ᠲᠤᠭ᠎ᠠ ᠪᠦᠷᠢᠳᠬᠡᠯ   -   ᠲᠤᠭ᠎ᠠ ᠪᠦᠷᠢᠳᠬᠡᠯ
7 ᠪᠦᠯᠦᠭ ᠲᠣᠭ᠎ᠠ᠎ᠪᠠᠷ 5 ᠳ᠋ᠤᠭ᠋ᠠᠷ ᠰᠠᠷ᠎ᠠ᠎ᠳᠠᠬᠢ ᠳᠤᠮᠳᠠᠳᠤ ᠤᠯᠤᠰ᠎ᠤᠨ ᠠᠵᠤ ᠠᠬᠤᠢ ᠵᠢᠨ ᠪᠠᠢ᠌ᠳᠠᠯ᠎ᠢ ᠠᠵᠢᠭᠯᠠᠬᠤᠢ
ᠨᠡᠶ᠋ᠢᠲᠡᠯᠡᠭᠰᠡᠨ ᠴᠠᠭ᠄ 2025-06-17


  7 ᠪᠦᠯᠦᠭ ᠲᠣᠭ᠎ᠠ᠎ᠪᠠᠷ 5 ᠳ᠋ᠤᠭ᠋ᠠᠷ ᠰᠠᠷ᠎ᠠ᠎ᠳᠠᠬᠢ ᠳᠤᠮᠳᠠᠳᠤ ᠤᠯᠤᠰ᠎ᠤᠨ ᠠᠵᠤ ᠠᠬᠤᠢ ᠵᠢᠨ ᠪᠠᠢ᠌ᠳᠠᠯ᠎ᠢ ᠠᠵᠢᠭᠯᠠᠬᠤᠢ


  6 ᠳ᠋ᠤᠭ᠋ᠠᠷ ᠰᠠᠷ᠎ᠠ ᠵᠢᠨ 16᠎ᠤ ᠡᠳᠦᠷ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ 2025 ᠣᠨ᠎ᠤ 5 ᠳ᠋ᠤᠭ᠋ᠠᠷ ᠰᠠᠷ᠎ᠠ ᠵᠢᠨ ᠤᠯᠤᠰ ᠠᠷᠠᠳ᠎ᠤᠨ ᠠᠵᠤ ᠠᠬᠤᠢ ᠵᠢᠨ ᠠᠵᠢᠯᠯᠠᠭ᠋ᠠᠨ᠎ᠤ ᠪᠠᠢ᠌ᠳᠠᠯ᠎ᠢ ᠨᠡᠢ᠌ᠲᠡᠯᠡᠪᠡ᠃ ᠲᠣᠭ᠎ᠠ᠎ᠳᠤ ᠢᠯᠡᠷᠡᠭᠦᠯᠦᠭᠰᠡᠨ ᠵᠶ᠋ᠠᠷ᠂ 5 ᠳ᠋ᠤᠭ᠋ᠠᠷ ᠰᠠᠷ᠎ᠠ᠎ᠳᠠᠬᠢ ᠤᠯᠤᠰ ᠠᠷᠠᠳ᠎ᠤᠨ ᠠᠵᠤ ᠠᠬᠤᠢ ᠳᠠᠷᠤᠯᠲᠠ ᠵᠢ ᠲᠤᠯᠵᠤ ᠲᠣᠭᠲᠠᠭᠤᠨ ᠵᠶ᠋ᠠᠷ ᠠᠵᠢᠯᠯᠠᠨ᠂ ᠦᠢ᠍ᠯᠡᠳᠪᠦᠷᠢᠯᠡᠯ᠎ᠤᠨ ᠬᠡᠷᠡᠭᠴᠡᠭᠡ ᠲᠣᠭᠲᠠᠭᠤᠨ ᠵᠶ᠋ᠠᠷ ᠨᠡᠮᠡᠭᠳᠡᠵᠦ᠂ ᠠᠵᠢᠯ ᠣᠯᠭᠣᠯᠲᠠ ᠵᠢᠨ ᠪᠠᠢ᠌ᠳᠠᠯ ᠶᠡᠷᠦᠩᠬᠡᠢ᠎ᠳᠤ᠎ᠪᠠᠨ ᠲᠣᠭᠲᠠᠭᠤᠨ ᠪᠠᠢ᠌ᠵᠤ᠂ ᠰᠢᠨ᠎ᠡ ᠬᠦᠳᠡᠯᠭᠡᠭᠴᠢ ᠡᠨᠧᠷᠭᠢ ᠨᠡᠮᠡᠭᠳᠡᠨ ᠴᠢᠩᠭ᠋ᠠᠷᠠᠵᠤ᠂ ᠴᠢᠨᠠᠷ ᠰᠠᠢ᠌ᠲᠠᠢ ᠬᠥᠭᠵᠢᠯᠲᠡ ᠰᠢᠯᠢᠳᠡᠭᠵᠢᠨ ᠰᠢᠨᠡᠳᠪᠡ᠃ 

   ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠵᠦ᠂ ᠲᠣᠨᠣᠭ ᠲᠦᠬᠦᠭᠡᠷᠦᠮᠵᠢ ᠦᠢ᠍ᠯᠡᠳᠬᠦ ᠦᠢ᠍ᠯᠡᠰ ᠪᠠ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠨᠡᠯᠢᠶᠡᠳ ᠲᠦᠷᠭᠡᠨ ᠪᠠᠢ᠌ᠨ᠎ᠠ

  5 ᠳ᠋ᠤᠭ᠋ᠠᠷ ᠰᠠᠷ᠎ᠠ᠎ᠳᠤ᠂ ᠪᠥᠬᠥ ᠤᠯᠤᠰ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ ᠨᠡᠮᠡᠭᠳᠡᠵᠦ᠂ ᠬᠠᠷᠢᠴᠠᠭᠤᠯᠤᠭᠰᠠᠨ ᠵᠶ᠋ᠠᠷ 0.61%᠎ᠪᠠᠷ ᠨᠡᠮᠡᠭᠳᠡᠪᠡ 

   ᠭᠤᠷᠪᠠᠨ ᠶᠡᠬᠡ ᠲᠦᠷᠦᠯ ᠵᠶ᠋ᠠᠷ ᠠᠩᠭᠢᠯᠠᠨ ᠦᠵᠡᠪᠡᠯ

   ᠠᠭᠤᠷᠬᠠᠢ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.7%᠎ᠪᠠᠷ ᠨᠡᠮᠡᠭᠳᠡᠪᠡ 

   ᠦᠢ᠍ᠯᠡᠳᠬᠦ ᠦᠢ᠍ᠯᠡᠰ 6.2% ᠵᠶ᠋ᠠᠷ ᠨᠡᠮᠡᠭᠳᠡᠪᠡ 

   ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 2.2% ᠵᠶ᠋ᠠᠷ ᠨᠡᠮᠡᠭᠳᠡᠪᠡ 

   ᠲᠣᠨᠣᠭ ᠲᠦᠬᠦᠭᠡᠷᠦᠮᠵᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 9.0% ᠵᠶ᠋ᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ 8.6%᠎ᠪᠠᠷ ᠨᠡᠮᠡᠭᠳᠡᠨ᠂ ᠪᠥᠬᠥ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠠᠴᠠ ᠲᠣᠰ ᠲᠣᠰ 3.2 ᠪᠠ 2.8 ᠵᠠᠭᠤᠨ᠎ᠤ ᠴᠡᠭ ᠲᠦᠷᠭᠡᠨ ᠪᠠᠢ᠌ᠪᠠ

  1 - 5 ᠳ᠋ᠤᠭ᠋ᠠᠷ ᠰᠠᠷ᠎ᠠ᠎ᠳᠤ᠂ ᠪᠥᠬᠥ ᠤᠯᠤᠰ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6.3%᠎ᠪᠠᠷ ᠨᠡᠮᠡᠭᠳᠡᠪᠡ 

  5 ᠳ᠋ᠤᠭ᠋ᠠᠷ ᠰᠠᠷ᠎ᠠ᠎ᠳᠤ᠂ ᠦᠢ᠍ᠯᠡᠳᠬᠦ ᠦᠢ᠍ᠯᠡᠰ᠎ᠤᠨ ᠬᠤᠳᠠᠯᠳᠤᠨ ᠠᠪᠬᠤ ᠳᠠᠭ᠋ᠠᠭ᠋ᠠᠮᠠᠯ᠎ᠤᠨ ᠵᠢᠭ᠋ᠠᠯᠲᠠ ᠲᠣᠭ᠎ᠠ 49.5% ᠪᠠᠢ᠌ᠵᠤ᠂ ᠲᠦᠷᠦᠭᠦᠸ᠋ ᠰᠠᠷ᠎ᠠ ᠵᠢᠨ᠎ᠬᠢ᠎ᠠᠴᠠ 0.5 ᠵᠠᠭᠤᠨ᠎ᠤ ᠴᠡᠭ ᠳᠡᠭᠡᠭᠰᠢᠯᠡᠪᠡ; ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠋ᠠᠨ᠎ᠤ ᠵᠢᠱ᠌ᠢᠭᠰᠡᠨ ᠵᠢᠭ᠋ᠠᠯᠲᠠ ᠲᠣᠭ᠎ᠠ 52.5% ᠪᠠᠢ᠌ᠵᠤ᠂ 0.4 ᠵᠠᠭᠤᠨ᠎ᠤ ᠴᠡᠭ ᠳᠡᠭᠡᠭᠰᠢᠯᠡᠪᠡ 

   ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠲᠦᠷᠭᠡᠳᠴᠦ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ᠎ᠤᠨ ᠬᠠᠨᠳᠤᠰᠢ ᠰᠠᠢ᠌ᠨ ᠪᠠᠢ᠌ᠨ᠎ᠠ 

  5 ᠳ᠋ᠤᠭ᠋ᠠᠷ ᠰᠠᠷ᠎ᠠ᠎ᠳᠤ᠂ ᠪᠥᠬᠥ ᠤᠯᠤᠰ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠦᠢ᠍ᠯᠡᠳᠪᠦᠷᠢᠯᠡᠯ᠎ᠤᠨ ᠵᠢᠭ᠋ᠠᠯᠲᠠ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 6.2% ᠵᠶ᠋ᠠᠷ ᠨᠡᠮᠡᠭᠳᠡᠵᠦ᠂ ᠲᠦᠷᠦᠭᠦᠸ᠋ ᠰᠠᠷ᠎ᠠ ᠵᠢᠨ᠎ᠬᠢ᠎ᠠᠴᠠ 0.2 ᠵᠠᠭᠤᠨ᠎ᠤ ᠴᠡᠭ ᠲᠦᠷᠬᠡᠳᠪᠡ 

   ᠠᠵᠢᠯ ᠲᠥᠷᠥᠯ ᠵᠶ᠋ᠡᠷ ᠠᠩᠭᠢᠯᠠᠨ ᠦᠵᠡᠪᠡᠯ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠲᠦᠷᠢᠶᠡᠰᠦᠯᠡᠯ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠪᠥᠭᠡᠮ ᠵᠶ᠋ᠡᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠤᠨ ᠦᠢ᠍ᠯᠡᠳᠪᠦᠷᠢᠯᠡᠯ᠎ᠤᠨ ᠵᠢᠭ᠋ᠠᠯᠲᠠ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 11.2%᠂ 8.9%᠂ 8.4%᠎ᠪᠠᠷ ᠨᠡᠮᠡᠭᠳᠡᠵᠦ᠂ ᠲᠣᠰ ᠲᠣᠰ ᠦᠢ᠍ᠯᠡᠴᠢᠯᠡᠭᠡᠨ᠎ᠤ ᠦᠢ᠍ᠯᠡᠰ᠎ᠤᠨ ᠦᠢ᠍ᠯᠡᠳᠪᠦᠷᠢᠯᠡᠯ᠎ᠤᠨ ᠵᠢᠭ᠋ᠠᠯᠲᠠ ᠲᠣᠭ᠎ᠠ᠎ᠠᠴᠠ 5.0᠂ 2.7᠂ 2.2 ᠵᠠᠭᠤᠨ᠎ᠤ ᠴᠡᠭ ᠲᠦᠷᠭᠡᠨ ᠪᠠᠢ᠌ᠪᠠ 

  1 - 5 ᠳ᠋ᠤᠭ᠋ᠠᠷ ᠰᠠᠷ᠎ᠠ᠎ᠳᠤ᠂ ᠪᠥᠬᠥ ᠤᠯᠤᠰ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠦᠢ᠍ᠯᠡᠳᠪᠦᠷᠢᠯᠡᠯ᠎ᠤᠨ ᠵᠢᠭ᠋ᠠᠯᠲᠠ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 5.9%᠎ᠪᠠᠷ ᠨᠡᠮᠡᠭᠳᠡᠪᠡ 

