ᠲᠤᠭ᠎ᠠ ᠪᠦᠷᠢᠳᠬᠡᠯ   -   ᠲᠤᠭ᠎ᠠ ᠪᠦᠷᠢᠳᠬᠡᠯ
7.5% ᠵᠢᠨ ᠬᠦᠨᠳᠦᠴᠡ ᠬᠡᠳᠦᠢ ᠶᠡᠬᠡ ᠪᠤᠢ? — ᠥᠪᠥᠷ ᠮᠣᠩᠭᠣᠯ᠎ᠤᠨ ᠠᠵᠤ ᠠᠬᠤᠢ ᠵᠢᠨ 《ᠬᠠᠭ᠋ᠠᠰ ᠵᠢᠯ᠎ᠤᠨ ᠮᠡᠳᠡᠭᠦᠯᠦᠯᠲᠡ》 ᠵᠢ ᠲᠣᠭ᠎ᠠ᠎ᠪᠠᠷ ᠥᠭᠦᠯᠡᠬᠦᠢ
ᠨᠡᠶ᠋ᠢᠲᠡᠯᠡᠭᠰᠡᠨ ᠴᠠᠭ᠄ 2024-07-31

 

      ᠨᠢᠭᠡ ᠵᠢᠯ᠎ᠤᠨ ᠬᠠᠭ᠋ᠠᠰ᠎ᠨᠢ ᠥᠩᠭᠡᠷᠡᠬᠦ᠎ᠪᠠᠷ 《ᠬᠤᠭᠤᠴᠠᠭ᠋ᠠᠨ ᠳᠤᠮᠳᠠᠬᠢ ᠰᠢᠯᠭ᠋ᠠᠯᠲᠠ》 ᠵᠢᠨ ᠬᠢᠷᠢ ᠪᠦᠲᠦᠮᠵᠢ ᠶᠠᠮᠠᠷ ᠵᠡᠷᠭᠡ ᠪᠠᠢ᠌ᠬᠤ᠎ᠨᠢ ᠤᠯᠠᠨ᠎ᠤ ᠠᠩᠬᠠᠷᠤᠯ᠎ᠢ ᠤᠨᠴᠠᠭ᠋ᠠᠢ ᠲᠠᠲᠠᠨ᠎ᠠ᠃

      ᠳᠡᠭᠡᠷ᠎ᠡ ᠬᠠᠭ᠋ᠠᠰ ᠵᠢᠯ᠎ᠳᠤ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 7.5%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠪᠠᠷ ᠲᠦᠷᠦᠭᠦᠦ ᠤᠯᠠᠷᠢᠯ᠎ᠤᠨ᠎ᠬᠢ᠎ᠠᠴᠠ ᠵᠠᠭᠤᠨ᠎ᠤ ᠬᠠᠷᠢᠴᠠᠯ ᠵᠶ᠋ᠠᠷ 0.4 ᠬᠤᠪᠢ ᠳᠠᠪᠠᠵᠤ᠂ ᠠᠳᠠᠯᠢ ᠬᠤᠭᠤᠴᠠᠭ᠋ᠠᠨ᠎ᠤ ᠪᠦᠭᠦ ᠤᠯᠤᠰ᠎ᠤᠨ ᠳᠤᠮᠳᠠᠴᠢ ᠲᠦᠪᠰᠢᠨ᠎ᠠᠴᠠ ᠵᠠᠭᠤᠨ᠎ᠤ ᠬᠠᠷᠢᠴᠠᠯ ᠵᠶ᠋ᠠᠷ 1.5 ᠬᠤᠪᠢ ᠳᠠᠪᠠᠪᠠ᠃

      7.5% ᠵᠢᠨ ᠨᠡᠮᠡᠭᠳᠡᠯ ᠪᠣᠯ ᠭᠢᠯᠪᠡᠷ ᠪᠤᠰᠤ ᠠᠮᠵᠢᠯᠲᠠ ᠶᠤᠮᠰᠠᠨ᠂ ᠡᠨᠡ ᠪᠣᠯ ᠨᠡᠭᠦᠷᠡᠰᠦ ᠵᠡᠷᠭᠡ ᠭᠣᠣᠯ ᠪᠤᠯᠬᠤ ᠡᠨᠧᠷᠭᠢ ᠵᠢᠨ ᠦᠢ᠍ᠯᠡᠳᠬᠦᠨ᠎ᠤ ᠦᠨ᠎ᠡ ᠬᠠᠩᠰᠢ ᠨᠡᠢ᠌ᠳᠡᠮ ᠳᠣᠣᠷ᠎ᠠ ᠮᠥᠷᠲᠡᠭᠡᠨ ᠬᠡᠷᠡᠭᠴᠡᠭᠡ ᠭᠦᠢ᠍ᠴᠡᠳ ᠪᠤᠰᠤ ᠭᠠᠳᠠᠭ᠋ᠠᠳᠤ ᠣᠷᠴᠢᠨ ᠨᠥᠬᠥᠴᠡᠯ᠎ᠤᠨ ᠳᠣᠣᠷ᠎ᠠ ᠣᠯᠣᠭᠰᠠᠨ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢ ᠬᠠᠷᠠᠭᠤᠯᠤᠭᠰᠠᠨ᠂ ᠨᠡᠩ ᠴᠤ᠌ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠠᠵᠠ ᠳᠤᠭᠢᠶᠠᠯ᠎ᠢ ᠪᠠᠲᠤ ᠡᠵᠡᠮᠳᠡᠵᠦ᠂ ᠢᠲᠡᠭᠡᠯ ᠵᠣᠷᠢᠭ ᠵᠢᠡᠨ ᠪᠠᠲᠤᠳᠬᠠᠨ᠂ ᠪᠠᠢ᠌ᠷᠢ ᠲᠣᠭᠲᠠᠭ᠋ᠠᠯᠲᠠ᠎ᠪᠠᠨ ᠤᠨᠤᠪᠴᠢᠳᠠᠢ ᠣᠯᠵᠤ᠂ ᠢᠯᠠᠯᠲᠠ ᠵᠢᠨ ᠡᠷᠴᠢᠨ ᠳᠡᠭᠡᠷ᠎ᠡ᠎ᠪᠠᠨ ᠦᠷᠭᠦᠯᠵᠢᠯᠡᠨ ᠤᠷᠤᠭᠰᠢᠯᠠᠬᠤ᠎ᠳᠠᠭᠠᠨ ᠬᠤᠷᠠᠮᠳᠤᠭᠤᠯᠤᠭᠰᠠᠨ ᠬᠦᠴᠦᠷᠬᠡᠭ ᠶᠡᠬᠡ ᠬᠥᠭᠵᠢᠯᠲᠡ ᠵᠢᠨ ᠡᠷᠴᠢ ᠬᠦᠴᠦᠨ ᠪᠠ ᠬᠥᠳᠡᠯᠭᠡᠬᠦ ᠡᠨᠧᠷᠭᠢ ᠵᠢ ᠢᠯᠡᠷᠡᠭᠦᠯᠦᠭᠰᠡᠨ ᠠᠮᠵᠢᠯᠲᠠ ᠪᠢᠯᠡ᠃

