ᠲᠤᠭ᠎ᠠ ᠪᠦᠷᠢᠳᠬᠡᠯ   -   ᠲᠤᠭ᠎ᠠ ᠪᠦᠷᠢᠳᠬᠡᠯ
1 ᠳ᠋ᠦ᠍ᠭᠡᠷ ᠰᠠᠷ᠎ᠠ᠎ᠠᠴᠠ 8 ᠳ᠋ᠤᠭ᠋ᠠᠷ ᠰᠠᠷ᠎ᠠ᠎ᠳᠤ ᠮᠠᠨ᠎ᠤ ᠣᠷᠣᠨ᠎ᠤ ᠡᠵᠡᠩᠨᠡᠯᠲᠡ ᠵᠢᠨ ᠭᠤᠤᠯ ᠴᠣᠭᠴᠠ ᠲᠣᠭᠲᠠᠭᠤᠨ ᠵᠶ᠋ᠠᠷ ᠨᠡᠮᠡᠭᠳᠡᠪᠡ
ᠨᠡᠶ᠋ᠢᠲᠡᠯᠡᠭᠰᠡᠨ ᠴᠠᠭ᠄ 2024-09-05


      1  ᠳ᠋ᠦ᠍ᠭᠡᠷ ᠰᠠᠷ᠎ᠠ᠎ᠠᠴᠠ 8 ᠳ᠋ᠤᠭ᠋ᠠᠷ ᠰᠠᠷ᠎ᠠ᠎ᠳᠤ ᠮᠠᠨ᠎ᠤ ᠣᠷᠣᠨ᠎ᠤ ᠡᠵᠡᠩᠨᠡᠯᠲᠡ ᠵᠢᠨ ᠭᠤᠣᠯ ᠴᠣᠭᠴᠠ ᠲᠣᠭᠲᠠᠭᠤᠨ ᠵᠶ᠋ᠠᠷ ᠨᠡᠮᠡᠭᠳᠡᠪᠡ᠃ 8 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠦ ᠣᠷᠣᠨ᠎ᠤ ᠡᠵᠡᠩᠨᠡᠯᠲᠡ ᠵᠢᠨ ᠭᠤᠤᠯ ᠴᠣᠭᠴᠠ (ᠬᠤᠪᠢᠶᠠᠷᠢ ᠰᠠᠯᠪᠤᠷᠢ ᠪᠠᠶ᠋ᠢᠭᠤᠯᠤᠮᠵᠢ᠎ᠨᠤᠭᠤᠳ᠎ᠢ  ᠪᠠᠭᠲᠠᠭ᠋ᠠᠨ᠎ᠠ)  ᠬᠥᠭᠵᠢᠭᠡᠳ 284.58 ᠲᠦᠮᠡᠨ ᠡᠷᠦᠬᠡ  ᠪᠣᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 7.26%᠎ᠪᠠᠷ ᠨᠡᠮᠡᠭᠳᠡᠪᠡ᠂ ᠡᠭᠦᠨ᠎ᠳᠤ 68.89 ᠲᠦᠮᠡᠨ ᠡᠷᠦᠬᠡ ᠠᠵᠤ ᠠᠬᠤᠶ᠋ᠢᠯᠠᠯ᠂ 208.63  ᠲᠦᠮᠡᠨ ᠡᠷᠦᠬᠡ  ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠂ 7.06 ᠲᠦᠮᠡᠨ ᠡᠷᠦᠬᠡ  ᠲᠠᠷᠢᠶᠠᠴᠢᠳ᠎ᠤᠨ  ᠲᠤᠰᠬᠠᠶ ᠬᠤᠷᠰᠢᠶ᠎ᠠ ᠪᠣᠶ᠃ 1  ᠳ᠋ᠦ᠍ᠭᠡᠷ ᠰᠠᠷ᠎ᠠ᠎ᠠᠴᠠ 8 ᠳ᠋ᠤᠭ᠋ᠠᠷ ᠰᠠᠷ᠎ᠠ᠎ᠳᠤ᠂ ᠪᠥᠬᠦ ᠣᠷᠣᠨ᠎ᠳᠤ ᠨᠡᠶ᠋ᠢᠲᠡ 31.89 ᠲᠦᠮᠡᠨ  ᠡᠷᠦᠬᠡ  ᠡᠵᠡᠩᠨᠡᠯᠲᠡ ᠵᠢᠨ ᠭᠤᠤᠯ ᠴᠣᠭᠴᠠ ᠰᠢᠨ᠎ᠡ᠎ᠪᠠᠷ  ᠪᠠᠢ᠌ᠭᠤᠯᠤᠭᠳᠠᠵᠤ ᠂ ᠠᠳᠠᠯᠢ ᠬᠤᠭᠤᠴᠠᠭ᠋ᠠᠨ᠎ᠤ᠎ᠬᠢ᠎ᠠᠴᠠ 7.63%᠎ᠪᠠᠷ  ᠨᠡᠮᠡᠭᠳᠡᠵᠡᠢ᠂ ᠡᠭᠦᠨ᠎ᠳᠤ ᠰᠢᠨ᠎ᠡ᠎ᠪᠠᠷ  ᠪᠠᠢ᠌ᠭᠤᠯᠤᠭᠳᠠᠭᠰᠠᠨ  ᠠᠵᠤ ᠠᠬᠤᠶ᠋ᠢᠯᠠᠯ 7.16  ᠲᠦᠮᠡᠨ  ᠡᠷᠦᠬᠡ ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ 24.52 ᠲᠦᠮᠡᠨ ᠡᠷᠦᠬᠡ᠂  ᠲᠠᠷᠢᠶᠠᠴᠢᠳ᠎ᠤᠨ  ᠲᠤᠰᠬᠠᠶ ᠬᠤᠷᠰᠢᠶ᠎ᠠ 2130 ᠡᠷᠦᠬᠡ ᠪᠣᠶ᠃ 8 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠦ ᠣᠷᠣᠨ᠎ᠤ ᠠᠷᠠᠳ᠎ᠠᠴᠠ  ᠡᠵᠡᠩᠨᠡᠭᠰᠡᠨ  ᠠᠵᠤ ᠠᠬᠤᠶ ᠵᠢᠨ ᠭᠤᠤᠯ ᠴᠣᠭᠴᠠ ᠵᠢᠨ ᠶᠡᠷᠦᠩᠬᠡᠶ ᠬᠡᠮᠵᠢᠶ᠎ᠡ (ᠬᠤᠪᠢ ᠵᠢᠨ ᠡᠵᠡᠩᠨᠡᠯᠲᠡ ᠵᠢᠨ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ) ᠎ᠨᠢ 269.94 ᠲᠦᠮᠡᠨ ᠡᠷᠦᠬᠡ᠎ᠳᠤ ᠬᠦᠷᠴᠦ ᠂  ᠠᠳᠠᠯᠢ ᠬᠤᠭᠤᠴᠠᠭ᠋ᠠᠨ᠎ᠤ᠎ᠬᠢ᠎ᠠᠴᠠ 7.54%᠎ᠪᠠᠷ  ᠨᠡᠮᠡᠭᠳᠡᠨ ᠂ ᠪᠥᠬᠦ ᠡᠵᠡᠩᠨᠡᠯᠲᠡ ᠵᠢᠨ ᠭᠤᠤᠯ ᠴᠣᠭᠴᠠ ᠵᠢᠨ 94.86% ᠵᠢ ᠡᠵᠡᠯᠡᠪᠡ᠃ (ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