ᠲᠤᠭ᠎ᠠ ᠪᠦᠷᠢᠳᠬᠡᠯ   -   ᠲᠤᠭ᠎ᠠ ᠪᠦᠷᠢᠳᠬᠡᠯ
ᠬᠤᠷᠳᠤᠨ ᠦᠵᠡᠭᠡᠴᠢ! ᠥᠪᠥᠷ ᠮᠣᠩᠭᠣᠯ᠎ᠤᠨ 1 - 2 ᠳ᠋ᠤᠭ᠋ᠠᠷ ᠰᠠᠷ᠎ᠠ ᠵᠢᠨ ᠠᠵᠤ ᠠᠬᠤᠢ ᠵᠢᠨ ᠬᠢᠷᠢ ᠪᠦᠲᠦᠮᠵᠢ ᠵᠢᠨ ᠬᠠᠭᠤᠳᠠᠰᠤ ᠵᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2025-03-19


      1 - 2 ᠳ᠋ᠤᠭ᠋ᠠᠷ ᠰᠠᠷ᠎ᠠ᠎ᠳᠠᠬᠢ ᠪᠥᠬᠥ ᠣᠷᠣᠨ᠎ᠤ ᠠᠵᠤ ᠠᠬᠤᠢ ᠵᠢᠨ ᠠᠵᠢᠯᠯᠠᠭ᠋ᠠᠨ ᠲᠣᠭᠲᠠᠭᠤᠨ ᠡᠬᠢᠯᠡᠯᠲᠡ᠎ᠲᠠᠢ
                          (2025 ᠣᠨ᠎ᠤ 3 ᠳ᠋ᠤᠭ᠋ᠠᠷ ᠰᠠᠷ᠎ᠠ ᠵᠢᠨ 18᠎ᠤ ᠡᠳᠦᠷ)
                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
           ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶᠠᠨ᠎ᠤ ᠥᠪᠥᠷ ᠮᠣᠩᠭᠣᠯ᠎ᠳᠠᠬᠢ ᠪᠠᠢ᠌ᠴᠠᠭ᠋ᠠᠯᠲᠠ ᠵᠢᠨ ᠶᠡᠷᠦᠩᠬᠡᠢ ᠠᠩᠭᠢ
      1 - 2 ᠳ᠋ᠤᠭ᠋ᠠᠷ ᠰᠠᠷ᠎ᠠ᠂ ᠪᠦᠬᠦ ᠣᠷᠣᠨ ᠵᠶ᠋ᠠᠷ ᠵᠶ᠋ᠠᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠵᠶ᠋ᠠᠨ ᠪᠣᠯᠭ᠋ᠠᠵᠤ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠲᠦᠷᠭᠡᠳᠬᠡᠨ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠋ᠠᠨ》᠎ᠢ ᠭᠦᠨᠵᠡᠭᠡᠢ ᠰᠦᠪᠡᠭᠴᠢᠯᠡᠨ ᠪᠣᠳᠠᠲᠠᠢ ᠠᠳᠬᠤᠵᠤ᠂ ᠬᠠᠮ ᠦᠯᠡᠳᠡᠭᠡᠯ ᠲᠦᠷᠦ ᠵᠢᠨ ᠪᠣᠳᠣᠯᠭ᠎ᠠ ᠪᠠ ᠨᠡᠮᠡᠭᠳᠡᠯ ᠲᠦᠷᠦ ᠵᠢᠨ ᠪᠣᠳᠣᠯᠭ᠎ᠠ ᠵᠢᠨ ᠬᠦᠴᠦᠨ ᠪᠠ ᠦᠢ᠍ᠯᠡᠳᠦᠯ᠎ᠢ ᠪᠠᠳᠠᠷᠠᠭᠤᠯᠤᠨ᠂ ᠪᠦᠬᠦ ᠣᠷᠣᠨ᠎ᠤ ᠠᠵᠤ ᠠᠬᠤᠢ ᠵᠢᠨ ᠠᠵᠢᠯᠯᠠᠭ᠋ᠠᠨ ᠲᠣᠭᠲᠠᠭᠤᠨ ᠡᠬᠢᠯᠡᠯᠲᠡ᠎ᠲᠠᠢ ᠪᠣᠯᠣᠭᠰᠠᠨ ᠪᠠᠢ᠌ᠨ᠎ᠠ᠃