      7.5% ᠵᠢᠨ ᠬᠦᠨᠳᠦᠴᠡ ᠬᠡᠳᠦᠢ ᠶᠡᠬᠡ ᠪᠤᠢ? ᠡᠭᠦᠨ᠎ᠤ ᠬᠠᠷᠢᠭᠤᠯᠲᠠ᠎ᠨᠢ ᠥᠪᠥᠷ ᠮᠣᠩᠭᠣᠯ᠎ᠤᠨ ᠰᠢᠨ᠎ᠡ ᠡᠨᠧᠷᠭᠢ᠎ᠪᠠᠷ ᠰᠢᠨ᠎ᠡ ᠠᠵᠤ ᠦᠢ᠍ᠯᠡᠳᠪᠦᠷᠢ ᠵᠢ ᠳᠠᠢ᠌ᠴᠢᠯᠡᠵᠤ᠂ ᠰᠢᠨ᠎ᠡ ᠡᠨᠧᠷᠭᠢ ᠵᠢᠨ ᠬᠦᠷᠢᠶᠡᠨ᠎ᠳᠤ ᠲᠠᠭᠢᠨ ᠨᠢᠭᠡ ᠠᠵᠤ ᠦᠢ᠍ᠯᠡᠳᠪᠦᠷᠢ ᠵᠢᠨ ᠥᠪᠥᠷ ᠮᠣᠩᠭᠣᠯ᠎ᠢ ᠴᠣᠭᠴᠠᠯᠠᠬᠤ᠎ᠪᠠᠷ ᠴᠢᠷᠮᠠᠢ᠌ᠬᠤ ᠲᠡᠮᠡᠴᠡᠯ᠎ᠤᠨ ᠦᠢ᠍ᠯᠡᠳᠦᠯᠭᠡ᠎ᠳᠤ ᠪᠤᠢ᠃

      ᠡᠨᠡ ᠵᠢᠯ᠎ᠠᠴᠠ ᠨᠠᠭ᠋ᠠᠰᠢ᠂ ᠮᠠᠨ᠎ᠤ ᠣᠷᠣᠨ ᠪᠦᠭᠦ ᠠᠵᠤ ᠦᠢ᠍ᠯᠡᠰ᠎ᠤᠨ ᠬᠡᠯᠬᠢᠶ᠎ᠡ ᠵᠢᠨ ᠰᠡᠳᠬᠢᠬᠦᠢ ᠵᠢ ᠪᠠᠷᠢᠮᠲᠠᠯᠠᠨ᠂ ᠰᠢᠨ᠎ᠡ ᠡᠨᠧᠷᠭᠢ ᠵᠢᠨ ᠬᠥᠲᠥᠯᠥᠨ ᠳᠠᠭ᠋ᠠᠭᠤᠯᠵᠤ ᠳᠠᠢ᠌ᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠢᠭᠡ ᠲᠠᠯ᠎ᠠ᠎ᠪᠠᠷ ᠰᠢᠨ᠎ᠡ ᠡᠨᠧᠷᠭᠢ ᠵᠢ ᠨᠡᠭᠡᠭᠡᠵᠦ ᠬᠥᠭᠵᠢᠭᠦᠯᠬᠦ ᠵᠢ ᠠᠳᠬᠤᠨ᠂ ᠨᠦᠭᠦᠭᠡ ᠲᠠᠯ᠎ᠠ᠎ᠪᠠᠷ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ᠂ ᠡᠵᠡᠩᠨᠡᠨ ᠬᠠᠮᠢᠶᠠᠷᠬᠤ ᠦᠢ᠍ᠯᠡᠴᠢᠯᠡᠭᠡ ᠵᠡᠷᠭᠡ ᠬᠣᠯᠪᠣᠭᠳᠠᠯ ᠪᠦᠬᠦᠢ ᠢᠵᠢ ᠪᠦᠷᠢᠳᠦᠭᠦᠯᠬᠦ ᠠᠵᠤ ᠦᠢ᠍ᠯᠡᠰ᠎ᠤᠨ ᠬᠥᠭᠵᠢᠯᠲᠡ ᠵᠢ ᠠᠳᠬᠤᠵᠤ᠂ ᠰᠢᠨ᠎ᠡ ᠡᠨᠧᠷᠭᠢ ᠵᠢᠨ ᠠᠵᠤ ᠦᠢ᠍ᠯᠡᠰ ᠨᠢᠰᠬᠦ ᠮᠡᠲᠦ ᠲᠦᠷᠭᠡᠨ ᠬᠥᠭᠵᠢᠯᠲᠡ᠎ᠲᠠᠢ ᠪᠣᠯᠵᠠᠢ᠃

      ᠡᠨᠡ ᠵᠢᠯ᠎ᠤᠨ 5 ᠰᠠᠷ᠎ᠠ ᠵᠢᠨ ᠰᠡᠭᠦᠯᠴᠢ ᠪᠤᠯᠳᠠᠯ᠎ᠠ᠂ ᠪᠦᠭᠦ ᠣᠷᠣᠨ᠎ᠤ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠶᠡᠷᠦᠩᠬᠡᠢ ᠪᠠᠭᠲᠠᠭ᠋ᠠᠮᠵᠢ 10158 ᠲᠦᠮᠡᠨ ᠺᠢᠯᠣᠸᠠᠲ᠎ᠲᠤ ᠬᠦᠷᠴᠦ᠂ ᠴᠠᠭᠢᠯᠭ᠋ᠠᠨ ᠬᠦᠴᠦᠨ᠎ᠤ ᠮᠠᠰᠢᠨ ᠴᠣᠭᠴᠠᠯᠠᠪᠤᠷᠢ ᠵᠢᠨ ᠶᠡᠷᠦᠩᠬᠡᠢ ᠪᠠᠭᠲᠠᠭ᠋ᠠᠮᠵᠢ ᠵᠢᠨ 45% ᠵᠢ ᠡᠵᠡᠯᠡᠬᠦ ᠪᠣᠯᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠵᠠᠭᠤᠨ᠎ᠤ ᠬᠠᠷᠢᠴᠠᠯ ᠵᠶ᠋ᠠᠷ 7.3 ᠬᠤᠪᠢ ᠳᠠᠪᠠᠵᠤ᠂ ᠪᠦᠭᠦ ᠤᠯᠤᠰ᠎ᠤᠨ ᠠᠩᠬᠠᠳᠠᠭᠴᠢ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠶᠡᠷᠦᠩᠬᠡᠢ ᠪᠠᠭᠲᠠᠭ᠋ᠠᠮᠵᠢ ᠳ᠋ᠦᠩᠰᠢᠭᠤᠷ ᠺᠢᠯᠣᠸᠠᠲ᠎ᠢ ᠳᠠᠪᠠᠭᠰᠠᠨ ᠮᠤᠵᠢ ᠣᠷᠣᠨ ᠪᠣᠯᠪᠠ᠃

      ᠡᠨᠡ᠎ᠨᠢ ᠬᠡᠪᠴᠢᠶ᠎ᠡ ᠵᠢᠨ ᠰᠢᠪᠲᠤᠯᠤᠯᠲᠠ ᠲᠡᠳᠦᠢ ᠪᠢᠰᠢ᠂ ᠨᠡᠩ ᠴᠤ᠌ ᠶᠠᠰᠤ ᠴᠢᠨᠠᠷ᠎ᠤᠨ ᠰᠢᠪᠲᠤᠯᠤᠯᠲᠠ ᠪᠠᠢ᠌ᠵᠤ᠂ ᠪᠦᠭᠦ ᠣᠷᠣᠨ᠎ᠤ ᠴᠠᠭᠢᠯᠭ᠋ᠠᠨ ᠬᠦᠴᠦᠨ᠎ᠤ 《ᠪᠣᠬᠢᠷᠳᠤᠯ ᠦᠭᠡᠢ ᠵᠢᠨ ᠬᠡᠮᠵᠢᠶ᠎ᠡ》 ᠠᠯᠬᠤᠮ ᠠᠯᠬᠤᠮ ᠵᠶ᠋ᠠᠷ ᠨᠡᠮᠡᠭᠳᠡᠭᠰᠡᠨ ᠪᠠᠢ᠌ᠨ᠎ᠠ᠃

      ᠳᠡᠭᠡᠷ᠎ᠡ ᠬᠠᠭ᠋ᠠᠰ ᠵᠢᠯ᠎ᠳᠤ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠰᠢᠨ᠎ᠡ ᠡᠨᠧᠷᠭᠢ᠎ᠪᠠᠷ ᠴᠠᠭᠢᠯᠭ᠋ᠠᠨ ᠭᠠᠷᠭ᠋ᠠᠭᠰᠠᠨ ᠬᠡᠮᠵᠢᠶ᠎ᠡ 947.9 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 21.4%᠎ᠪᠠᠷ ᠨᠡᠮᠡᠭᠳᠡᠪᠡ; ᠰᠢᠨ᠎ᠡ ᠡᠨᠧᠷᠭᠢ᠎ᠪᠠᠷ ᠴᠠᠭᠢᠯᠭ᠋ᠠᠨ ᠭᠠᠷᠭ᠋ᠠᠭᠰᠠᠨ ᠬᠡᠮᠵᠢᠶ᠎ᠡ᠎ᠨᠢ ᠪᠦᠭᠦ ᠴᠠᠭᠢᠯᠭ᠋ᠠᠨ ᠭᠠᠷᠭ᠋ᠠᠭᠰᠠᠨ ᠬᠡᠮᠵᠢᠶ᠎ᠡ ᠵᠢᠨ 24.3% ᠵᠢ ᠡᠵᠡᠯᠡᠵᠦ᠂ ᠡᠵᠡᠯᠡᠬᠦ ᠬᠠᠷᠢᠴᠠᠯ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠵᠠᠭᠤᠨ᠎ᠤ ᠬᠠᠷᠢᠴᠠᠯ ᠵᠶ᠋ᠠᠷ 1.9 ᠬᠤᠪᠢ ᠳᠡᠭᠡᠭᠰᠢᠯᠡᠪᠡ᠃ ᠡᠭᠦᠨ᠎ᠳᠤ ᠰᠠᠯᠬᠢᠨ ᠬᠦᠴᠦ᠎ᠪᠠᠷ 792.4 ᠳ᠋ᠦᠩᠰᠢᠭᠤᠷ ᠺᠢᠯᠣᠸᠠᠲ ᠴᠠᠭ ᠴᠠᠭᠢᠯᠭ᠋ᠠᠨ ᠭᠠᠷᠭ᠋ᠠᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 18.6%᠎ᠪᠠᠷ ᠨᠡᠮᠡᠭᠳᠡᠨ᠂ ᠭᠡᠷᠡᠯᠴᠢ ᠴᠡᠨᠡᠭ ᠵᠢᠡᠷ 147.5 ᠳ᠋ᠦᠩᠰᠢᠭᠤᠷ ᠺᠢᠯᠣᠸᠠᠲ ᠴᠠᠭ ᠴᠠᠭᠢᠯᠭ᠋ᠠᠨ ᠭᠠᠷᠭ᠋ᠠᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 43.1%᠎ᠪᠠᠷ ᠨᠡᠮᠡᠭᠳᠡᠪᠡ᠃

      ᠡᠳᠦᠭᠡ ᠥᠪᠥᠷ ᠮᠣᠩᠭᠣᠯ ᠶᠠᠭ ᠪᠦᠭᠦ ᠤᠯᠤᠰ᠎ᠲᠤ ᠡᠩ ᠲᠡᠷᠢᠭᠦᠨ᠎ᠳᠤ ᠰᠢᠨ᠎ᠡ ᠡᠨᠧᠷᠭᠢ᠎ᠪᠠᠷ ᠭᠣᠣᠯ ᠴᠣᠭᠴᠠ ᠪᠤᠯᠭ᠋ᠠᠬᠰᠠᠨ ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠎ᠢ ᠴᠣᠭᠴᠠᠯᠠᠬᠤ ᠬᠠᠷᠠᠯᠲᠠ ᠵᠢ ᠪᠠᠲᠤ ᠡᠵᠡᠮᠳᠡᠨ᠂ ᠰᠢᠨ᠎ᠡ ᠡᠨᠧᠷᠭᠢ ᠵᠢ ᠨᠡᠭᠡᠭᠡᠵᠦ ᠬᠥᠭᠵᠢᠭᠦᠯᠬᠦ ᠪᠠ ᠲᠣᠨᠣᠭᠯᠠᠯ ᠦᠢ᠍ᠯᠡᠳᠬᠦ ᠦᠢ᠍ᠯᠡᠰ᠎ᠢ ᠱᠠᠯᠠᠪᠳᠠᠭᠤᠯᠤᠨ ᠬᠥᠭᠵᠢᠭᠦᠯᠵᠦ ᠪᠠᠢ᠌ᠨ᠎ᠠ᠃ ᠵᠢᠱ᠌ᠢᠯᠲᠡ᠎ᠪᠠᠷ ᠵᠢᠯ᠎ᠤᠨ ᠡᠴᠦᠰ ᠪᠤᠯᠬᠤ᠎ᠳᠤ ᠪᠦᠭᠦ ᠣᠷᠣᠨ᠎ᠤ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠶᠡᠷᠦᠩᠬᠡᠢ ᠪᠠᠭᠲᠠᠭ᠋ᠠᠮᠵᠢ 1.3 ᠳ᠋ᠦᠩᠰᠢᠭᠤᠷ ᠺᠢᠯᠣᠸᠠᠲ᠎ᠢ ᠳᠠᠪᠠᠬᠤ ᠪᠣᠯᠣᠨ᠎ᠠ᠃

