋ᠠᠨ ᠭᠠᠷᠭ᠋ᠠᠭᠰᠠᠨ ᠬᠡᠮᠵᠢᠶ᠎ᠡ 1105.1 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 20.9%᠎ᠪᠠᠷ  ᠨᠡᠮᠡᠭᠳᠡᠵᠡᠢ᠃

       ᠦᠢ᠍ᠯᠡᠴᠢᠯᠡᠭᠡᠨ᠎ᠤ ᠦᠢ᠍ᠯᠡᠰ ᠦᠷᠭᠦᠯᠵᠢᠯᠡᠨ  ᠦᠷᠨᠢᠪᠡ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 4.4%᠎ᠪᠠᠷ  ᠨᠡᠮᠡᠭᠳᠡᠪᠡ᠃ ᠡᠭᠦᠨ᠎ᠳᠤ᠂ ᠪᠥᠭᠡᠮ ᠵᠶ᠋ᠡᠷ ᠬᠤᠳᠠᠯᠳᠤᠬᠤ ᠪᠠ ᠵᠢᠵᠢᠭᠯᠡᠨ  ᠬᠤᠳᠠᠯᠳᠤᠬᠤ  ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.6%᠎ᠪᠠᠷ  ᠨᠡᠮᠡᠭᠳᠡᠵᠦ᠂ ᠵᠠᠮ  ᠬᠠᠷᠢᠯᠴᠠᠭ᠎ᠠ  ᠲᠡᠭᠡᠭᠡᠪᠦᠷᠢ᠂  ᠬᠦᠮᠦᠷᠭᠡᠯᠡᠨ ᠬᠠᠳᠠᠭ᠋ᠠᠯᠠᠬᠤ  ᠪᠠ ᠰᠢᠤᠳᠠᠨ᠎ᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 2.5%᠎ᠪᠠᠷ  ᠨᠡᠮᠡᠭᠳᠡᠵᠦ᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.6%᠎ᠪᠠᠷ  ᠨᠡᠮᠡᠭᠳᠡᠵᠡᠢ᠃

       ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ ᠲᠣᠭᠲᠠᠭᠤᠨ ᠪᠠᠢ᠌ᠯᠭ᠋ᠠᠬᠤ ᠵᠢᠨ  ᠳᠠᠭ᠋ᠠᠤ ᠲᠦᠷᠭᠡᠳᠬᠡᠪᠡ᠃  ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠪᠠᠭᠲᠠᠬᠤ ᠦᠭᠡᠢ) ᠠᠳᠠᠯᠢ ᠬᠤᠭᠤᠴᠠᠭ᠋ᠠᠨ᠎ᠤ᠎ᠬᠢ᠎ᠠᠴᠠ 11.0 ᠵᠶ᠋ᠠᠷ  ᠨᠡᠮᠡᠭᠳᠡᠵᠦ᠂ 1 — 8 ᠳ᠋ᠤᠭ᠋ᠠᠷ ᠰᠠᠷ᠎ᠠ ᠵᠢᠨ᠎ᠬᠢ᠎ᠠᠴᠠ 0.6 ᠵᠠᠭᠤᠨ᠎ᠤ  ᠴᠡᠭ ᠵᠶ᠋ᠠᠷ  ᠳᠡᠭᠡᠭᠰᠢᠯᠡᠵᠡᠢ᠃ ᠭᠣᠣᠯᠳᠠᠯᠭ᠎ᠠ  ᠪᠣᠯᠬᠤ  ᠪᠡᠯᠡ ᠣᠷᠣᠭᠤᠯᠤᠯᠲᠠ᠎ᠪᠠᠷ ᠢᠯᠭ᠋ᠠᠨ ᠬᠤᠪᠢᠶᠠᠵᠤ  ᠦᠵᠡᠪᠡᠯ ᠂ ᠰᠠᠭᠤᠷᠢ  ᠪᠡᠯᠡᠳᠬᠡᠮᠵᠢ ᠵᠢᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 12.3%᠎ᠪᠠᠷ  ᠨᠡᠮᠡᠭᠳᠡᠵᠦ ᠂ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 3.2% ᠵᠶ᠋ᠡᠷ  ᠨᠡᠮᠡᠭᠳᠡᠵᠡᠢ ᠃ ᠠᠵᠤ ᠦᠢ᠍ᠯᠡᠰ ᠵᠶ᠋ᠠᠷ ᠢᠯᠭ᠋ᠠᠨ ᠬᠤᠪᠢᠶᠠᠵᠤ  ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 59.8%᠎ᠪᠠᠷ  ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 12.3%᠎ᠪᠠᠷ ᠨᠡᠮᠡᠭᠳᠡᠵᠦ᠂ ᠭᠤᠷᠪᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 4.6᠎ᠪᠠᠷ  ᠨᠡᠮᠡᠭᠳᠡᠵᠡᠢ᠃ ᠬᠣᠶᠠᠳᠤᠭ᠋ᠠᠷ ᠠᠵᠤ ᠦᠢ᠍ᠯᠡᠰ᠎ᠤᠨ ᠳᠣᠲᠣᠷ᠎ᠠ᠂ ᠠᠵᠤ ᠦᠢ᠍ᠯᠡᠳᠪᠦᠷᠢ ᠵᠢᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 12.2% ᠵᠶ᠋ᠠᠷ ᠨᠡᠮᠡᠭᠳᠡᠵᠦ᠂ ᠪᠥᠬᠥ ᠪᠡᠯᠡ ᠣᠷᠣᠭᠤᠯᠤᠯᠲᠠ ᠵᠢᠨ ᠨᠡᠮᠡᠭᠳᠡᠯ᠎ᠳᠤ ᠬᠤᠪᠢ  ᠨᠡᠮᠡᠷᠢᠯᠡᠭᠰᠡᠨ  ᠨᠣᠷᠮ᠎ᠠ᠎ᠨᠢ 65.4%᠎ᠳᠤ ᠬᠦᠷᠴᠡᠢ᠃

       ᠵᠠᠬ᠎ᠠ ᠳᠡᠯᠭᠡᠭᠦᠷ᠎ᠤᠨ ᠪᠣᠷᠤᠯᠠᠭᠤᠯᠭ᠎ᠠ ᠲᠣᠭᠲᠠᠭᠤᠨ ᠵᠶ᠋ᠠᠷ ᠳᠡᠭᠡᠭᠰᠢᠯᠡᠪᠡ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠨᠡᠢ᠌ᠭᠡᠮ᠎ᠤᠨ  ᠬᠡᠷᠡᠭᠯᠡᠭᠡ ᠵᠢᠨ ᠵᠦᠢ᠍ᠯᠡᠰ᠎ᠤᠨ  ᠵᠢᠵᠢᠭᠯᠡᠨ ᠬᠤᠳᠠᠯᠳᠤᠭᠰᠠᠨ ᠪᠥᠬᠥ ᠲᠣᠭ᠎ᠠ 3909.1 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 3.4᠎ᠪᠠᠷ  ᠨᠡᠮᠡᠭᠳᠡᠨ᠂ 1 — 8 ᠳ᠋ᠤᠭ᠋ᠠᠷ ᠰᠠᠷ᠎ᠠ ᠵᠢᠨ᠎ᠬᠢ᠎ᠠᠴᠠ 0.2 ᠵᠠᠭᠤᠨ᠎ᠤ  ᠴᠡᠭ ᠵᠶ᠋ᠠᠷ  ᠲᠦᠷᠭᠡᠳᠪᠡ᠃  ᠡᠵᠡᠩᠨᠡᠵᠦ ᠪᠦᠬᠦᠢ ᠨᠢᠭᠡᠴᠢ ᠵᠢᠨ ᠪᠠᠢ᠌ᠭ᠎ᠠ ᠭᠠᠵᠠᠷ ᠵᠶ᠋ᠠᠷ ᠢᠯᠭ᠋ᠠᠨ ᠬᠤᠪᠢᠶᠠᠵᠤ ᠦᠵᠡᠪᠡᠯ ᠂ ᠬᠣᠲᠠ ᠪᠠᠯᠭ᠋ᠠᠰᠤᠨ᠎ᠤ ᠬᠡᠷᠡᠭᠯᠡᠭᠡ ᠵᠢᠨ ᠵᠦᠢ᠍ᠯᠡᠰ᠎ᠤᠨ  ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 3.3᠎ᠪᠠᠷ  ᠨᠡᠮᠡᠭᠳᠡᠵᠦ᠂ ᠬᠥᠳᠡᠭᠡ ᠲᠣᠰᠬᠣᠨ᠎ᠤ ᠬᠡᠷᠡᠭᠯᠡᠭᠡ ᠵᠢᠨ ᠵᠦᠢ᠍ᠯᠡᠰ᠎ᠤᠨ  ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ ᠎ᠬᠢ᠎ᠠᠴᠠ 4.3%᠎ᠪᠠᠷ ᠨᠡᠮᠡᠭᠳᠡᠪᠡ᠃  ᠡᠭᠦᠨ᠎ᠤ ᠬᠠᠮᠲᠤ᠂ ᠪᠥᠬᠥ ᠣᠷᠣᠨ᠎ᠤ  ᠬᠢᠵᠠᠭ᠋ᠠᠷᠯᠠᠬᠤ ᠬᠡᠪᠴᠢᠶᠡᠨ᠎ᠠᠴᠠ ᠳᠠᠪᠠᠭᠤᠯᠤᠭᠰᠠᠨ ᠨᠢᠭᠡᠴᠢ ᠵᠢᠨ ᠪᠡᠶ᠎ᠡ ᠵᠢᠨ ᠲᠠᠮᠢᠷ ᠵᠤᠭ᠎ᠠ ᠴᠡᠩᠭᠡᠯ᠎ᠤᠨ  ᠬᠡᠷᠡᠭᠯᠡᠭᠡ ᠵᠢᠨ ᠵᠦᠢ᠍ᠯᠡᠰ᠎ᠤᠨ  ᠲᠥᠷᠥᠯ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠲᠥᠷᠥᠯ᠂ ᠴᠢᠮᠡᠭᠡ ᠨᠡᠪᠲᠡᠷᠡᠯᠭᠡ ᠵᠢᠨ ᠪᠠᠭ᠋ᠠᠵᠢ ᠬᠡᠷᠡᠭᠰᠡᠯ᠎ᠤᠨ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 63.5%᠂ 79.3% ᠪᠠ 89.3%᠎ᠪᠠᠷ  ᠨᠡᠮᠡᠭᠳᠡᠪᠡ᠃

       ᠰᠠᠭᠤᠭ᠋ᠠᠯᠢ ᠠᠷᠠᠳ᠎ᠤᠨ ᠣᠷᠣᠯᠭ᠎ᠠ ᠲᠣᠭᠲᠠᠭᠤᠨ ᠵᠶ᠋ᠠᠷ ᠨᠡᠮᠡᠭᠳᠡᠪᠡ ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 29724 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.0% ᠵᠶ᠋ᠠᠷ ᠬᠠᠷᠢᠴᠠᠩᠭᠤᠢ  ᠨᠡᠮᠡᠭᠳᠡᠵᠡᠢ᠃ ᠪᠠᠢ᠌ᠩᠭᠤ ᠰᠠᠭᠤᠭ᠎ᠠ ᠭᠠᠵᠠᠷ ᠵᠶ᠋ᠠᠷ ᠢᠯᠭ᠋ᠠᠨ ᠬᠤᠪᠢᠶᠠᠵᠤ ᠦᠵᠡᠪᠡᠯ ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 39070 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4.3%᠎ᠪᠠᠷ ᠬᠠᠷᠢᠴᠠᠩᠭᠤᠢ  ᠨᠡᠮᠡᠭᠳᠡᠵᠡᠢ; ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 14753 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 6.4%᠎ᠪᠠᠷ ᠬᠠᠷᠢᠴᠠᠩᠭᠤᠢ  ᠨᠡᠮᠡᠭᠳᠡᠪᠡ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