  5 ᠳ᠋ᠤᠭ᠋ᠠᠷ ᠰᠠᠷ᠎ᠠ᠎ᠳᠤ᠂ ᠦᠢ᠍ᠯᠡᠴᠢᠯᠡᠭᠡᠨ᠎ᠤ ᠦᠢ᠍ᠯᠡᠰ᠎ᠤᠨ ᠬᠤᠳᠠᠯᠳᠤᠭ᠋ᠠᠨ᠎ᠤ ᠶᠠᠪᠤᠳᠠᠯ᠎ᠤᠨ ᠠᠵᠢᠯᠯᠠᠭ᠎ᠠ ᠵᠢᠨ ᠵᠢᠭ᠋ᠠᠯᠲᠠ ᠲᠣᠭ᠎ᠠ 50.2% ᠪᠠᠢ᠌ᠵᠤ᠂ ᠲᠦᠷᠦᠭᠦᠸ᠋ ᠰᠠᠷ᠎ᠠ ᠵᠢᠨ᠎ᠬᠢ᠎ᠠᠴᠠ 0.1 ᠵᠠᠭᠤᠨ᠎ᠤ ᠴᠡᠭ ᠳᠡᠭᠡᠭᠰᠢᠯᠡᠪᠡ; ᠦᠢ᠍ᠯᠡᠴᠢᠯᠡᠭᠡᠨ᠎ᠤ ᠦᠢ᠍ᠯᠡᠰ᠎ᠤᠨ ᠲᠤᠬᠠᠢ᠌ᠯᠠᠭᠰᠠᠨ ᠠᠵᠢᠯ᠎ᠤᠨ ᠠᠵᠢᠯᠯᠠᠭ᠎ᠠ ᠵᠢᠨ ᠵᠢᠱ᠌ᠢᠭᠰᠡᠨ ᠵᠢᠭ᠋ᠠᠯᠲᠠ ᠲᠣᠭ᠎ᠠ 56.5% ᠪᠠᠢ᠌ᠵᠤ᠂ 0.1 ᠵᠠᠭᠤᠨ᠎ᠤ ᠴᠡᠭ ᠳᠡᠭᠡᠭᠰᠢᠯᠡᠪᠡ 

   ᠵᠠᠬ᠎ᠠ ᠳᠡᠯᠭᠡᠭᠦᠷ᠎ᠤᠨ ᠪᠣᠷᠤᠯᠠᠭᠤᠯᠭ᠎ᠠ ᠢᠯᠡᠳᠲᠡ ᠳᠡᠭᠡᠭᠰᠢᠯᠡᠵᠦ ᠬᠠᠭᠤᠴᠢᠨ ᠵᠶ᠋ᠠᠷ ᠰᠢᠨ᠎ᠡ ᠵᠢ ᠰᠣᠯᠢᠬᠤ ᠬᠠᠮᠢᠶ᠎ᠠ ᠪᠦᠬᠦᠢ ᠲᠠᠸᠠᠷ ᠲᠦᠷᠭᠡᠨ ᠵᠶ᠋ᠡᠷ ᠨᠡᠮᠡᠭᠳᠡᠪᠡ 

  5 ᠳ᠋ᠤᠭ᠋ᠠᠷ ᠰᠠᠷ᠎ᠠ᠎ᠳᠤ᠂ ᠨᠡᠢ᠌ᠭᠡᠮ᠎ᠤᠨ ᠬᠡᠷᠡᠭᠯᠡᠭᠡ ᠵᠢᠨ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠥᠬᠥ ᠲᠣᠭ᠎ᠠ 41326 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 6.4%᠎ᠪᠠᠷ ᠨᠡᠮᠡᠭᠳᠡᠨ᠂ ᠲᠦᠷᠦᠭᠦᠸ᠋ ᠰᠠᠷ᠎ᠠ ᠵᠢᠨ᠎ᠬᠢ᠎ᠠᠴᠠ 1.3 ᠵᠠᠭᠤᠨ᠎ᠤ ᠴᠡᠭ ᠲᠦᠷᠭᠡᠳᠪᠡ; ᠬᠠᠷᠢᠴᠠᠭᠤᠯᠤᠭᠰᠠᠨ ᠵᠶ᠋ᠠᠷ 0.93%᠎ᠪᠠᠷ ᠨᠡᠮᠡᠭᠳᠡᠪᠡ 

   ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠦᠷᠭᠦᠯᠵᠢᠯᠡᠨ ᠢᠯᠡᠳᠲᠡ ᠦᠷ᠎ᠡ ᠪᠦᠲᠦᠮᠵᠢ ᠭᠠᠷᠭ᠋ᠠᠵᠤ᠂ ᠬᠢᠵᠠᠭ᠋ᠠᠷᠯᠠᠬᠤ ᠬᠡᠪᠴᠢᠶᠡᠨ᠎ᠠᠴᠠ ᠳᠠᠪᠠᠭᠰᠠᠨ ᠨᠢᠭᠡᠴᠢ ᠭᠡᠷ᠎ᠤᠨ ᠴᠠᠬᠢᠯᠭ᠋ᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠵᠢᠨ ᠪᠠᠭ᠋ᠠᠵᠢ ᠬᠡᠷᠡᠭᠰᠡᠯ᠎ᠤᠨ ᠲᠥᠷᠥᠯ᠂ ᠴᠢᠮᠡᠭᠡ ᠬᠣᠯᠪᠣᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ᠂ ᠰᠣᠶᠣᠯ ᠠᠯᠪᠠᠨ ᠬᠡᠷᠡᠭᠯᠡᠭᠡᠨ᠎ᠤ ᠬᠡᠷᠡᠭᠰᠡᠯ᠎ᠤᠨ ᠲᠥᠷᠥᠯ᠂ ᠭᠡᠷ᠎ᠤᠨ ᠬᠡᠷᠡᠭᠰᠡᠯ᠎ᠤᠨ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠣᠰ ᠲᠣᠰ 53.0%᠂ 33.0%᠂ 30.5%᠂ 25.6%᠎ᠪᠠᠷ ᠨᠡᠮᠡᠭᠳᠡᠪᠡ 

