ᠲᠤᠭ᠎ᠠ ᠪᠦᠷᠢᠳᠬᠡᠯ   -   ᠲᠤᠭ᠎ᠠ ᠪᠦᠷᠢᠳᠬᠡᠯ
1 - 4 ᠳ᠋ᠦ᠍ᠭᠡᠷ ᠰᠠᠷ᠎ᠠ᠎ᠳᠤ ᠥᠪᠥᠷ ᠮᠣᠩᠭᠣᠯ᠎ᠤᠨ ᠠᠵᠤ ᠠᠬᠤᠢ ᠵᠢᠨ ᠠᠵᠢᠯᠯᠠᠭ᠋ᠠᠨ ᠲᠣᠭᠲᠠᠭᠤᠨ ᠪᠠᠢ᠌ᠬᠤ᠎ᠪᠠᠨ ᠪᠠᠲᠤᠯᠠᠪᠠ
ᠨᠡᠶ᠋ᠢᠲᠡᠯᠡᠭᠰᠡᠨ ᠴᠠᠭ᠄ 2025-05-22

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶᠠᠨ᠎ᠤ 21᠎ᠤ ᠡᠳᠦᠷ᠎ᠤᠨ ᠮᠡᠳᠡᠭᠡ ᠵᠢ ᠦᠨᠳᠦᠰᠦᠯᠡᠪᠡᠯ᠂ 1 - 4 ᠳ᠋ᠦ᠍ᠭᠡᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 6.1%᠎ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠦᠭᠡᠢ) ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 18.8%᠎ᠪᠠᠷ ᠨᠡᠮᠡᠭᠳᠡᠵᠦ᠂ ᠨᠡᠢ᠌ᠭᠡᠮ᠎ᠤᠨ ᠬᠡᠷᠡᠭᠯᠡᠭᠡ ᠵᠢᠨ ᠵᠦᠢ᠍ᠯᠡᠰ᠎ᠢ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 6.9%᠎ᠪᠠᠷ ᠨᠡᠮᠡᠭᠳᠡᠵᠡᠢ᠃ ᠶᠡᠷᠦᠩᠬᠡᠢ᠎ᠳᠤ᠎ᠨᠢ ᠠᠪᠴᠤ ᠦᠵᠡᠪᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠲᠣᠭᠲᠠᠭᠤᠨ ᠪᠥᠭᠡᠳ ᠰᠠᠢ᠌ᠨ ᠬᠥᠭᠵᠢᠯᠲᠡ ᠵᠢᠨ ᠬᠠᠨᠳᠤᠰᠢ᠎ᠪᠠᠨ ᠦᠷᠭᠦᠯᠵᠢᠯᠡᠨ ᠪᠠᠲᠤᠯᠠᠵᠤ ᠪᠠᠢ᠌ᠨ᠎ᠠ᠃

 


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