ᠬᠥᠬᠡᠬᠣᠲᠠ ᠪᠣᠭᠣᠮᠲᠠ ᠵᠢᠨ ᠪᠦᠷᠢᠳᠬᠡᠯ᠎ᠢ ᠦᠨᠳᠦᠰᠦᠯᠡᠪᠡᠯ᠂ ᠳᠡᠭᠡᠳᠦ ᠬᠠᠭ᠋ᠠᠰ ᠵᠢᠯ᠎ᠳᠤ᠂ ᠥᠪᠥᠷ ᠮᠣᠩᠭᠣᠯ᠎ᠤᠨ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠦᠷᠳᠡᠭ ᠠᠷᠠᠳ᠎ᠤᠨ ᠵᠣᠭᠣᠰ ᠵᠶ᠋ᠠᠷ 997.8 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 10.8%᠎ᠪᠠᠷ ᠨᠡᠮᠡᠭᠳᠡᠵᠦ᠂ ᠪᠦᠬᠦ ᠤᠯᠤᠰ᠎ᠤᠨ ᠨᠡᠮᠡᠭᠳᠡᠯ᠎ᠤᠨ ᠬᠤᠷᠳᠤᠴᠠ᠎ᠠᠴᠠ 4.7 ᠵᠠᠭᠤᠨ᠎ᠤ ᠴᠡᠭ ᠵᠶ᠋ᠠᠷ ᠥᠨᠳᠥᠷ ᠪᠣᠯᠵᠠᠢ᠃ ᠡᠭᠦᠨ᠎ᠳᠤ᠂ ᠭᠠᠳᠠᠭ᠋ᠠᠳᠤ᠎ᠳᠤ ᠭᠠᠷᠭ᠋ᠠᠭᠰᠠᠨ ᠦᠷᠲᠡᠭ᠎ᠨᠢ 381.1 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 10.3%᠎ᠪᠠᠷ ᠨᠡᠮᠡᠭᠳᠡᠪᠡ; ᠭᠠᠳᠠᠭ᠋ᠠᠳᠤ᠎ᠠᠴᠠ ᠣᠷᠣᠭᠤᠯᠤᠭᠰᠠᠨ᠎ᠨᠢ 616.7 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 11.1%᠎ᠪᠠᠷ ᠨᠡᠮᠡᠭᠳᠡᠪᠡ᠃
ᠣᠢ᠌ᠯᠠᠭ᠋ᠠᠭᠰᠠᠨ ᠵᠶ᠋ᠠᠷ᠂ ᠭᠠᠳᠠᠭ᠋ᠠᠳᠤ᠎ᠳᠤ ᠭᠠᠷᠭ᠋ᠠᠬᠤ ᠲᠠᠯ᠎ᠠ᠎ᠪᠠᠷ᠂ ᠮᠠᠰᠢᠨ ᠴᠠᠬᠢᠯᠭ᠋ᠠᠨ᠎ᠤ ᠦᠢ᠍ᠯᠡᠳᠬᠦᠨ᠎ᠨᠢ ᠥᠪᠥᠷ ᠮᠣᠩᠭᠣᠯ᠎ᠤᠨ ᠭᠠᠳᠠᠭ᠋ᠠᠳᠤ᠎ᠳᠤ ᠭᠠᠷᠭ᠋ᠠᠭᠰᠠᠨ ᠨᠢᠭᠡᠳᠦᠭᠡᠷ ᠲᠣᠮᠣ ᠲᠠᠸᠠᠷ ᠪᠣᠯᠣᠨ᠎ᠠ᠃ ᠳᠡᠭᠡᠳᠦ ᠬᠠᠭ᠋ᠠᠰ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠮᠠᠰᠢᠨ ᠴᠠᠬᠢᠯᠭ᠋ᠠᠨ᠎ᠤ ᠦᠢ᠍ᠯᠡᠳᠬᠦᠨ᠎ᠤ ᠭᠠᠳᠠᠭ᠋ᠠᠳᠤ᠎ᠳᠤ ᠭᠠᠷᠭ᠋ᠠᠭᠰᠠᠨ ᠦᠷᠲᠡᠭ᠎ᠨᠢ 128 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.6%᠎ᠪᠠᠷ ᠨᠡᠮᠡᠭᠳᠡᠵᠦ᠂ ᠪᠥᠬᠥ ᠣᠷᠣᠨ᠎ᠤ ᠭᠠᠳᠠᠭ᠋ᠠᠳᠤ᠎ᠳᠤ ᠭᠠᠷᠭ᠋ᠠᠭᠰᠠᠨ ᠥᠷᠲᠡᠭ᠎ᠤᠨ 33.6% ᠵᠢ ᠡᠵᠡᠯᠡᠪᠡ᠃ 《ᠭᠤᠷᠪᠠᠨ ᠰᠢᠨ᠎ᠡ ᠲᠦᠷᠦᠯ》 (ᠴᠠᠬᠢᠯᠭ᠋ᠠᠨ ᠬᠥᠳᠡᠯᠭᠡᠭᠦᠷᠲᠦ ᠬᠥᠮᠥᠨ ᠠᠴᠢᠶᠠᠯᠠᠭᠰᠠᠨ ᠮᠠᠰᠢᠨ ᠲᠡᠷᠭᠡ᠂ ᠯᠢᠲ᠋ᠢ ᠢᠶᠤᠨ᠎ᠤ ᠴᠠᠬᠢᠯᠭ᠋ᠠᠨ ᠬᠣᠷᠢᠶᠠᠭᠤᠷ᠂ ᠨᠡᠷᠡᠨ ᠡᠨᠧᠷᠭᠢ ᠵᠢᠨ ᠴᠡᠨᠡᠭ)᠎ᠤᠨ ᠦᠢ᠍ᠯᠡᠳᠬᠦᠨ᠎ᠤ ᠭᠠᠳᠠᠭ᠋ᠠᠳᠤ᠎ᠳᠤ ᠭᠠᠷᠭ᠋ᠠᠬᠤ ᠵᠢ ᠲᠦᠷᠦᠭᠦᠯᠡᠨ ᠪᠡᠶᠡᠯᠡᠭᠦᠯᠵᠦ᠂ ᠭᠠᠳᠠᠭ᠋ᠠᠳᠤ ᠠᠷᠠᠯᠵᠢᠶᠠᠨ᠎ᠤ ᠰᠢᠨ᠎ᠡ ᠬᠥᠳᠡᠯᠭᠡᠬᠦ ᠡᠨᠧᠷᠭᠢ ᠵᠢ ᠦᠷᠭᠦᠯᠵᠢᠯᠡᠨ ᠬᠥᠭᠵᠢᠭᠡᠪᠡ᠃ ᠳᠡᠭᠡᠳᠦ ᠬᠠᠭ᠋ᠠᠰ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠤ 《ᠭᠤᠷᠪᠠᠨ ᠰᠢᠨ᠎ᠡ ᠲᠦᠷᠦᠯ》᠎ᠤᠨ ᠦᠢ᠍ᠯᠡᠳᠬᠦᠨ᠎ᠤ ᠭᠠᠳᠠᠭ᠋ᠠᠳᠤ᠎ᠳᠤ ᠭᠠᠷᠭ᠋ᠠᠭᠰᠠᠨ ᠦᠷᠲᠡᠭ᠎ᠨᠢ 18.9 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 75.7%᠎ᠪᠠᠷ ᠨᠡᠮᠡᠭᠳᠡᠨ᠂ ᠪᠥᠬᠥ ᠣᠷᠣᠨ᠎ᠤ ᠭᠠᠳᠠᠭ᠋ᠠᠳᠤ᠎ᠳᠤ ᠭᠠᠷᠭ᠋ᠠᠭᠰᠠᠨ ᠥᠷᠲᠡᠭ᠎ᠤᠨ 5% ᠵᠢ ᠡᠵᠡᠯᠡᠪᠡ᠃ ᠭᠠᠳᠠᠭ᠋ᠠᠳᠤ᠎ᠠᠴᠠ ᠣᠷᠣᠭᠤᠯᠬᠤ ᠲᠠᠯ᠎ᠠ᠎ᠪᠠᠷ᠂ ᠳᠡᠭᠡᠳᠦ ᠬᠠᠭ᠋ᠠᠰ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠥᠷᠭᠡᠨ ᠬᠡᠷᠡᠭᠴᠡᠭᠡᠨ᠎ᠤ ᠲᠠᠸᠠᠷ᠎ᠤᠨ ᠭᠠᠳᠠᠭ᠋ᠠᠳᠤ᠎ᠠᠴᠠ ᠣᠷᠣᠭᠤᠯᠤᠭᠰᠠᠨ ᠥᠷᠲᠡᠭ᠎ᠤᠨ 487.6 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 13.9%᠎ᠪᠠᠷ ᠨᠡᠮᠡᠭᠳᠡᠨ᠂ ᠪᠥᠬᠥ ᠣᠷᠣᠨ᠎ᠤ ᠭᠠᠳᠠᠭ᠋ᠠᠳᠤ᠎ᠠᠴᠠ ᠣᠷᠣᠭᠤᠯᠤᠭᠰᠠᠨ ᠥᠷᠲᠡᠭ᠎ᠤᠨ 79.1% ᠵᠢ ᠡᠵᠡᠯᠡᠪᠡ᠃
ᠡᠵᠡᠩᠨᠡᠯᠲᠡ ᠵᠢᠨ ᠭᠣᠣᠯ ᠴᠣᠭᠴᠠ ᠵᠢᠨ ᠲᠠᠯ᠎ᠠ᠎ᠪᠠᠷ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠦ᠎ᠳᠤ ᠭᠠᠷᠭ᠋ᠠᠭᠰᠠᠨ ᠬᠡᠪᠴᠢᠶ᠎ᠡ ᠲᠠᠰᠤᠷᠠᠯᠲᠠ ᠦᠭᠡᠢ ᠪᠤᠵᠠᠭ᠋ᠠᠢ᠌ᠷᠠᠪᠠ᠃ ᠳᠡᠭᠡᠳᠦ ᠬᠠᠭ᠋ᠠᠰ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠦ᠎ᠳᠤ ᠭᠠᠷᠭ᠋ᠠᠭᠰᠠᠨ ᠥᠷᠲᠡᠭ᠎ᠨᠢ 773.7 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 13.4%᠎ᠪᠠᠷ ᠨᠡᠮᠡᠭᠳᠡᠨ᠂ ᠪᠥᠬᠥ ᠣᠷᠣᠨ᠎ᠤ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠥᠷᠲᠡᠭ᠎ᠤᠨ 77.5% ᠵᠢ ᠡᠵᠡᠯᠡᠵᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 1.8 ᠵᠠᠭᠤᠨ᠎ᠤ ᠴᠡᠭ ᠵᠶ᠋ᠠᠷ ᠳᠡᠭᠡᠭᠰᠢᠯᠡᠵᠡᠢ᠃
ᠣᠢ᠌ᠷ᠎ᠠ ᠵᠢᠨ ᠵᠢᠯ᠎ᠤᠳ᠎ᠠᠴᠠ ᠨᠠᠭ᠋ᠠᠰᠢ᠂ ᠥᠪᠥᠷ ᠮᠣᠩᠭᠣᠯ ᠪᠠ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠤᠯᠤᠰ᠎ᠤᠳ᠎ᠤᠨ ᠬᠣᠭᠣᠷᠣᠨᠳᠣᠬᠢ ᠠᠷᠠᠯᠵᠢᠶᠠᠨ᠎ᠤ ᠶᠠᠪᠤᠯᠴᠠᠭ᠎ᠠ ᠤᠯᠠᠮ᠎ᠠᠴᠠ ᠤᠯᠠᠮ ᠨᠢᠭᠲᠠ ᠪᠣᠯᠵᠤ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ ᠱᠤᠭᠤᠮ ᠤᠯᠠᠮ᠎ᠠᠴᠠ ᠤᠯᠠᠮ ᠨᠢᠭᠲᠠᠷᠠᠵᠤ᠂ 《ᠨᠠᠢ᠌ᠵᠠ ᠵᠢᠨ ᠲᠣᠭᠤᠷᠢᠭ》 ᠲᠠᠰᠤᠷᠠᠯᠳᠡ ᠦᠭᠡᠢ ᠥᠷᠭᠡᠵᠢᠪᠡ᠃ ᠳᠡᠭᠡᠳᠦ ᠬᠠᠭ᠋ᠠᠰ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠤ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠢ᠌ᠭᠤᠯᠬᠤ ᠤᠯᠤᠰ᠎ᠲᠠᠬᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠥᠷᠲᠡᠭ᠎ᠨᠢ 803.5 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 15.1%᠎ᠪᠠᠷ ᠨᠡᠮᠡᠭᠳᠡᠨ᠂ ᠪᠥᠬᠥ ᠣᠷᠣᠨ᠎ᠤ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠥᠷᠲᠡᠭ᠎ᠤᠨ 80.5% ᠵᠢ ᠡᠵᠡᠯᠡᠪᠡ᠃