  1 - 5 ᠳ᠋ᠤᠭ᠋ᠠᠷ ᠰᠠᠷ᠎ᠠ᠎ᠳᠤ᠂ ᠨᠡᠢ᠌ᠭᠡᠮ᠎ᠤᠨ ᠬᠡᠷᠡᠭᠯᠡᠭᠡ ᠵᠢᠨ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠥᠬᠥ ᠲᠣᠭ᠎ᠠ 203171 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.0% ᠵᠶ᠋ᠡᠷ ᠨᠡᠮᠡᠭᠳᠡᠪᠡ 

   ᠪᠥᠬᠥ ᠤᠯᠤᠰ᠎ᠤᠨ ᠰᠦᠯᠵᠢᠶ᠎ᠡ᠎ᠪᠠᠷ ᠵᠢᠵᠢᠭᠯᠡᠨ ᠬᠤᠳᠠᠯᠳᠤᠭᠰᠠᠨ ᠲᠣᠭ᠎ᠠ 60402 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 8.5%᠎ᠪᠠᠷ ᠨᠡᠮᠡᠭᠳᠡᠪᠡ 

   ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠦᠷᠭᠦᠯᠵᠢᠯᠡᠨ ᠥᠷᠭᠡᠳᠴᠦ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ 

  1 - 5 ᠳ᠋ᠤᠭ᠋ᠠᠷ ᠰᠠᠷ᠎ᠠ᠎ᠳᠤ᠂ ᠪᠥᠬᠥ ᠤᠯᠤᠰ᠎ᠤᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠪᠠᠭᠲᠠᠬᠤ ᠦᠭᠡᠢ) 191947 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 3.7%᠎ᠪᠠᠷ ᠨᠡᠮᠡᠭᠳᠡᠪᠡ; ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ ᠵᠢᠨ ᠪᠡᠯᠡ ᠣᠷᠣᠭᠤᠯᠤᠯᠲᠠ ᠵᠢ ᠬᠠᠰᠤᠪᠠᠯ᠂ ᠪᠥᠬᠥ ᠤᠯᠤᠰ᠎ᠤᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ 7.7%᠎ᠪᠠᠷ ᠨᠡᠮᠡᠭᠳᠡᠪᠡ 

   ᠬᠦᠷᠢᠶ᠎ᠡ ᠴᠠᠷᠠᠭ᠎ᠠ᠎ᠪᠠᠷ ᠠᠩᠭᠢᠯᠠᠨ ᠦᠵᠡᠪᠡᠯ

   ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 5.6%᠎ᠪᠠᠷ ᠨᠡᠮᠡᠭᠳᠡᠪᠡ

   ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ 8.5%᠎ᠪᠠᠷ ᠨᠡᠮᠡᠭᠳᠡᠪᠡ 

   ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ ᠵᠢᠨ ᠪᠡᠯᠡ ᠣᠷᠣᠭᠤᠯᠤᠯᠲᠠ 10.7%᠎ᠪᠠᠷ ᠪᠠᠭᠤᠷᠠᠪᠠ 

   ᠠᠷᠠᠳ᠎ᠤᠨ ᠳᠤᠮᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠲᠠᠢ᠎ᠪᠠᠨ ᠲᠡᠩᠴᠡᠵᠦ᠂ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ ᠵᠢᠨ ᠪᠡᠯᠡ ᠣᠷᠣᠭᠤᠯᠤᠯᠲᠠ ᠵᠢ ᠬᠠᠰᠤᠪᠠᠯ᠂ ᠠᠷᠠᠳ᠎ᠤᠨ ᠳᠤᠮᠳᠠᠬᠢ ᠪᠡᠯᠡ ᠣᠷᠣᠭᠤᠯᠤᠯᠲᠠ 5.8%᠎ᠪᠠᠷ ᠨᠡᠮᠡᠭᠳᠡᠪᠡ 

