ᠰᠤᠷᠪᠤᠯᠵᠢᠯᠠᠭᠴᠢ ᠬᠥᠬᠡᠬᠣᠲᠠ ᠪᠣᠭᠣᠮᠲᠠ᠎ᠠᠴᠠ ᠣᠢ᠌ᠯᠠᠭ᠋ᠠᠭᠰᠠᠨ ᠵᠶ᠋ᠠᠷ᠂ ᠥᠨᠥ ᠵᠢᠯ᠎ᠤᠨ ᠨᠢᠭᠡᠳᠦᠭᠡᠷ ᠤᠯᠠᠷᠢᠯ᠎ᠳᠤ ᠥᠪᠥᠷ ᠮᠣᠩᠭᠣᠯ᠎ᠤᠨ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠪᠥᠬᠥ ᠥᠷᠲᠡᠭ ᠠᠷᠠᠳ᠎ᠤᠨ ᠵᠣᠭᠣᠰ ᠵᠶ᠋ᠠᠷ 477.1 ᠳ᠋ᠦᠩᠰᠢᠭᠤᠷ ᠲᠥᠭᠥᠷᠢᠭ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠲᠠᠢ ᠦᠨᠳᠦᠰᠦᠨ᠎ᠳᠤ᠎ᠪᠠᠨ ᠠᠳᠠᠯᠢ ᠪᠣᠯᠵᠠᠢ᠃ ᠡᠭᠦᠨ᠎ᠳᠤ ᠭᠠᠳᠠᠭ᠋ᠠᠳᠤ᠎ᠳᠤ ᠭᠠᠷᠭ᠋ᠠᠭᠰᠠᠨ᠎ᠨᠢ 187.7 ᠳ᠋ᠦᠩᠰᠢᠭᠤᠷ ᠲᠥᠭᠥᠷᠢᠭ ᠂ ᠭᠠᠳᠠᠭ᠋ᠠᠳᠤ᠎ᠠᠴᠠ ᠣᠷᠣᠭᠤᠯᠤᠭᠰᠠᠨ᠎ᠨᠢ 289.4 ᠳ᠋ᠦᠩᠰᠢᠭᠤᠷ ᠲᠥᠭᠥᠷᠢᠭ ᠪᠣᠯᠣᠨ᠎ᠠ ᠃
ᠣᠢ᠌ᠯᠠᠭ᠋ᠠᠭᠰᠠᠨ ᠵᠶ᠋ᠠᠷ᠂ ᠥᠪᠥᠷ ᠮᠣᠩᠭᠣᠯ᠎ᠤᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠳ᠎ᠤᠨ ᠭᠠᠳᠠᠭ᠋ᠠᠳᠤ ᠠᠷᠠᠯᠵᠢᠶᠠᠨ᠎ᠳᠤ ᠡᠵᠡᠯᠡᠬᠦ ᠭᠣᠣᠯ ᠬᠦᠴᠦᠨ᠎ᠤ ᠪᠠᠢ᠌ᠷᠢ ᠰᠠᠭᠤᠷᠢ ᠨᠢ ᠨᠠᠩ ᠪᠡᠬᠢᠵᠢᠵᠦ᠂ ᠢᠳᠡᠪᠬᠢᠵᠢᠯ ᠨᠢ ᠦᠷᠭᠦᠯᠵᠢᠯᠡᠨ ᠴᠢᠩᠭ᠋ᠠᠷᠠᠵᠠᠢ ᠃ ᠭᠠᠳᠠᠭ᠋ᠠᠳᠤ᠎ᠠᠴᠠ ᠣᠷᠣᠭᠤᠯᠤᠭᠰᠠᠨ ᠲᠠᠸᠠᠷᠤᠳᠤᠨ ᠲᠡᠷᠢᠭᠦᠨ᠎ᠳᠤ ᠯᠠᠪᠳᠠᠭᠤᠨ ᠵᠶ᠋ᠠᠷ ᠵᠢᠭᠰᠠᠭ᠋ᠠᠭᠳᠠᠭᠰᠠᠨ᠎ᠨᠢ ᠵᠡᠰ᠎ᠤᠨ ᠬᠦᠳᠡᠷ᠎ᠤᠨ ᠦᠢ᠍ᠷᠡᠮᠡᠭ ᠪᠣᠯᠣᠨ᠎ᠠ᠃ ᠲᠠᠷᠢᠶᠠᠯᠠᠩ᠎ᠤᠨ ᠪᠦᠲᠦᠭᠡᠭᠳᠡᠬᠦᠨᠨᠦᠭᠦᠳᠤᠨ ᠭᠠᠳᠠᠭ᠋ᠠᠳᠤ ᠭᠠᠷᠭ᠋ᠠᠯᠲᠠ ᠰᠠᠢ᠌ᠨ ᠡᠬᠢᠯᠡᠯᠲᠡ᠎ᠲᠠᠢ ᠪᠣᠯᠵᠤ᠂ ᠠᠵᠤ ᠦᠢ᠍ᠯᠡᠰ᠎ᠤᠨ ᠳᠠᠪᠠᠭᠤᠯᠢᠭ ᠢᠯᠡᠳᠲᠡ ᠴᠢᠩᠭ᠋ᠠᠷᠠᠪᠠ᠃
《 ᠶᠡᠷᠦᠩᠬᠡᠢ᠎ᠳᠤ᠎ᠨᠢ ᠦᠵᠡᠪᠡᠯ᠂ ᠥᠨᠥ ᠵᠢᠯ᠎ᠤᠨ ᠨᠢᠭᠡᠳᠦᠭᠡᠷ ᠤᠯᠠᠷᠢᠯ᠎ᠳᠤ ᠪᠥᠬᠥ ᠣᠷᠣᠨ᠎ᠤ ᠭᠠᠳᠠᠭ᠋ᠠᠳᠤ ᠠᠷᠠᠯᠵᠢᠶ᠎ᠠ ᠲᠣᠭᠲᠠᠭᠤᠨ ᠡᠬᠢᠯᠡᠯᠲᠡ᠎ᠲᠠᠢ ᠪᠠᠢ᠌ᠵᠤ ᠂ 3 ᠳ᠋ᠤᠭ᠋ᠠᠷ ᠰᠠᠷ᠎ᠠ᠎ᠳᠤ ᠭᠠᠳᠠᠭ᠋ᠠᠳᠤ᠎ᠠᠴᠠ ᠣᠷᠣᠭᠤᠯᠤᠭᠰᠠᠨ ᠪᠠ ᠭᠠᠳᠠᠭ᠋ᠠᠳᠤ᠎ᠳᠤ ᠭᠠᠷᠭ᠋ᠠᠭᠰᠠᠨ ᠬᠡᠮᠵᠢᠶ᠎ᠡ ᠴᠥᠮ ᠨᠡᠮᠡᠭᠳᠡᠵᠡᠢ᠃》 ᠬᠡᠮᠡᠨ ᠬᠥᠬᠡᠬᠣᠲᠠ ᠪᠣᠭᠣᠮᠲᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠲᠠᠨᠢᠯᠴᠠᠭᠤᠯᠪᠠ ᠃