ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶᠠᠨ᠎ᠤ ᠬᠠᠮᠤᠭ᠎ᠤᠨ ᠰᠢᠨ᠎ᠡ ᠮᠡᠳᠡᠭᠡ᠄ ᠡᠨᠡ ᠵᠢᠯ᠎ᠤᠨ 1 — 5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 7.2% ᠵᠶ᠋ᠡᠷ ᠨᠡᠮᠡᠭᠳᠡᠵᠦ᠂ ᠪᠥᠬᠥ ᠤᠯᠤᠰ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ ᠵᠢᠨ ᠳᠤᠮᠳᠠᠴᠢ ᠲᠦᠪᠰᠢᠨ᠎ᠠᠴᠠ 1.0 ᠵᠠᠭᠤᠨ᠎ᠤ ᠴᠡᠭ ᠥᠨᠳᠥᠷ ᠪᠣᠯᠪᠠ᠃
ᠡᠨᠡ ᠵᠢᠯ᠎ᠠᠴᠠ ᠨᠠᠭ᠋ᠠᠰᠢ᠂ ᠪᠥᠬᠥ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠦᠴᠢᠷ᠎ᠤᠳ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠤᠲᠠᠲᠠᠢ᠌ᠵᠢᠭᠤᠯᠤᠨ ᠦᠷ᠎ᠡ ᠪᠦᠲᠦᠮᠵᠢ ᠣᠯᠬᠤ ᠵᠢ ᠲᠦᠷᠭᠡᠳᠬᠡᠨ ᠠᠬᠢᠭᠤᠯᠵᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠲᠣᠭᠲᠠᠭᠤᠨ ᠨᠡᠮᠡᠭᠳᠡᠯ᠎ᠢ ᠪᠠᠲᠤᠯᠠᠵᠤ᠂ ᠠᠵᠤ ᠦᠢ᠍ᠯᠡᠳᠪᠦᠷᠢ ᠵᠢᠨ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠵᠶ᠋ᠠᠷ ᠠᠬᠢᠭᠤᠯᠪᠠ᠃
ᠭᠤᠷᠪᠠᠨ ᠶᠡᠬᠡ ᠲᠦᠷᠦᠯ᠎ᠤᠨ ᠠᠵᠤ ᠦᠢ᠍ᠯᠡᠳᠪᠦᠷᠢ ᠵᠢᠨ ᠬᠠᠮᠵᠢᠯᠴᠠᠭᠰᠠᠨ ᠬᠥᠭᠵᠢᠯᠲᠡ᠎ᠠᠴᠠ ᠦᠵᠡᠪᠡᠯ ᠂ 1 — 5 ᠳ᠋ᠤᠭ᠋ᠠᠷ ᠰᠠᠷ᠎ᠠ᠎ᠳᠤ ᠪᠦᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 11.4%᠎ᠪᠠᠷ ᠨᠡᠮᠡᠭᠳᠡᠵᠦ ᠂ ᠪᠦᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ᠎ᠤᠨ ᠨᠡᠮᠡᠭᠳᠡᠯ᠎ᠤᠨ ᠬᠤᠷᠳᠤᠴᠠ᠎ᠠᠴᠠ 4.2 ᠵᠠᠭᠤᠨ᠎ᠤ ᠴᠡᠭ ᠥᠨᠳᠥᠷ ᠪᠣᠯᠪᠠ; ᠪᠥᠬᠥ ᠣᠷᠣᠨ᠎ᠤ ᠴᠠᠬᠢᠯᠭ᠋ᠠᠨ ᠬᠦᠴᠦᠨ ᠢᠯᠴᠢ ᠵᠢᠨ ᠬᠦᠴᠦᠨ ᠰᠢᠲᠠᠮᠠᠬᠠᠢ ᠬᠡᠢ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 