      7.5% ᠵᠢᠨ ᠬᠦᠨᠳᠦᠴᠡ ᠬᠡᠳᠦᠢ ᠶᠡᠬᠡ ᠪᠤᠢ? ᠡᠭᠦᠨ᠎ᠤ ᠬᠠᠷᠢᠭᠤᠯᠲᠠ᠎ᠨᠢ ᠥᠪᠥᠷ ᠮᠣᠩᠭᠣᠯ᠎ᠤᠨ ᠲᠡᠷᠢᠭᠦᠨ᠎ᠤ ᠦᠢ᠍ᠯᠡᠳᠬᠦ ᠦᠢ᠍ᠯᠡᠰ ᠵᠶ᠋ᠠᠷ ᠰᠢᠨ᠎ᠡ ᠭᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠳᠠᠢ᠌ᠴᠢᠯᠠᠵᠤ᠂ ᠦᠢ᠍ᠯᠡᠳᠬᠦ ᠦᠢ᠍ᠯᠡᠰ᠎ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠬᠤ ᠲᠡᠮᠡᠴᠡᠯ᠎ᠤᠨ ᠦᠢ᠍ᠯᠡᠳᠦᠯᠭᠡ᠎ᠳᠤ ᠪᠤᠢ᠃

      ᠦᠢ᠍ᠯᠡᠳᠬᠦ ᠦᠢ᠍ᠯᠡᠰ ᠪᠣᠯ ᠠᠵᠤ ᠦᠢ᠍ᠯᠡᠳᠪᠦᠷᠢ ᠵᠢᠨ ᠭᠣᠣᠯ ᠲᠤᠯᠭ᠋ᠠᠭᠤᠷᠢ᠂ ᠠᠵᠤ ᠦᠢ᠍ᠯᠡᠳᠪᠦᠷᠢ ᠵᠢᠨ ᠪᠦᠲᠦᠴᠡ᠎ᠳᠤ ᠲᠣᠬᠢᠷᠠᠭᠤᠯᠤᠯᠲᠠ ᠬᠢᠵᠦ᠂ ᠭᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ 《ᠭᠣᠣᠯ ᠳᠠᠢ᠌ᠯᠠᠯᠳᠤᠭ᠋ᠠᠨ᠎ᠤ ᠲᠠᠯᠠᠪᠤᠷ》 ᠮᠥᠨ᠃ ᠡᠨᠡ ᠵᠢᠯ᠎ᠠᠴᠠ ᠨᠠᠭ᠋ᠠᠰᠢ᠂ ᠣᠷᠣᠨ ᠳᠠᠶᠠᠭ᠋ᠠᠷ ᠵᠢᠡᠨ ᠦᠢ᠍ᠯᠡᠳᠬᠦ ᠦᠢ᠍ᠯᠡᠰ᠎ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠬᠥᠭᠵᠢᠯᠲᠡ ᠵᠢ ᠠᠬᠢᠭᠤᠯᠬᠤ᠎ᠪᠠᠷ ᠭᠣᠣᠯ ᠰᠢᠪᠲᠤᠯᠤᠯᠲᠠ ᠵᠢᠨ ᠴᠢᠭᠯᠡᠯ ᠪᠣᠯᠭ᠋ᠠᠨ᠂ ᠦᠢ᠍ᠯᠡᠳᠬᠦ ᠦᠢ᠍ᠯᠡᠰ᠎ᠤᠨ ᠶᠡᠬᠡ ᠲᠦᠷᠦᠯ ᠵᠦᠢ᠍ᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ᠎ᠪᠠᠷ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠠᠵᠤ ᠦᠢ᠍ᠯᠡᠰ᠎ᠤᠨ ᠬᠡᠯᠬᠢᠶ᠎ᠡ ᠵᠢ ᠨᠥᠬᠥᠪᠦᠷᠢᠯᠡᠬᠦ ᠠᠵᠤ ᠦᠢ᠍ᠯᠡᠰ᠎ᠤᠨ ᠬᠡᠯᠬᠢᠶ᠎ᠡ ᠵᠢ ᠴᠢᠩᠭ᠋ᠠᠳᠬᠠᠬᠤ ᠵᠢ ᠳᠠᠢ᠌ᠴᠢᠯᠠᠬᠤ᠎ᠪᠠᠷ ᠭᠣᠣᠯ ᠰᠢᠵᠢᠮ ᠪᠤᠯᠭ᠋ᠠᠵᠤ᠂ ᠠᠵᠤ ᠦᠢ᠍ᠯᠡᠰ᠎ᠤᠨ ᠬᠡᠯᠬᠢᠶ᠎ᠡ ᠵᠢ ᠡᠴᠦᠰ᠎ᠤᠨ ᠦᠢ᠍ᠯᠡᠳᠬᠦᠨ ᠲᠡᠢ᠌ᠰᠢ ᠤᠷᠲᠤᠳᠬᠠᠬᠤ᠂ ᠦᠷᠳᠡᠭ᠎ᠤᠨ ᠬᠡᠯᠬᠢᠶ᠎ᠡ ᠵᠢ ᠳᠤᠮᠳᠠ ᠳᠡᠭᠡᠳᠦ ᠳᠡᠰ ᠲᠡᠢ᠌ᠰᠢ ᠳᠡᠰ ᠳᠡᠪᠰᠢᠭᠦᠯᠬᠦ ᠵᠢ ᠪᠡᠶᠡᠯᠡᠭᠦᠯᠵᠦ᠂ ᠠᠵᠤ ᠦᠢ᠍ᠯᠡᠰ᠎ᠤᠨ ᠪᠦᠲᠦᠴᠡ᠎ᠳᠤ ᠲᠣᠬᠢᠷᠠᠭᠤᠯᠤᠯᠲᠠ ᠬᠢᠵᠦ ᠭᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠠᠬᠢᠴᠠ ᠵᠢ ᠲᠦᠷᠭᠡᠳᠬᠡᠵᠡᠢ᠃