      ᠨᠢᠭᠡ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠵᠦ᠂ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ ᠪᠠ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ ᠲᠦᠷᠭᠡᠨ ᠵᠶ᠋ᠡᠷ ᠨᠡᠮᠡᠭᠳᠡᠪᠡ
      1 - 2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ ᠨᠡᠮᠡᠭᠳᠡᠪᠡ᠃ ᠭᠤᠷᠪᠠᠨ ᠶᠡᠬᠡ ᠲᠦᠷᠦᠯ ᠵᠶ᠋ᠡᠷ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢ᠍ᠯᠡᠰ᠎ᠤᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 2.5%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ 10.3%᠎ᠪᠠᠷ ᠨᠡᠮᠡᠭᠳᠡᠨ᠂ ᠴᠠᠬᠢᠯᠭ᠋ᠠᠨ ᠬᠦᠴᠦ᠂ ᠢᠯᠴᠢ ᠵᠢᠨ ᠬᠦᠴᠦ᠂ ᠰᠢᠲᠠᠮᠠᠬᠠᠢ ᠬᠡᠢ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 7.1%᠎ᠪᠠᠷ ᠨᠡᠮᠡᠭᠳᠡᠵᠡᠢ᠃ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 40.5%᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ 24.6%᠎ᠪᠠᠷ ᠨᠡᠮᠡᠭᠳᠡᠪᠡ᠃ ᠠᠵᠤ ᠠᠬᠤᠢ ᠵᠢᠨ ᠲᠥᠷᠥᠯ ᠬᠡᠯᠪᠡᠷᠢ᠎ᠪᠠᠷ ᠬᠤᠪᠢᠶᠠᠵᠤ ᠦᠵᠡᠪᠡᠯ᠂ ᠤᠯᠤᠰ᠎ᠤᠨ ᠦᠮᠴᠢᠯᠡᠯᠲᠦ ᠬᠤᠪᠢ ᠡᠵᠡᠮᠳᠡᠭᠰᠡᠨ ᠠᠵᠤ ᠠᠬᠤᠢ᠌ᠯᠠᠯ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6.2% ᠵᠶ᠋ᠠᠷ ᠨᠡᠮᠡᠭᠳᠡᠪᠡ; ᠬᠤᠪᠢᠴᠠᠭ᠋ᠠᠲᠦ ᠳᠦᠷᠢᠮᠲᠦ ᠠᠵᠤ ᠠᠬᠤᠢ᠌ᠯᠠᠯ 5.5%᠎ᠪᠠᠷ ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠰᠢᠶᠠᠩᠭ᠋ᠠᠩ ᠣᠣᠮᠧᠨ ᠲᠠᠢ᠌ᠸᠠᠨ᠎ᠤ ᠪᠡᠯᠡ ᠣᠷᠣᠭᠤᠯᠤᠭᠰᠠᠨ ᠠᠵᠤ ᠠᠬᠤᠢ᠌ᠯᠠᠯ 11.2% ᠵᠶ᠋ᠡᠷ ᠨᠡᠮᠡᠭᠳᠡᠪᠡ; ᠬᠤᠪᠢ ᠵᠢᠨ ᠡᠵᠡᠩᠨᠡᠯᠲᠡ ᠵᠢᠨ ᠠᠵᠤ ᠠᠬᠤᠢ᠌ᠯᠠᠯ 1.0% ᠵᠶ᠋ᠡᠷ ᠨᠡᠮᠡᠭᠳᠡᠪᠡ᠃ ᠦᠢ᠍ᠯᠡᠳᠬᠦᠨ ᠵᠶ᠋ᠡᠷ ᠬᠤᠪᠢᠶᠠᠵᠤ ᠦᠵᠡᠪᠡᠯ᠂ ᠲᠦᠭᠦᠬᠡᠢ ᠨᠡᠭᠦᠷᠡᠰᠦᠨ᠎ᠤ ᠭᠠᠷᠤᠯᠲᠠ 2.07 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 2.0%᠎ᠪᠠᠷ ᠨᠡᠮᠡᠭᠳᠡᠵᠡᠢ; ᠴᠠᠬᠢᠯᠭ᠋ᠠᠨ ᠭᠠᠷᠭ᠋ᠠᠭᠰᠠᠨ ᠬᠡᠮᠵᠢᠶ᠎ᠡ 1359.8 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ 1.2% ᠵᠶ᠋ᠡᠷ ᠨᠡᠮᠡᠭᠳᠡᠪᠡ᠃ ᠡᠭᠦᠨ᠎ᠤ ᠳᠣᠲᠣᠷ᠎ᠠ᠂ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ 413.5 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ 35.5%᠎ᠪᠠᠷ ᠨᠡᠮᠡᠭᠳᠡᠪᠡ; ᠲᠠᠩ ᠲᠠᠯᠠᠰᠲᠤ ᠴᠠᠬᠢᠭᠤᠷ᠂ ᠤᠯᠠᠨ ᠲᠠᠯᠠᠰᠲᠤ ᠴᠠᠬᠢᠭᠤᠷ᠂ ᠬᠣᠪᠣᠷ ᠰᠢᠷᠣᠢ ᠵᠢᠨ ᠨᠢᠭᠡᠳᠪᠦᠷᠢ ᠵᠢᠨ ᠭᠠᠷᠤᠯᠲᠠ ᠲᠤᠰ ᠲᠤᠰ 43.5%᠂ 47.8% ᠪᠠ 9.5%᠎ᠪᠠᠷ ᠨᠡᠮᠡᠭᠳᠡᠪᠡ᠃
      ᠬᠣᠶᠠᠷ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠲᠦᠷᠭᠡᠨ ᠵᠶ᠋ᠡᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠨᠡᠮᠡᠭᠳᠡᠬᠦ ᠬᠠᠨᠳᠤᠰᠢ ᠨᠡᠯᠢᠶᠡᠳ ᠰᠠᠢ᠌ᠨ ᠪᠣᠯᠵᠠᠢ
      1 - 2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠦᠭᠡᠢ) ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 20.2% ᠵᠶ᠋ᠠᠷ ᠨᠡᠮᠡᠭᠳᠡᠪᠡ᠃ ᠬᠦᠷᠢᠶ᠎ᠡ ᠴᠠᠷᠠᠭ᠎ᠠ᠎ᠪᠠᠷ ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 