11.8%᠎ᠪᠠᠷ ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ᠎ᠠᠴᠠ 4.6 ᠵᠠᠭᠤᠨ᠎ᠤ ᠴᠡᠭ ᠥᠨᠳᠥᠷ ᠪᠣᠯᠪᠠ; ᠪᠥᠬᠥ ᠣᠷᠣᠨ᠎ᠤ ᠠᠭᠤᠷᠬᠠᠢ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 3.3%᠎ᠪᠠᠷ ᠨᠡᠮᠡᠭᠳᠡᠪᠡ᠃ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ 37 ᠠᠵᠢᠯ ᠲᠥᠷᠥᠯ᠎ᠤᠨ ᠳᠣᠲᠣᠷ᠎ᠠ᠂ 26 ᠠᠵᠢᠯ ᠲᠥᠷᠥᠯ᠎ᠤᠨ ᠨᠡᠮᠡᠭᠳᠡᠯ ᠥᠷᠲᠡᠭ ᠨᠡᠮᠡᠭᠳᠡᠯ ᠵᠶ᠋ᠡᠨ ᠪᠡᠶᠡᠯᠡᠭᠦᠯᠵᠦ᠂ ᠨᠡᠮᠡᠭᠳᠡᠯ᠎ᠤᠨ ᠬᠡᠪᠴᠢᠶ᠎ᠡ᠎ᠨᠢ 70.3% ᠪᠣᠯᠣᠨ᠎ᠠ᠃
ᠦᠢ᠍ᠯᠡᠳᠬᠦ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠪᠠᠢ᠌ᠳᠠᠯ᠎ᠠᠴᠠ ᠦᠵᠡᠪᠡᠯ᠂ 1 — 5 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠨᠢᠳᠤᠨᠤᠨ᠎ᠤ 4 ᠳ᠋ᠦ᠍ᠭᠡᠷ ᠰᠠᠷ᠎ᠠ᠎ᠠᠴᠠ ᠨᠠᠭ᠋ᠠᠰᠢᠬᠢ ᠬᠣᠶᠠᠷ ᠣᠷᠣᠨᠲᠤ ᠲᠣᠭ᠋ᠠᠨ᠎ᠤ ᠨᠡᠮᠡᠭᠳᠡᠯ᠎ᠤᠨ ᠬᠠᠨᠳᠤᠰᠢ ᠵᠢ ᠦᠷᠭᠦᠯᠵᠢᠯᠡᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠲᠣᠰ ᠲᠣᠰ ᠠᠳᠠᠯᠢ ᠬᠤᠭᠤᠴᠠᠭ᠋ᠠᠨ᠎ᠤ᠎ᠬᠢ᠎ᠠᠴᠠ 51.3% ᠪᠠ 35.0%᠎ᠪᠠᠷ ᠨᠡᠮᠡᠭᠳᠡᠵᠦ᠂ ᠲᠣᠰ ᠲᠣᠰ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ᠎ᠠᠴᠠ 44.1 ᠪᠠ 27.8 ᠵᠠᠭᠤᠨ᠎ᠤ ᠴᠡᠭ ᠥᠨᠳᠥᠷ ᠪᠣᠯᠪᠠ ᠃ ᠰᠢᠨ᠎ᠡ ᠦᠢ᠍ᠯᠡᠳᠬᠦᠨ᠎ᠠᠴᠠ ᠦᠵᠡᠪᠡᠯ᠂ 1 — 5 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠨᠡᠷᠡᠨ ᠡᠨᠧᠷᠭᠢ ᠵᠢᠨ ᠴᠡᠨᠡᠭ ᠦᠢ᠍ᠯᠡᠳᠪᠦᠷᠢᠯᠡᠭᠰᠡᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 