  5 ᠳ᠋ᠤᠭ᠋ᠠᠷ ᠰᠠᠷ᠎ᠠ᠎ᠳᠤ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠪᠠᠭᠲᠠᠬᠤ ᠦᠭᠡᠢ) ᠬᠠᠷᠢᠴᠠᠭᠤᠯᠤᠭᠰᠠᠨ ᠵᠶ᠋ᠠᠷ 0.05%᠎ᠪᠠᠷ ᠨᠡᠮᠡᠭᠳᠡᠪᠡ 

   ᠪᠠᠷᠠᠭ᠎ᠠ ᠵᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠬᠡᠮᠵᠢᠶ᠎ᠡ ᠦᠷᠭᠦᠯᠵᠢᠯᠡᠨ ᠨᠡᠮᠡᠭᠳᠡᠵᠦ ᠠᠷᠠᠯᠵᠢᠶᠠᠨ᠎ᠤ ᠪᠦᠲᠦᠴᠡ ᠦᠷᠭᠦᠯᠵᠢᠯᠡᠨ ᠰᠢᠯᠢᠳᠡᠭᠵᠢᠪᠡ 

  5 ᠳ᠋ᠤᠭ᠋ᠠᠷ ᠰᠠᠷ᠎ᠠ᠎ᠳᠤ᠂ ᠪᠠᠷᠠᠭ᠎ᠠ ᠵᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠪᠦᠬᠦ ᠲᠣᠭ᠎ᠠ 38098 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 2.7%᠎ᠪᠠᠷ ᠨᠡᠮᠡᠭᠳᠡᠪᠡ 

  1 - 5 ᠳ᠋ᠤᠭ᠋ᠠᠷ ᠰᠠᠷ᠎ᠠ᠎ᠳᠤ᠂ ᠪᠠᠷᠠᠭ᠎ᠠ ᠵᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠪᠥᠬᠥ ᠲᠣᠭ᠎ᠠ 179449 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 2.5%᠎ᠪᠠᠷ ᠨᠡᠮᠡᠭᠳᠡᠪᠡ 

   ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠬᠡᠮᠵᠢᠶ᠎ᠡ 7.0% ᠵᠶ᠋ᠠᠷ ᠨᠡᠮᠡᠭᠳᠡᠵᠦ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠪᠥᠬᠥ ᠲᠣᠭ᠋ᠠᠨ᠎ᠳᠤ ᠡᠵᠡᠯᠡᠬᠦ ᠬᠤᠪᠢ ᠵᠢᠨ ᠵᠢᠩ᠎ᠨᠢ 57.1% ᠪᠠᠢ᠌ᠵᠤ᠂ ᠲᠦᠷᠦᠭᠦᠸ᠋ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 2.4 ᠵᠠᠭᠤᠨ᠎ᠤ ᠴᠡᠭ ᠳᠡᠭᠡᠭᠰᠢᠯᠡᠪᠡ 

   ᠠᠵᠢᠯ ᠣᠯᠭᠣᠯᠲᠠ ᠵᠢᠨ ᠪᠠᠢ᠌ᠳᠠᠯ ᠶᠡᠷᠦᠩᠬᠡᠢ᠎ᠳᠤ᠎ᠪᠠᠨ ᠲᠣᠭᠲᠠᠭᠤᠨ ᠪᠠᠢ᠌ᠵᠤ ᠬᠣᠲᠠ ᠪᠠᠯᠭ᠋ᠠᠰᠤᠨ᠎ᠤ ᠪᠠᠢ᠌ᠴᠠᠭ᠋ᠠᠯᠲᠠ᠎ᠳᠠᠬᠢ ᠠᠵᠢᠯ ᠠᠯᠳᠠᠯᠲᠠ ᠵᠢᠨ ᠨᠣᠷᠮ᠎ᠠ ᠪᠠᠭᠤᠷᠠᠪᠠ 

  1 - 5 ᠳ᠋ᠤᠭ᠋ᠠᠷ ᠰᠠᠷ᠎ᠠ᠎ᠳᠤ᠂ ᠪᠥᠬᠥ ᠤᠯᠤᠰ᠎ᠤᠨ ᠬᠣᠲᠠ ᠪᠠᠯᠭ᠋ᠠᠰᠤᠨ᠎ᠤ ᠪᠠᠢ᠌ᠴᠠᠭ᠋ᠠᠯᠲᠠ᠎ᠳᠠᠬᠢ ᠠᠵᠢᠯ ᠠᠯᠳᠠᠯᠲᠠ ᠵᠢᠨ ᠨᠣᠷᠮ᠎ᠠ ᠵᠢᠨ ᠳᠤᠮᠳᠠᠴᠢ ᠥᠷᠲᠡᠭ᠎ᠨᠢ 5.2% ᠪᠣᠯᠣᠨ᠎ᠠ 