33.5%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ 10.7%᠎ᠪᠠᠷ ᠪᠠᠭᠤᠷᠠᠨ᠂ ᠭᠡᠷ ᠭᠠᠵᠠᠷ ᠬᠥᠷᠥᠩᠭᠡ ᠵᠢᠨ ᠨᠡᠭᠡᠭᠡᠨ ᠬᠥᠭᠵᠢᠯᠲᠡ ᠵᠢᠨ ᠪᠡᠯᠡ ᠣᠷᠣᠭᠤᠯᠤᠯᠲᠠ 2.4%᠎ᠪᠠᠷ ᠨᠡᠮᠡᠭᠳᠡᠵᠡᠢ᠃ ᠠᠵᠤ ᠦᠢ᠍ᠯᠡᠰ ᠵᠶ᠋ᠡᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 144.2% ᠵᠶ᠋ᠠᠷ ᠨᠡᠮᠡᠭᠳᠡᠪᠡ; ᠬᠣᠶᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ 13.0%᠎ᠪᠠᠷ ᠨᠡᠮᠡᠭᠳᠡᠪᠡ᠂ ᠡᠭᠦᠨ᠎ᠳᠤ ᠠᠵᠤ ᠦᠢ᠍ᠯᠡᠳᠪᠦᠷᠢ ᠵᠢᠨ ᠪᠡᠯᠡ ᠣᠷᠣᠭᠤᠯᠤᠯᠲᠠ 13.1%᠎ᠪᠠᠷ ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ 22.4%᠎ᠪᠠᠷ ᠨᠡᠮᠡᠭᠳᠡᠪᠡ᠃ ᠠᠷᠠᠳ᠎ᠤᠨ ᠳᠤᠮᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 5.3%᠎ᠪᠠᠷ ᠨᠡᠮᠡᠭᠳᠡᠪᠡ᠃ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 81.1%᠎ᠪᠠᠷ ᠨᠡᠮᠡᠭᠳᠡᠪᠡ᠃
      ᠭᠤᠷᠪᠠ᠂ ᠵᠠᠬ᠎ᠠ ᠳᠡᠯᠭᠡᠭᠦᠷ᠎ᠤᠨ ᠪᠣᠷᠤᠯᠠᠭᠤᠯᠭ᠎ᠠ ᠦᠷᠭᠦᠯᠵᠢᠯᠡᠨ ᠰᠠᠢ᠌ᠵᠢᠷᠠᠵᠤ᠂ ᠬᠠᠭᠤᠴᠢᠨ ᠵᠶ᠋ᠠᠷ ᠰᠢᠨ᠎ᠡ ᠵᠢ ᠰᠣᠯᠢᠬᠤ ᠬᠠᠮᠢᠶ᠎ᠠ ᠪᠦᠬᠦᠢ ᠲᠠᠸᠠᠷ᠎ᠤᠨ ᠪᠣᠷᠤᠯᠠᠭᠤᠯᠭ᠎ᠠ ᠨᠡᠯᠢᠶᠡᠳ ᠰᠠᠢ᠌ᠨ ᠪᠣᠯᠪᠠ
      1 - 2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠨᠡᠢ᠌ᠭᠡᠮ᠎ᠤᠨ ᠬᠡᠷᠡᠭᠯᠡᠭᠡ ᠵᠢᠨ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 895.4 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.2% ᠵᠶ᠋ᠡᠷ ᠨᠡᠮᠡᠭᠳᠡᠪᠡ᠃ ᠡᠵᠡᠩᠨᠡᠵᠦ ᠪᠠᠢ᠌ᠭ᠎ᠠ ᠭᠠᠵᠠᠷ ᠵᠶ᠋ᠠᠷ᠎ᠨᠢ ᠬᠤᠪᠢᠶᠠᠵᠤ ᠦᠵᠡᠪᠡᠯ᠂ ᠬᠤᠳᠠ ᠪᠠᠯᠭ᠋ᠠᠰᠤᠨ᠎ᠤ ᠬᠡᠷᠡᠭᠯᠡᠭᠡ ᠵᠢᠨ ᠵᠦᠢ᠍ᠯ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 5.2% ᠵᠶ᠋ᠡᠷ ᠨᠡᠮᠡᠭᠳᠡᠵᠦ᠂ ᠬᠥᠳᠡᠭᠡ ᠲᠣᠰᠬᠣᠨ᠎ᠤ ᠬᠡᠷᠡᠭᠯᠡᠭᠡ ᠵᠢᠨ ᠵᠦᠢ᠍ᠯ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 5.4%᠎ᠪᠠᠷ ᠨᠡᠮᠡᠭᠳᠡᠪᠡ᠃ ᠬᠡᠷᠡᠭᠯᠡᠭᠡ ᠵᠢᠨ ᠲᠥᠷᠥᠯ ᠬᠡᠯᠪᠡᠷᠢ᠎ᠪᠠᠷ ᠬᠤᠪᠢᠶᠠᠵᠤ ᠦᠵᠡᠪᠡᠯ᠂ ᠢᠳᠡᠭᠡᠨ ᠤᠮᠳᠠᠭ᠋ᠠᠨ᠎ᠤ ᠣᠷᠣᠯᠭ᠎ᠠ 2.1%᠎ᠪᠠᠷ ᠨᠡᠮᠡᠭᠳᠡᠵᠦ᠂ ᠲᠠᠸᠠᠷ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 5.7%᠎ᠪᠠᠷ ᠨᠡᠮᠡᠭᠳᠡᠵᠡᠢ᠃ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠦᠷᠦ ᠵᠢᠨ ᠪᠣᠳᠣᠯᠭ᠎ᠠ ᠦᠷᠭᠦᠯᠵᠢᠯᠡᠨ ᠦᠷ᠎ᠡ ᠨᠥᠯᠥᠭᠡ᠎ᠪᠠᠨ ᠪᠠᠳᠠᠷᠠᠭᠤᠯᠵᠤ᠂ ᠬᠢᠵᠠᠭ᠋ᠠᠷᠯᠠᠬᠤ ᠲᠣᠭ᠋ᠠᠨ᠎ᠠᠴᠠ ᠳᠡᠭᠡᠭᠰᠢᠬᠢ ᠮᠠᠰᠢᠨ ᠲᠡᠷᠭᠡᠨ᠎ᠤ ᠲᠦᠷᠦᠯ᠂ ᠭᠡᠷ᠎ᠤᠨ ᠴᠠᠬᠢᠯᠭ᠋ᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠵᠢᠨ ᠪᠠᠭ᠋ᠠᠵᠢ ᠬᠡᠷᠡᠭᠰᠡᠯ᠎ᠤᠨ ᠲᠦᠷᠦᠯ᠂ ᠴᠢᠮᠡᠭᠡ ᠬᠣᠯᠪᠣᠭ᠋ᠠᠨ᠎ᠤ ᠪᠠᠭ᠋ᠠᠵᠢ ᠬᠡᠷᠡᠭᠰᠡᠯ᠎ᠤᠨ ᠲᠦᠷᠦᠯ᠎ᠤᠨ ᠲᠠᠸᠠᠷ᠎ᠤᠨ ᠨᠢᠭᠡᠴᠢ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠤᠰ ᠲᠤᠰ 9.5%᠂ 22.5% ᠪᠠ 64.5%᠎ᠪᠠᠷ ᠨᠡᠮᠡᠭᠳᠡᠪᠡ᠃ ᠡᠭᠦᠨ᠎ᠳᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠲᠦᠷᠦᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 65.9%᠎ᠪᠠᠷ ᠨᠡᠮᠡᠭᠳᠡᠪᠡ᠃