ᠬᠥᠬᠡᠬᠣᠲᠠ ᠪᠣᠭᠣᠮᠲᠠ ᠵᠢᠨ ᠵᠠᠳᠠᠯᠤᠭᠰᠠᠨ ᠵᠶ᠋ᠠᠷ᠂ ᠡᠨᠡ ᠵᠢᠯ᠎ᠠᠴᠠ ᠨᠠᠭ᠋ᠠᠰᠢ᠂ ᠥᠪᠥᠷ ᠮᠣᠩᠭᠣᠯ ᠰᠢᠨ᠎ᠡ᠎ᠪᠠᠷ ᠪᠤᠢ ᠪᠣᠯᠤᠭᠰᠠᠨ ᠵᠠᠬ᠎ᠠ ᠳᠡᠯᠭᠡᠭᠦᠷ᠎ᠢ ᠶᠡᠬᠡ᠎ᠪᠠᠷ ᠨᠡᠭᠡᠭᠡᠨ ᠥᠷᠭᠡᠳᠬᠡᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠵᠢᠨ ᠲᠠᠪᠴᠠᠩ᠎ᠢ ᠪᠠᠢ᠌ᠭᠤᠯᠤᠨ᠂ ᠳᠠᠪᠠᠭᠤᠯᠢᠭ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠭᠠᠳᠠᠭ᠋ᠠᠳᠤ ᠠᠷᠠᠯᠵᠢᠶᠠᠨ᠎ᠤ ᠰᠢᠨ᠎ᠡ ᠬᠥᠳᠡᠯᠭᠡᠬᠦ ᠡᠨᠧᠷᠭᠢ ᠵᠢ ᠲᠠᠰᠤᠷᠠᠯᠲᠠ ᠦᠭᠡᠢ ᠬᠤᠷᠠᠮᠳᠤᠭᠤᠯᠤᠨ᠂ ᠳᠡᠭᠡᠳᠦ ᠬᠠᠭ᠋ᠠᠰ ᠵᠢᠯ᠎ᠳᠤ ᠪᠥᠬᠥ ᠣᠷᠣᠨ᠎ᠤ ᠭᠠᠳᠠᠭ᠋ᠠᠳᠤ ᠠᠷᠠᠯᠵᠢᠶ᠎ᠠ ᠨᠡᠯᠢᠶᠡᠳ ᠴᠢᠩᠭ᠎ᠠ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠲᠠᠢ ᠪᠣᠯᠵᠤ᠂ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠬᠦᠷᠢᠶ᠎ᠡ ᠴᠠᠷᠠᠭ᠎ᠠ᠎ᠳᠤ ᠴᠥᠮ ᠲᠣᠭᠲᠠᠭᠤᠨ᠎ᠤ ᠳᠤᠮᠳᠠ ᠠᠬᠢᠯᠲᠠ᠎ᠲᠠᠢ ᠪᠣᠯᠤᠭᠰᠠᠨ ᠪᠠᠢ᠌ᠨ᠎ᠠ᠃ ᠮᠠᠨ᠎ᠤ ᠤᠯᠤᠰ᠎ᠤᠨ ᠠᠵᠤ ᠠᠬᠤᠢ ᠵᠢᠨ ᠦᠨᠳᠦᠰᠦᠨ ᠪᠠᠢ᠌ᠳᠠᠯ ᠦᠷᠭᠦᠯᠵᠢᠯᠡᠨ ᠲᠣᠭᠲᠠᠭᠤᠨ ᠵᠶ᠋ᠠᠷ ᠰᠠᠢ᠌ᠵᠢᠷᠠᠬᠤ ᠵᠢ ᠳᠠᠭ᠋ᠠᠯᠳᠤᠨ᠂ ᠭᠠᠳᠠᠭ᠋ᠠᠳᠤ ᠠᠷᠠᠯᠵᠢᠶᠠᠨ᠎ᠤ ᠶᠡᠷᠦᠩᠬᠡᠢ᠌ᠯᠡᠭᠰᠡᠨ ᠥᠷᠢᠰᠦᠯᠳᠦᠭᠡᠨ᠎ᠤ ᠳᠠᠪᠠᠭᠤᠯᠢᠭ ᠤᠯᠠᠮ ᠪᠡᠬᠢᠵᠢᠵᠦ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠪᠠ ᠰᠢᠨ᠎ᠡ᠎ᠪᠠᠷ ᠪᠤᠢ ᠪᠣᠯᠤᠭᠰᠠᠨ ᠡᠵᠡᠩᠨᠡᠯᠲᠡ ᠵᠢᠨ ᠠᠵᠤ ᠪᠠᠢ᠌ᠳᠠᠯ᠎ᠤᠨ ᠬᠥᠭᠵᠢᠯᠲᠡ᠎ᠪᠠᠷ ᠳᠡᠮᠵᠢᠨ᠂ ᠥᠪᠥᠷ ᠮᠣᠩᠭᠣᠯ᠎ᠤᠨ ᠪᠥᠬᠥ ᠵᠢᠯ᠎ᠤᠨ ᠭᠠᠳᠠᠭ᠋ᠠᠳᠤ ᠠᠷᠠᠯᠵᠢᠶᠠᠨ᠎ᠤ 《ᠶᠠᠰᠤ ᠴᠢᠨᠠᠷ᠎ᠢ ᠳᠡᠭᠡᠭᠰᠢᠯᠡᠭᠦᠯᠦᠨ ᠲᠣᠭ᠎ᠠ ᠬᠡᠮᠵᠢᠶ᠎ᠡ ᠵᠢ ᠲᠣᠭᠲᠠᠪᠤᠷᠢᠵᠢᠭᠤᠯᠬᠤ》 ᠪᠠᠢ᠌ᠳᠠᠯ᠎ᠢ ᠪᠠᠲᠤᠯᠠᠬᠤ ᠪᠣᠯᠣᠮᠵᠢ᠎ᠲᠠᠢ ᠪᠠᠢ᠌ᠨ᠎ᠠ᠃