  5 ᠳ᠋ᠤᠭ᠋ᠠᠷ ᠰᠠᠷ᠎ᠠ᠎ᠳᠤ᠂ ᠪᠥᠬᠥ ᠤᠯᠤᠰ᠎ᠤᠨ ᠬᠣᠲᠠ ᠪᠠᠯᠭ᠋ᠠᠰᠤᠨ᠎ᠤ ᠪᠠᠢ᠌ᠴᠠᠭ᠋ᠠᠯᠲᠠ᠎ᠳᠠᠬᠢ ᠠᠵᠢᠯ ᠠᠯᠳᠠᠯᠲᠠ ᠵᠢᠨ ᠨᠣᠷᠮ᠎ᠠ 5.0% ᠪᠠᠢ᠌ᠵᠤ᠂ ᠲᠦᠷᠦᠭᠦᠸ᠋ ᠰᠠᠷ᠎ᠠ ᠵᠢᠨ᠎ᠬᠢ᠎ᠠᠴᠠ 0.1 ᠵᠠᠭᠤᠨ᠎ᠤ ᠴᠡᠭ ᠪᠠᠭᠤᠷᠠᠪᠠ 

  31 ᠶᠡᠬᠡ ᠬᠣᠲᠠ ᠵᠢᠨ ᠬᠣᠲᠠ ᠪᠠᠯᠭ᠋ᠠᠰᠤᠨ᠎ᠤ ᠪᠠᠢ᠌ᠴᠠᠭ᠋ᠠᠯᠲᠠ᠎ᠳᠠᠬᠢ ᠠᠵᠢᠯ ᠠᠯᠳᠠᠯᠲᠠ ᠵᠢᠨ ᠨᠣᠷᠮ᠎ᠠ 5.0% ᠪᠠᠢ᠌ᠵᠤ᠂ ᠲᠦᠷᠦᠭᠦᠸ᠋ ᠰᠠᠷ᠎ᠠ ᠵᠢᠨ᠎ᠬᠢ᠎ᠠᠴᠠ 0.1 ᠵᠠᠭᠤᠨ᠎ᠤ ᠴᠡᠭ ᠪᠠᠭᠤᠷᠠᠪᠠ 

   ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠳᠣᠣᠷ᠎ᠠ ᠪᠠᠢ᠌ᠷᠢᠨ᠎ᠳᠠᠬᠢ ᠠᠵᠢᠯᠯᠠᠭ᠋ᠠᠨ᠎ᠤ ᠭᠣᠣᠯᠯᠠᠬᠤ CPI ᠠᠯᠭᠤᠷᠬᠠᠨ ᠳᠡᠭᠡᠭᠰᠢᠯᠡᠪᠡ 

  5 ᠳ᠋ᠤᠭ᠋ᠠᠷ ᠰᠠᠷ᠎ᠠ᠎ᠳᠤ᠂ ᠪᠥᠬᠥ ᠤᠯᠤᠰ᠎ᠤᠨ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ (CPI) ᠠᠳᠠᠯᠢ ᠬᠤᠭᠤᠴᠠᠭ᠋ᠠᠨ᠎ᠤ᠎ᠬᠢ᠎ᠠᠴᠠ 0.1%᠎ᠪᠠᠷ ᠪᠠᠭᠤᠷᠠᠵᠤ᠂ ᠬᠠᠷᠢᠴᠠᠭᠤᠯᠤᠭᠰᠠᠨ ᠵᠶ᠋ᠠᠷ 0.2% ᠵᠶ᠋ᠠᠷ ᠪᠠᠭᠤᠷᠠᠪᠠ 