      ᠳᠥᠷᠪᠡ᠂ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ ᠪᠠᠭᠤᠷᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ᠎ᠯᠦᠭᠡ ᠬᠣᠯᠪᠣᠭᠳᠠᠬᠤ ᠦᠨ᠎ᠡ ᠬᠠᠩᠰᠢ ᠦᠷᠭᠦᠯᠵᠢᠯᠡᠨ ᠪᠠᠭᠤᠷᠠᠪᠠ
      1 - 2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ (CPI) ᠠᠳᠠᠯᠢ ᠬᠤᠭᠤᠴᠠᠭ᠋ᠠᠨ᠎ᠤ᠎ᠬᠢ᠎ᠠᠴᠠ 0.6%᠎ᠪᠠᠷ ᠪᠠᠭᠤᠷᠠᠪᠠ᠃ ᠲᠥᠷᠥᠯ ᠬᠤᠪᠢᠶᠠᠵᠤ ᠦᠵᠡᠪᠡᠯ᠂ ᠢᠳᠡᠭᠡᠨ᠎ᠤ ᠵᠦᠢ᠍ᠯ ᠠᠷᠢᠬᠢ ᠲᠠᠮᠠᠬᠢᠨ᠎ᠤ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ 2.1%᠎ᠪᠠᠷ ᠪᠠᠭᠤᠷᠠᠵᠤ᠂ ᠬᠤᠪᠴᠠᠰᠤ ᠬᠤᠨᠠᠷ᠎ᠤᠨ ᠦᠨ᠎ᠡ ᠬᠠᠩᠰᠢ 0.4%᠎ᠪᠠᠷ ᠥᠰᠴᠦ᠂ ᠣᠷᠣᠨ ᠰᠠᠭᠤᠴᠠ ᠵᠢᠨ ᠦᠨ᠎ᠡ ᠬᠠᠩᠰᠢ 0.1%᠎ᠪᠠᠷ ᠪᠠᠭᠤᠷᠠᠵᠤ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 0.2% ᠵᠶ᠋ᠡᠷ ᠥᠰᠴᠦ᠂ ᠵᠠᠮ ᠬᠠᠷᠢᠯᠴᠠᠭ᠎ᠠ ᠴᠢᠮᠡᠭᠡ ᠬᠣᠯᠪᠣᠭ᠋ᠠᠨ᠎ᠤ ᠦᠨ᠎ᠡ ᠬᠠᠩᠰᠢ 1.7%᠎ᠪᠠᠷ ᠪᠠᠭᠤᠷᠠᠵᠤ᠂ ᠰᠤᠷᠭ᠋ᠠᠨ ᠬᠥᠮᠦᠵᠢᠯ ᠰᠣᠶᠣᠯ ᠵᠤᠭ᠎ᠠ ᠴᠡᠩᠭᠡᠯ᠎ᠤᠨ ᠦᠨ᠎ᠡ ᠬᠠᠩᠰᠢ 0.1%᠎ᠪᠠᠷ ᠥᠰᠴᠦ᠂ ᠡᠮᠴᠢᠯᠡᠭᠡ ᠡᠷᠡᠭᠦᠯᠵᠢᠯ᠎ᠤᠨ ᠦᠨ᠎ᠡ ᠬᠠᠩᠰᠢ 0.2% ᠵᠶ᠋ᠡᠷ ᠪᠠᠭᠤᠷᠠᠨ᠂ ᠪᠤᠰᠤᠳ ᠬᠡᠷᠡᠭᠯᠡᠬᠦ ᠵᠦᠢ᠍ᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 7.3%᠎ᠪᠠᠷ ᠥᠰᠴᠡᠢ᠃ 1 - 2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ 5.9%᠎ᠪᠠᠷ ᠪᠠᠭᠤᠷᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠣᠷᠣᠭᠤᠯᠬᠤ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ 4.5%᠎ᠪᠠᠷ ᠪᠠᠭᠤᠷᠠᠪᠠ᠃