      ᠳᠡᠭᠡᠷ᠎ᠡ ᠬᠠᠭ᠋ᠠᠰ ᠵᠢᠯ᠎ᠳᠤ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 11%᠎ᠪᠠᠷ ᠨᠡᠮᠡᠭᠳᠡᠵᠦ᠂ 2023 ᠣᠨ᠎ᠤ 4 ᠰᠠᠷ᠎ᠠ᠎ᠠᠴᠠ ᠨᠠᠭ᠋ᠠᠰᠢᠬᠢ ᠬᠣᠶᠠᠷ ᠣᠷᠣᠨᠲᠤ ᠲᠣᠭ᠎ᠠ᠎ᠪᠠᠷ ᠨᠡᠮᠡᠭᠳᠡᠬᠦ ᠬᠠᠨᠳᠤᠰᠢ ᠵᠢ ᠦᠷᠭᠦᠯᠵᠢᠯᠡᠨ ᠪᠠᠲᠤᠯᠠᠪᠠ᠃ ᠡᠭᠦᠨ᠎ᠳᠤ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ᠎ᠤᠨ ᠡᠷᠴᠢᠮ᠎ᠨᠢ ᠨᠡᠩ ᠴᠢᠩᠭ᠎ᠠ ᠪᠠᠢ᠌ᠵᠤ᠂ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 41.3%᠎ᠪᠠᠷ ᠨᠡᠮᠡᠭᠳᠡᠨ᠂ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠤᠮᠳᠠᠴᠢ ᠲᠦᠪᠰᠢᠨ᠎ᠠᠴᠠ ᠵᠠᠭᠤᠨ᠎ᠤ ᠬᠠᠷᠢᠴᠠᠯ ᠵᠶ᠋ᠠᠷ 33.8 ᠬᠤᠪᠢ ᠳᠠᠪᠠᠵᠠᠢ᠃ ᠳᠡᠭᠡᠳᠦ ᠳᠡᠰ᠎ᠤᠨ ᠲᠣᠨᠣᠭᠯᠠᠯ ᠦᠢ᠍ᠯᠡᠳᠬᠦ ᠦᠢ᠍ᠯᠡᠰ᠎ᠤᠨ ᠬᠥᠭᠵᠢᠯᠲᠡ ᠵᠢᠨ ᠡᠷᠴᠢᠮ ᠴᠤ᠌ ᠴᠢᠩᠭ᠋ᠠᠷᠠᠵᠤ᠂ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 32.4%᠎ᠪᠠᠷ ᠨᠡᠮᠡᠭᠳᠡᠨ᠂ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠤᠮᠳᠠᠴᠢ ᠲᠦᠪᠰᠢᠨ᠎ᠠᠴᠠ ᠵᠠᠭᠤᠨ᠎ᠤ ᠬᠠᠷᠢᠴᠠᠯ ᠵᠶ᠋ᠠᠷ 24.9 ᠬᠤᠪᠢ ᠳᠠᠪᠠᠪᠠ᠃ ᠦᠢ᠍ᠯᠡᠳᠬᠦ ᠦᠢ᠍ᠯᠡᠰ ᠤᠳᠤ ᠶᠠᠭ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠨᠡᠮᠡᠭᠳᠡᠯ᠎ᠢ ᠳᠠᠢ᠌ᠴᠢᠯᠠᠬᠤ ᠴᠢᠬᠤᠯᠠ ᠬᠦᠴᠦᠨ ᠪᠣᠯᠵᠤ ᠪᠠᠢ᠌ᠨ᠎ᠠ᠃

      ᠣᠳᠣᠬᠠᠨ᠎ᠳᠤ ᠥᠪᠥᠷ ᠮᠣᠩᠭᠣᠯ ᠶᠠᠭ ᠳᠡᠭᠡᠳᠦ ᠳᠡᠰ᠎ᠤᠨ ᠲᠣᠨᠣᠭᠯᠠᠯ᠂ ᠰᠢᠨ᠎ᠡ ᠮᠠᠲ᠋ᠧᠷᠢᠶᠠᠯ᠂ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠨᠠᠷᠢᠯᠢᠭ ᠬᠢᠮᠢ ᠵᠢᠨ ᠠᠵᠤ ᠦᠢ᠍ᠯᠡᠳᠪᠦᠷᠢ᠂ ᠨᠣᠣᠰᠣ ᠨᠣᠣᠯᠣᠭᠤᠷ᠎ᠤᠨ ᠨᠡᠬᠡᠮᠡᠯ᠂ ᠢᠳᠡᠭᠡᠨ ᠪᠤᠯᠪᠠᠰᠤᠷᠠᠭᠤᠯᠬᠤ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠥᠪᠡᠷᠮᠢᠴᠡ ᠣᠨᠴᠠᠯᠢᠭ᠎ᠲᠠᠢ ᠳᠠᠪᠠᠭᠤᠯᠢᠭᠲᠤ ᠠᠵᠤ ᠦᠢ᠍ᠯᠡᠰ᠎ᠤᠨ ᠲᠣᠭᠣᠷᠢᠨ᠎ᠳᠤ 《139》 ᠲᠡᠷᠢᠭᠦᠨ᠎ᠤ  ᠦᠢ᠍ᠯᠡᠳᠬᠦ ᠦᠢ᠍ᠯᠡᠰ᠎ᠤᠨ ᠪᠦᠯᠦᠭᠵᠢᠯ᠎ᠤᠨ ᠰᠢᠰᠲ᠋ᠧᠮ᠎ᠢ ᠱᠠᠯᠠᠪᠳᠠᠨ ᠪᠠᠢ᠌ᠭᠤᠯᠵᠤ  ᠪᠤᠢ᠃ ᠡᠨᠡ᠎ᠨᠢ ᠳᠠᠷᠤᠢ 1 ᠳᠡᠯᠡᠬᠡᠢ ᠵᠢᠨ ᠳᠡᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠂ 3 ᠤᠯᠤᠰ᠎ᠤᠨ ᠳᠡᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠂ 9 ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠪᠠᠢ᠌ᠭᠤᠯᠵᠤ᠂ ᠳᠡᠯᠡᠬᠡᠢ ᠵᠢᠨ ᠳᠡᠰ᠎ᠤᠨ ᠪᠦᠯᠦᠭᠵᠢᠯ ᠵᠶ᠋ᠠᠷ ᠤᠳᠤᠷᠢᠳᠤᠮᠵᠢ ᠪᠤᠯᠭ᠋ᠠᠵᠤ᠂ ᠤᠯᠤᠰ᠎ᠤᠨ ᠳᠡᠰ᠎ᠤᠨ ᠪᠦᠯᠦᠭᠵᠢᠯ ᠵᠶ᠋ᠠᠷ ᠭᠣᠣᠯᠯᠠᠭᠴᠢ ᠪᠤᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠦᠯᠦᠭᠵᠢᠯ ᠵᠶ᠋ᠠᠷ ᠰᠠᠭᠤᠷᠢ ᠪᠤᠯᠭ᠋ᠠᠬᠰᠠᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠤᠨ ᠰᠢᠰᠲ᠋ᠧᠮ᠎ᠢ ᠠᠩᠬ᠎ᠠ ᠠᠯᠬᠤᠮ ᠪᠦᠷᠢᠯᠳᠦᠭᠦᠯᠦᠨ᠂ ᠦᠢ᠍ᠯᠡᠳᠬᠦ ᠦᠢ᠍ᠯᠡᠰ᠎ᠤᠨ ᠳᠡᠭᠡᠳᠦ ᠳᠡᠰᠵᠢᠵᠤ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠬᠤ ᠵᠢ ᠵᠢᠭ᠋ᠠᠵᠤ ᠪᠠᠢ᠌ᠨ᠎ᠠ᠃