   ᠢᠳᠡᠭᠡᠨ᠎ᠤ ᠵᠦᠢ᠍ᠯ ᠪᠠ ᠡᠨᠧᠷᠭᠢ ᠵᠢᠨ ᠦᠨ᠎ᠡ ᠬᠠᠩᠰᠢ ᠵᠢ ᠬᠠᠰᠤᠭᠰᠠᠨ᠎ᠤ ᠳᠠᠷᠠᠭ᠋ᠠᠬᠢ ᠭᠣᠣᠯᠯᠠᠬᠤ CPI ᠠᠳᠠᠯᠢ ᠬᠤᠭᠤᠴᠠᠭ᠋ᠠᠨ᠎ᠤ᠎ᠬᠢ᠎ᠠᠴᠠ 0.6%᠎ᠪᠠᠷ ᠥᠰᠴᠦ᠂ ᠥᠰᠦᠯᠲᠡ ᠵᠢᠨ ᠬᠡᠮᠵᠢᠶ᠎ᠡ᠎ᠨᠢ ᠲᠦᠷᠦᠭᠦᠸ᠋ ᠰᠠᠷ᠎ᠠ ᠵᠢᠨ᠎ᠬᠢ᠎ᠠᠴᠠ 0.1 ᠵᠠᠭᠤᠨ᠎ᠤ ᠴᠡᠭ ᠥᠷᠭᠡᠳᠴᠡᠢ 

  5 ᠳ᠋ᠤᠭ᠋ᠠᠷ ᠰᠠᠷ᠎ᠠ᠎ᠳᠤ᠂ ᠪᠥᠬᠥ ᠤᠯᠤᠰ᠎ᠤᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠭᠰᠠᠨ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ 3.3%᠎ᠪᠠᠷ ᠪᠠᠭᠤᠷᠠᠵᠤ᠂ ᠬᠠᠷᠢᠴᠠᠭᠤᠯᠤᠭᠰᠠᠨ ᠵᠶ᠋ᠠᠷ 0.4%᠎ᠪᠠᠷ ᠪᠠᠭᠤᠷᠠᠪᠠ 

   ᠪᠥᠬᠥ ᠤᠯᠤᠰ᠎ᠤᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠣᠷᠣᠭᠤᠯᠤᠭᠰᠠᠨ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ 3.6%᠎ᠪᠠᠷ ᠪᠠᠭᠤᠷᠠᠵᠤ᠂ ᠬᠠᠷᠢᠴᠠᠭᠤᠯᠤᠭᠰᠠᠨ ᠵᠶ᠋ᠠᠷ 0.6%᠎ᠪᠠᠷ ᠪᠠᠭᠤᠷᠠᠪᠠ 

   ᠳᠠᠷᠠᠭ᠋ᠠᠴᠢ ᠵᠢᠨ ᠱᠠᠲᠤᠨ᠎ᠳᠤ

   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ᠂ ᠲᠣᠭᠲᠠᠭᠤᠨ ᠪᠠᠢ᠌ᠯᠭ᠋ᠠᠬᠤ ᠵᠢᠨ ᠳᠠᠭ᠋ᠠᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ᠂ ᠤᠯᠤᠰ᠎ᠤᠨ ᠳᠣᠲᠣᠭ᠋ᠠᠳᠤ ᠵᠢᠨ ᠠᠵᠤ ᠠᠬᠤᠢ ᠵᠢᠨ ᠠᠵᠢᠯ ᠪᠠ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠲᠡᠮᠡᠴᠡᠯ᠎ᠢ ᠨᠢᠭᠡᠳᠦᠯᠲᠡᠢ ᠲᠦᠯᠦᠪᠯᠡᠵᠦ᠂ ᠥᠪᠡᠷ᠎ᠤᠨ ᠠᠵᠢᠯ ᠶᠠᠪᠤᠳᠠᠯ ᠵᠶ᠋ᠠᠨ ᠡᠷᠡᠰ ᠭᠤᠢ᠌ᠪᠢᠰᠢ ᠦᠭᠡᠢ ᠰᠠᠢ᠌ᠲᠤᠷ ᠬᠢᠵᠦ᠂ ᠳᠣᠲᠣᠭ᠋ᠠᠳᠤ ᠬᠡᠷᠡᠭᠴᠡᠭᠡ᠎ᠪᠠᠨ ᠥᠷᠭᠡᠳᠬᠡᠬᠦ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ ᠵᠶ᠋ᠡᠨ ᠬᠦᠴᠦᠷᠬᠡᠭᠵᠢᠭᠦᠯᠬᠦ ᠵᠢ ᠨᠡᠩ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠠᠵᠢᠯ ᠣᠯᠭᠣᠯᠲᠠ ᠪᠠ ᠠᠵᠤ ᠠᠬᠤᠢ ᠵᠢ ᠬᠦᠴᠦᠯᠡᠨ ᠲᠣᠭᠲᠠᠪᠤᠷᠢᠵᠢᠭᠤᠯᠵᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠂ ᠠᠵᠤ ᠠᠬᠤᠢ ᠵᠢᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠲᠦᠯᠬᠢᠨ ᠠᠬᠢᠭᠤᠯᠤᠨ᠎ᠠ᠃ 


ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