      ᠶᠡᠷᠦᠩᠬᠡᠢ᠎ᠳᠤ᠎ᠨᠢ ᠠᠪᠴᠤ ᠦᠵᠡᠪᠡᠯ᠂ 1 - 2 ᠳ᠋ᠤᠭ᠋ᠠᠷ ᠰᠠᠷ᠎ᠠ᠎ᠳᠤ᠂ ᠡᠯ᠎ᠡ ᠵᠦᠢ᠍ᠯ᠎ᠤᠨ ᠬᠣᠷᠸ᠎ᠠ ᠲᠥᠷᠥ ᠵᠢᠨ ᠪᠣᠳᠣᠯᠭ᠎ᠠ ᠵᠢᠨ ᠬᠦᠴᠦᠨ ᠪᠠ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠬᠤ ᠵᠢ ᠳᠠᠭ᠋ᠠᠯᠳᠤᠨ᠂ ᠪᠥᠬᠥ ᠣᠷᠣᠨ᠎ᠤ ᠠᠵᠤ ᠠᠬᠤᠢ ᠵᠢᠨ ᠠᠵᠢᠯᠯᠠᠭ᠋ᠠᠨ ᠶᠡᠷᠦᠩᠬᠡᠢ᠎ᠳᠤ᠎ᠪᠠᠨ ᠲᠣᠭᠲᠠᠭᠤᠨ ᠪᠠᠢ᠌ᠵᠤ᠂ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠪᠦᠲᠦᠴᠡ ᠵᠢ᠎ᠨᠢ ᠲᠣᠬᠢᠷᠠᠭᠤᠯᠬᠤ ᠬᠠᠨᠳᠤᠰᠢ ᠥᠭᠡᠳᠡᠯᠡᠨ ᠰᠠᠢ᠌ᠵᠢᠷᠠᠪᠠ᠃ ᠭᠡᠪᠡᠴᠦ ᠣᠳᠣᠬᠠᠨ᠎ᠤ ᠳᠣᠲᠣᠭ᠋ᠠᠳᠤ ᠭᠠᠳᠠᠭ᠋ᠠᠳᠤ ᠵᠢᠨ ᠣᠷᠴᠢᠨ ᠨᠥᠬᠥᠴᠡᠯ ᠡᠭᠡᠳᠡᠷᠡᠭᠡᠨ ᠪᠤᠳᠤᠯᠢᠶᠠᠨᠲᠠᠢ᠂ ᠲᠣᠭᠲᠠᠭᠤᠨ ᠪᠤᠰᠤ ᠲᠣᠭᠲᠠᠭ᠋ᠠᠯᠲᠤ ᠪᠤᠰᠤ ᠬᠦᠴᠦᠨ ᠵᠦᠢ᠍ᠯ ᠮᠥᠨ ᠯᠡ ᠨᠡᠯᠢᠶᠡᠳ ᠤᠯᠠᠨ ᠪᠠᠢ᠌ᠵᠤ᠂ ᠠᠵᠤ ᠠᠬᠤᠢ ᠵᠢᠨ ᠰᠡᠷᠭᠦᠨ ᠰᠠᠢ᠌ᠵᠢᠷᠠᠬᠤ ᠰᠠᠭᠤᠷᠢ ᠵᠢ ᠪᠠᠰᠠ ᠤᠯᠠᠮ ᠨᠢᠭᠡ ᠠᠯᠬᠤᠮ ᠪᠡᠬᠢᠵᠢᠭᠦᠯᠬᠦ ᠴᠢᠬᠤᠯᠠᠲᠠᠢ ᠪᠠᠢ᠌ᠬᠤ ᠵᠢ ᠴᠤ᠌ ᠣᠯᠵᠤ ᠬᠠᠷᠠᠬᠤ ᠬᠡᠷᠡᠭᠲᠡᠢ᠃ ᠲᠠᠷᠠᠭ᠋ᠠᠴᠢ ᠵᠢᠨ ᠱᠠᠲᠤᠨ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯᠳᠤᠭ᠋ᠠᠨ ᠬᠢᠭᠡᠳ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠨ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ ᠨᠠᠷᠢᠯᠢᠭᠵᠢᠭᠤᠯᠵᠤ᠂ ᠥᠭᠡᠷᠡᠴᠢᠯᠡᠯᠲᠡ ᠬᠥᠭᠵᠢᠯᠲᠡ ᠵᠢᠨ ᠡᠯ᠎ᠡ ᠵᠦᠢ᠍ᠯ᠎ᠤᠨ ᠡᠭᠦᠷᠭᠡ ᠵᠢ ᠰᠠᠢ᠌ᠲᠤᠷ ᠠᠳᠬᠤᠨ᠂ ᠠᠵᠤ ᠠᠬᠤᠢ ᠵᠢᠨ ᠦᠷᠭᠦᠯᠵᠢᠯᠡᠨ ᠥᠭᠡᠳᠡᠯᠡᠨ ᠰᠠᠢ᠌ᠵᠢᠷᠠᠬᠤ ᠵᠢ ᠠᠬᠢᠭᠤᠯᠬᠤ ᠪᠣᠯᠣᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