16.5 ᠳᠠᠬᠢᠨ ᠨᠡᠮᠡᠭᠳᠡᠵᠦ᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠦᠢ᠍ᠯᠡᠳᠪᠦᠷᠢᠯᠡᠭᠰᠡᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 62.1% ᠪᠠ 97.5%᠎ᠪᠠᠷ ᠨᠡᠮᠡᠭᠳᠡᠵᠡᠢ᠃
ᠡᠨᠧᠷᠭᠢ ᠵᠢᠨ ᠬᠠᠩᠭ᠋ᠠᠯᠭ᠎ᠠ᠎ᠠᠴᠠ ᠦᠵᠡᠪᠡᠯ᠂ 1 — 5 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠨᠡᠭᠦᠷᠡᠰᠦ ᠮᠠᠯᠲᠠᠬᠤ ᠪᠠ ᠤᠭᠢᠶᠠᠵᠤ ᠰᠢᠯᠢᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 3.2% ᠵᠶ᠋ᠠᠷ ᠨᠡᠮᠡᠭᠳᠡᠵᠦ᠂ ᠴᠠᠬᠢᠯᠭ᠋ᠠᠨ ᠬᠦᠴᠦ᠂ ᠢᠯᠴᠢ ᠵᠢᠨ ᠬᠦᠴᠦᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 12.3%᠎ᠪᠠᠷ ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠢ ᠳᠠᠢ᠌ᠴᠢᠯᠠᠨ ᠨᠡᠶ᠋ᠢᠲᠡ 2.8 ᠵᠠᠭᠤᠨ᠎ᠤ ᠴᠡᠭ ᠨᠡᠮᠡᠭᠳᠡᠪᠡ ᠃
ᠠᠵᠢᠯ ᠲᠥᠷᠥᠯ᠎ᠤᠨ ᠬᠥᠮᠥᠰ᠎ᠤᠨ ᠵᠢᠭ᠋ᠠᠵᠤ ᠭᠠᠷᠭ᠋ᠠᠭᠰᠠᠨ ᠵᠶ᠋ᠠᠷ᠂ ᠶᠡᠷᠦᠩᠬᠡᠢ᠎ᠳᠤ ᠨᠢ ᠠᠪᠴᠤ ᠦᠵᠡᠪᠡᠯ᠂ 1 — 5 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠭᠰᠡᠨ ᠪᠣᠯᠪᠠᠴᠤ ᠮᠥᠨ ᠬᠦ᠌ ᠨᠡᠮᠡᠭᠳᠡᠯ᠎ᠤᠨ ᠬᠥᠳᠡᠯᠭᠡᠬᠦ ᠬᠦᠴᠦᠨ ᠴᠢᠩᠭ᠎ᠠ ᠪᠤᠰᠤ ᠂ ᠪᠦᠲᠦᠮᠵᠢᠲᠦ ᠬᠡᠷᠡᠭᠴᠡᠭᠡ ᠬᠦᠷᠦᠯᠴᠡᠬᠦ ᠦᠭᠡᠢ᠂ ᠠᠵᠤ ᠠᠬᠤᠢ᠌ᠯᠠᠯ᠎ᠤᠨ ᠡᠵᠡᠩᠨᠡᠯᠲᠡ᠎ᠳᠤ ᠵᠣᠬᠢᠬᠤ ᠳᠠᠷᠤᠯᠲᠠ᠎ᠲᠠᠢ ᠪᠠᠢ᠌ᠬᠤ ᠵᠡᠷᠭᠡ ᠠᠰᠠᠭᠤᠳᠠᠯ ᠲᠤᠯᠭ᠋ᠠᠷᠠᠵᠤ ᠪᠠᠢ᠌ᠨ᠎ᠠ᠃ ᠳᠠᠷᠠᠭ᠋ᠠᠴᠢ᠎ᠪᠠᠷ ᠂ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠲᠣᠭᠲᠠᠭᠤᠨ ᠵᠶ᠋ᠠᠷ ᠨᠡᠮᠡᠭᠳᠡᠬᠦ ᠪᠠᠢ᠌ᠳᠠᠯ᠎ᠢ ᠪᠡᠬᠢᠵᠢᠭᠦᠯᠬᠦ ᠬᠡᠷᠡᠭᠲᠡᠢ ᠭᠡᠵᠡᠢ᠃