      7.5% ᠵᠢᠨ ᠨᠡᠮᠡᠭᠳᠡᠯ᠎ᠤᠨ ᠬᠤᠷᠳᠤᠴᠠ ᠪᠣᠯ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠵᠤ᠂ ᠢᠳᠡᠪᠬᠢᠲᠡᠢ᠎ᠪᠠᠷ ᠰᠠᠢ᠌ᠵᠢᠷᠠᠭᠰᠠᠨ᠎ᠤ ᠴᠢᠬᠤᠯᠠ ᠫᠠᠷᠠᠮᠧᠲᠷ ᠪᠣᠯᠣᠨ᠎ᠠ᠃ ᠡᠨᠡ ᠬᠦ᠌ 《ᠬᠤᠭᠤᠴᠠᠭ᠋ᠠᠨ ᠳᠤᠮᠳᠠᠬᠢ ᠰᠢᠯᠭ᠋ᠠᠯᠲᠠ》 ᠵᠢ ᠨᠠᠷᠢᠨ ᠰᠢᠨᠵᠢᠯᠡᠪᠡᠯ᠂ ᠠᠵᠤ ᠦᠢ᠍ᠯᠡᠰ᠎ᠤᠨ ᠰᠢᠨ᠎ᠡ ᠲᠡᠢ᠌ᠰᠢ᠂ ᠣᠶᠤᠨᠴᠢᠯᠠᠭᠰᠠᠨ ᠲᠡᠢ᠌ᠰᠢ᠂ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠬᠠᠨᠳᠤᠰᠢ ᠨᠡᠩ ᠲᠣᠪᠣᠢ᠌ᠮ᠎ᠠ ᠪᠣᠯᠵᠤ᠂ ᠬᠥᠳᠡᠯᠭᠡᠬᠦ ᠬᠦᠴᠦᠨ ᠵᠶ᠋ᠠᠷ ᠨᠡᠩ ᠴᠢᠩᠭ᠎ᠠ᠂ ᠪᠦᠲᠦᠴᠡ᠎ᠪᠠᠷ ᠨᠡᠩ ᠰᠢᠯᠢᠳᠡᠭ᠂ ᠦᠷ᠎ᠡ ᠠᠰᠢᠭ ᠵᠶ᠋ᠠᠷ ᠨᠡᠩ ᠥᠨᠳᠥᠷ ᠠᠵᠤ ᠠᠬᠤᠢ ᠵᠢᠨ ᠨᠡᠮᠡᠭᠳᠡᠯ ᠶᠠᠭ ᠪᠦᠭᠦ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠥᠭᠵᠢᠯᠲᠡ ᠵᠢᠨ ᠬᠦᠨᠳᠦᠴᠡ ᠵᠢ ᠲᠠᠰᠤᠷᠠᠯᠳᠠ ᠦᠭᠡᠢ ᠨᠡᠮᠡᠭᠳᠡᠭᠦᠯᠵᠦ ᠪᠤᠢ᠃

      《ᠬᠤᠭᠤᠴᠠᠭ᠋ᠠᠨ ᠳᠤᠮᠳᠠᠬᠢ ᠰᠢᠯᠭ᠋ᠠᠯᠲᠠ》ᠪᠣᠯ 《ᠬᠢᠷᠢ ᠪᠦᠲᠦᠮᠵᠢ ᠵᠢᠨ ᠬᠠᠭᠤᠳᠠᠰᠤ》 ᠪᠤᠯᠬᠤ ᠪᠥᠭᠡᠳ 《ᠴᠢᠭᠯᠡᠯ᠎ᠤᠨ ᠵᠢᠷᠤᠭ》 ᠶᠤᠮᠰᠠᠨ᠃ ᠪᠦᠭᠦ ᠵᠢᠯ᠎ᠤᠨ ᠠᠵᠤ ᠠᠬᠤᠢ ᠵᠢᠨ ᠬᠠᠨᠳᠤᠰᠢ ᠵᠢ ᠲᠣᠭᠲᠠᠭ᠋ᠠᠬᠤ 《ᠳᠣᠣᠷ᠎ᠠ ᠬᠠᠭ᠋ᠠᠰ ᠲᠠᠯᠠᠪᠤᠷ》᠎ᠤᠨ ᠤᠷᠤᠯᠳᠤᠭ᠋ᠠᠨ᠎ᠤ ᠵᠠᠮ᠎ᠳᠤ ᠣᠷᠣᠬᠤᠶ᠎ᠠ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠠᠵᠤ ᠠᠬᠤᠢ ᠢᠯᠠᠯᠲᠠ ᠵᠢᠨ ᠡᠷᠴᠢᠨ ᠳᠡᠭᠡᠷ᠎ᠡ᠎ᠪᠠᠨ ᠳᠠᠬᠢᠨᠲᠠ ᠰᠢᠨ᠎ᠡ ᠳᠡᠭᠲᠡᠷ᠎ᠲᠤ ᠭᠠᠷᠬᠤ᠎ᠪᠠᠷ ᠴᠢᠷᠮᠠᠢ᠌ᠬᠤ ᠴᠢᠬᠤᠯᠠᠲᠠᠢ᠃

      ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠤ ᠢᠯᠡᠷᠬᠡᠢ᠌ᠯᠡᠭᠰᠡᠨ ᠵᠶ᠋ᠠᠷ᠂ ᠳᠠᠷᠠᠭ᠋ᠠᠴᠢ᠎ᠪᠠᠷ ᠥᠪᠡᠷᠲᠡᠭᠡᠨ ᠵᠠᠰᠠᠬᠤ ᠣᠷᠣᠨ᠎ᠠᠴᠠ ᠰᠢᠨ᠎ᠡ ᠡᠨᠧᠷᠭᠢ᠎ᠪᠠᠷ ᠰᠢᠨ᠎ᠡ ᠠᠵᠤ ᠦᠢ᠍ᠯᠡᠳᠪᠦᠷᠢ ᠵᠢ ᠳᠠᠢ᠌ᠴᠢᠯᠠᠬᠤ᠂ ᠲᠡᠷᠢᠭᠦᠨ᠎ᠤ ᠦᠢ᠍ᠯᠡᠳᠬᠦ ᠦᠢ᠍ᠯᠡᠰ ᠵᠶ᠋ᠠᠷ ᠰᠢᠨ᠎ᠡ ᠭᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠳᠠᠢ᠌ᠴᠢᠯᠠᠬᠤ ᠵᠢ ᠦᠷᠭᠦᠯᠵᠢᠯᠡᠨ ᠪᠠᠷᠢᠮᠲᠠᠯᠠᠵᠤ᠂ ᠠᠵᠤ ᠦᠢ᠍ᠯᠡᠰ᠎ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠲᠡᠢ᠌ᠰᠢ ᠬᠥᠭᠵᠢᠬᠦ ᠵᠢ ᠢᠳᠡᠪᠬᠢᠲᠡᠢ ᠠᠬᠢᠭᠤᠯᠤᠨ᠂ 《5 + 5 + 6》 ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠱᠠᠯᠠᠪᠳᠠᠨ ᠴᠣᠭᠴᠠᠯᠠᠬᠤ ᠪᠣᠯᠣᠨ᠎ᠠ᠃ 《5 + 5 + 6》᠎ᠨᠢ ᠳᠠᠷᠤᠢ ᠡᠨᠧᠷᠭᠢ᠂ ᠲᠡᠮᠦᠷᠯᠢᠭ ᠪᠤᠯᠪᠠᠰᠤᠷᠠᠭᠤᠯᠬᠤ᠂ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠢᠨ ᠮᠠᠲ᠋ᠧᠷᠢᠶᠠᠯ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠤᠯᠪᠠᠰᠤᠷᠠᠭᠤᠯᠬᠤ ᠵᠡᠷᠭᠡ 5 ᠤᠯᠠᠮᠵᠢᠯᠠᠯᠲᠤ ᠠᠵᠤ ᠦᠢ᠍ᠯᠡᠰ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠤᠳᠤ ᠦᠶ᠎ᠡ ᠵᠢᠨ ᠲᠣᠨᠣᠭᠯᠠᠯ ᠦᠢ᠍ᠯᠡᠳᠬᠦ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ 5 ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠂ ᠢᠷᠡᠭᠡᠳᠦᠢ ᠵᠢᠨ ᠡᠨᠧᠷᠭᠢ᠂ ᠢᠷᠡᠭᠡᠳᠦᠢ ᠵᠢᠨ ᠮᠠᠲ᠋ᠧᠷᠢᠶᠠᠯ᠂ ᠢᠷᠡᠭᠡᠳᠦᠢ ᠵᠢᠨ ᠦᠢ᠍ᠯᠡᠳᠬᠡᠯ᠂ ᠢᠷᠡᠭᠡᠳᠦᠢ ᠵᠢᠨ ᠮᠡᠳᠡᠭᠡ ᠵᠠᠩᠭᠢ᠂ ᠢᠷᠡᠭᠡᠳᠦᠢ ᠵᠢᠨ ᠡᠷᠡᠭᠦᠯ ᠮᠡᠨᠳᠤ᠂ ᠢᠷᠡᠭᠡᠳᠦᠢ ᠵᠢᠨ ᠣᠷᠣᠨ ᠵᠠᠢ ᠵᠡᠷᠭᠡ 6 ᠢᠷᠡᠭᠡᠳᠦᠢ ᠵᠢᠨ ᠠᠵᠤ ᠦᠢ᠍ᠯᠡᠰ᠎ᠢ ᠵᠢᠭ᠋ᠠᠵᠤ ᠪᠤᠢ᠃

      — ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠵᠦ ᠳᠡᠰ ᠳᠡᠪᠰᠢᠭᠦᠯᠦᠨ᠎ᠡ᠃ ᠶᠡᠬᠡ ᠬᠡᠪᠴᠢᠶᠡᠨ᠎ᠤ ᠮᠡᠷᠭᠡᠵᠢᠯ᠎ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠲᠥᠬᠦᠭᠡᠷᠦᠮᠵᠢ ᠵᠢ ᠰᠢᠨᠡᠴᠢᠯᠡᠬᠦ᠂ ᠤᠷ᠎ᠠ ᠮᠡᠷᠭᠡᠰᠢᠯ᠎ᠢ ᠳᠡᠰ ᠳᠡᠪᠰᠢᠭᠦᠯᠬᠦ᠂ ᠲᠣᠭ᠋ᠠᠴᠢᠯᠠᠭᠰᠠᠨ ᠮᠡᠷᠭᠡᠵᠢᠯ ᠵᠶ᠋ᠠᠷ ᠬᠥᠳᠡᠯᠭᠡᠬᠦ ᠬᠦᠴᠦᠨ ᠨᠡᠮᠡᠷᠢᠯᠡᠬᠦ᠂ ᠬᠠᠮᠢᠶᠠᠷᠤᠯᠲᠠ ᠵᠢᠨ ᠰᠢᠨ᠎ᠡ ᠵᠢ ᠡᠭᠦᠳᠬᠦ ᠵᠢ ᠠᠬᠢᠭᠤᠯᠵᠤ᠂ ᠠᠵᠤ ᠦᠢ᠍ᠯᠡᠰ᠎ᠢ ᠨᠡᠢ᠌ᠳᠬᠡᠵᠦ ᠳᠠᠭᠢᠨ ᠵᠣᠬᠢᠶᠠᠨ ᠪᠠᠢ᠌ᠭᠤᠯᠬᠤ ᠪᠠ ᠬᠢᠵᠠᠭ᠋ᠠᠷᠯᠠᠬᠤ ᠲᠦᠷᠦᠯ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠰᠢᠭᠰᠢᠭᠳᠡᠭᠦᠯᠬᠦ ᠡᠷᠴᠢᠮ᠎ᠢ ᠴᠢᠩᠭ᠋ᠠᠷᠠᠭᠤᠯᠤᠨ᠂ ᠬᠥᠭᠵᠢᠭᠰᠡᠨ ᠭᠠᠵᠠᠷ ᠣᠷᠣᠨ᠎ᠤ ᠠᠵᠤ ᠦᠢ᠍ᠯᠡᠰ᠎ᠤᠨ ᠰᠢᠯᠵᠢᠯᠲᠡ ᠵᠢ ᠥᠨᠳᠥᠷ ᠪᠠᠷᠢᠮᠵᠢᠶ᠎ᠠ᠎ᠪᠠᠷ ᠭᠥᠯᠢᠶᠡᠨ ᠠᠪᠴᠤ᠂ ᠤᠯᠠᠮᠵᠢᠯᠠᠯᠲᠤ ᠠᠵᠤ ᠦᠢ᠍ᠯᠡᠰ᠎ᠤᠨ ᠰᠢᠨ᠎ᠡ ᠠᠮᠢᠵᠢᠷᠠᠯ᠎ᠤᠨ ᠬᠦᠴᠦᠨ᠎ᠲᠠᠢ ᠪᠤᠯᠬᠤ ᠵᠢ ᠠᠬᠢᠭᠤᠯᠤᠨ᠎ᠠ᠃

      — ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠬᠥᠭᠵᠢᠭᠦᠯᠦᠨ ᠪᠤᠵᠠᠭ᠋ᠠᠢ᠌ᠷᠠᠭᠤᠯᠤᠨ᠎ᠠ᠃ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠴᠢᠨᠠᠷ ᠰᠠᠢ᠌ᠲᠠᠢ ᠬᠥᠭᠵᠢᠯᠲᠡ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠳᠤᠲᠠᠭᠤᠳᠠᠯ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠨᠥᠬᠥᠪᠦᠷᠢᠯᠡᠬᠦ᠂ ᠳᠠᠪᠠᠭᠤᠯᠢᠭ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ᠂ ᠤᠯᠠᠮᠵᠢᠯᠠᠯᠲᠤ ᠠᠵᠤ ᠦᠢ᠍ᠯᠡᠰ᠎ᠤᠨ ᠬᠡᠯᠬᠢᠶ᠎ᠡ ᠵᠢ ᠳᠡᠰ ᠳᠡᠪᠰᠢᠭᠦᠯᠬᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠬᠡᠯᠬᠢᠶ᠎ᠡ ᠵᠢ ᠪᠠᠢ᠌ᠭᠤᠯᠬᠤ ᠵᠢ ᠲᠦᠷᠭᠡᠳᠬᠡᠨ᠂ ᠠᠵᠤ ᠦᠢ᠍ᠯᠡᠰ᠎ᠤᠨ ᠬᠡᠯᠬᠢᠶ᠎ᠡ ᠪᠥᠭᠡᠮᠨᠡᠷᠡᠵᠦ ᠪᠦᠯᠦᠭᠵᠢᠯ ᠪᠤᠯᠬᠤ ᠪᠠ ᠠᠭᠤᠰᠤᠯᠴᠠᠨ ᠬᠥᠭᠵᠢᠬᠦ ᠵᠢ ᠠᠬᠢᠭᠤᠯᠤᠨ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠭᠣᠣᠯ ᠲᠤᠯᠭ᠋ᠠᠭᠤᠷᠢ ᠦᠢ᠍ᠯᠡᠳᠦᠯ ᠦᠵᠡᠭᠦᠯᠭᠦ ᠵᠢ ᠠᠬᠢᠭᠤᠯᠤᠨ᠎ᠠ᠃

      — ᠢᠷᠡᠭᠡᠳᠦᠢ ᠵᠢᠨ ᠠᠵᠤ ᠦᠢ᠍ᠯᠡᠰ᠎ᠢ ᠪᠠᠷᠠᠯᠠᠯᠳᠤ ᠴᠢᠨᠠᠷᠲᠠᠢ᠎ᠪᠠᠷ ᠪᠠᠢ᠌ᠷᠢᠰᠢᠭᠤᠯᠤᠨ᠎ᠠ᠃ ᠦᠵᠦ ᠲᠥᠯᠥᠪᠯᠡᠭᠡ ᠬᠢᠬᠦ ᠪᠠ ᠲᠥᠯᠥᠪᠵᠢᠭᠦᠯᠦᠨ ᠪᠠᠢ᠌ᠷᠢᠰᠢᠭᠤᠯᠬᠤ ᠵᠢ ᠴᠢᠩᠭ᠋ᠠᠳᠬᠠᠨ᠂ ᠢᠷᠡᠭᠡᠳᠦᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠰᠤᠳᠤᠯᠤᠨ ᠲᠣᠭᠲᠠᠭ᠋ᠠᠵᠤ᠂ ᠣᠷᠣᠨ ᠨᠤᠲᠤᠭ᠎ᠤᠨ ᠪᠣᠳᠠᠲᠤ ᠪᠠᠢ᠌ᠳᠠᠯ᠎ᠳᠤᠨᠢ ᠵᠣᠬᠢᠴᠠᠭᠤᠯᠤᠨ ᠲᠦᠷᠦᠯ ᠬᠤᠪᠢᠶᠠᠨ ᠵᠢᠯᠤᠭᠣᠳᠬᠤ ᠵᠢ ᠪᠠᠷᠢᠮᠲᠠᠯᠠᠵᠤ ᠢᠷᠡᠭᠡᠳᠦᠢ ᠵᠢᠨ ᠠᠵᠤ ᠦᠢ᠍ᠯᠡᠰ᠎ᠢ ᠴᠣᠭᠴᠠᠯᠠᠨ᠂ 《ᠰᠠᠢ᠌ᠨ ᠣᠷᠣᠨ ᠪᠠᠢ᠌ᠷᠢ ᠵᠢ ᠡᠵᠡᠯᠡᠨ ᠬᠥᠭᠵᠢᠬᠦ᠂ ᠤᠯᠠᠨ ᠴᠡᠭ᠎ᠠᠴᠠ ᠰᠢᠪᠲᠤᠯᠤᠯᠲᠠ ᠬᠢᠬᠦ》 ᠵᠢ ᠪᠡᠶᠡᠯᠡᠭᠦᠯᠬᠦ᠎ᠪᠠᠷ ᠴᠢᠷᠮᠠᠢ᠌ᠨ᠎ᠠ᠃

      ᠰᠢᠨ᠎ᠡ ᠠᠶᠠᠨ᠎ᠳᠤ ᠪᠢᠳᠡᠨ᠎ᠤ ᠢᠷᠡᠭᠡᠳᠦᠢ ᠭᠡᠭᠡᠨ ᠰᠠᠷᠠᠭᠤᠯ ᠶᠤᠮᠰᠠᠨ᠃ ᠢᠷᠡᠭᠡᠳᠦᠢ ᠵᠢ ᠪᠠᠷᠠᠯᠠᠬᠤᠶ᠎ᠠ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠥᠭᠵᠢᠯᠲᠡ ᠵᠢᠨ ᠡᠭᠦᠷᠭᠡ ᠬᠦᠨᠳᠦ ᠵᠠᠮ ᠬᠤᠯᠠ ᠪᠠᠢ᠌ᠭᠰᠠᠭ᠋ᠠᠷ᠂ ᠡᠷᠬᠡᠪᠰᠢ ᠰᠢᠨᠲᠠᠷᠠᠰᠢ ᠦᠭᠡᠢ ᠴᠢᠷᠮᠠᠢ᠌ᠬᠤ ᠲᠡᠰᠪᠦᠷᠢ ᠲᠡᠪᠴᠢᠶᠡᠷᠢ ᠪᠠ ᠠᠮᠵᠢᠯᠲᠠ᠎ᠳᠤ ᠳᠥᠬᠥᠬᠦ ᠳᠤᠳᠤᠮ ᠪᠣᠯᠭᠣᠮᠵᠢᠯᠠᠬᠤ ᠰᠡᠷᠭᠡᠭ ᠲᠠᠨᠢᠯᠲᠠ᠎ᠪᠠᠷ ᠦᠷᠭᠦᠯᠵᠢᠯᠡᠨ ᠳᠠᠪᠠᠭ᠎ᠠ ᠳᠠᠪᠠᠨ ᠪᠣᠭᠣᠮᠲᠠ ᠰᠢᠪᠲᠤᠯᠵᠤ᠂ ᠵᠣᠷᠢᠭᠲᠠᠢ᠎ᠪᠠᠷ ᠵᠢᠳᠬᠦᠨ ᠦᠨᠡᠨ ᠪᠣᠳᠠᠲᠠᠢ ᠠᠵᠢᠯᠯᠠᠵᠤ᠂ ᠰᠢᠨ᠎ᠡ ᠠᠭᠤᠤ ᠶᠡᠬᠡ ᠲᠡᠮᠡᠴᠡᠯ ᠵᠶ᠋ᠠᠷ ᠰᠢᠨ᠎ᠡ ᠠᠤᠭ᠎ᠠ ᠦᠢ᠍ᠯᠡᠰ᠎ᠢ ᠪᠦᠲᠦᠭᠡᠬᠦ ᠬᠡᠷᠡᠭᠲᠡᠢ᠃


 

ᠢᠷᠡᠯᠲᠡ᠄