1 - 5 ᠳ᠋ᠤᠭ᠋ᠠᠷ ᠰᠠᠷ᠎ᠠ᠎ᠳᠠᠬᠢ ᠥᠪᠥᠷ ᠮᠣᠩᠭᠣᠯ᠎ᠤᠨ ᠠᠵᠤ ᠠᠬᠤᠢ ᠵᠢᠨ ᠪᠠᠢ᠌ᠳᠠᠯ ᠲᠣᠭᠲᠠᠭᠤᠨ ᠨᠡᠮᠡᠭᠳᠡᠯ ᠵᠶ᠋ᠠᠨ ᠪᠠᠲᠤᠯᠠᠪᠠ
(2025 ᠣᠨ᠎ᠤ 6 ᠳ᠋ᠤᠭ᠋ᠠᠷ ᠰᠠᠷ᠎ᠠ ᠵᠢᠨ 18᠎ᠤ ᠡᠳᠦᠷ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶᠠᠨ᠎ᠤ ᠥᠪᠥᠷ ᠮᠣᠩᠭᠣᠯ᠎ᠳᠠᠬᠢ ᠪᠠᠢ᠌ᠴᠠᠭ᠋ᠠᠯᠲᠠ ᠵᠢᠨ ᠶᠡᠷᠦᠩᠬᠡᠢ ᠠᠩᠭᠢ
1 - 5 ᠳ᠋ᠤᠭ᠋ᠠᠷ ᠰᠠᠷ᠎ᠠ᠎ᠳᠤ᠂ ᠣᠷᠣᠨ ᠳᠠᠶᠠᠭ᠋ᠠᠷ ᠵᠶ᠋ᠠᠷ ᠵᠶ᠋ᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠬᠦ ᠵᠢᠨ ᠲᠣᠭᠣᠷᠢᠨ᠎ᠳᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠤ ᠠᠬᠤᠢ᠌ᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ ᠵᠢ ᠲᠣᠭᠲᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠦᠪᠯᠡᠷᠡᠭᠦᠯᠦᠨ᠂ ᠭᠠᠳᠠᠭ᠋ᠠᠳᠤ ᠣᠷᠴᠢᠨ ᠨᠦᠬᠦᠴᠡᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠡᠯ᠎ᠡ ᠵᠦᠢ᠍ᠯ᠎ᠤᠨ ᠬᠣᠷᠸ᠎ᠠ ᠲᠥᠷᠥ ᠵᠢᠨ ᠪᠣᠳᠣᠯᠭ᠎ᠠ ᠵᠢ ᠬᠦᠴᠦᠯᠡᠨ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠠᠵᠤ ᠠᠬᠤᠢ ᠵᠢᠨ ᠠᠵᠢᠯᠯᠠᠭ᠋ᠠᠨ ᠶᠡᠷᠦᠩᠬᠡᠢ᠎ᠳᠤ᠎ᠪᠠᠨ ᠲᠣᠭᠲᠠᠭᠤᠨ ᠪᠠᠢ᠌ᠵᠤ᠂ ᠲᠣᠭᠲᠠᠭᠤᠨ ᠵᠶ᠋ᠠᠷ ᠨᠡᠮᠡᠭᠳᠡᠬᠦ ᠬᠠᠨᠳᠤᠰᠢ᠎ᠪᠠᠨ ᠦᠷᠭᠦᠯᠵᠢᠯᠡᠭᠦᠯᠪᠡ᠃
ᠨᠢᠭᠡ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠵᠦ᠂ ᠲᠡᠷᠢᠭᠦᠨ᠎ᠤ ᠦᠢ᠍ᠯᠡᠳᠬᠦ ᠦᠢ᠍ᠯᠡᠰ ᠨᠡᠮᠡᠭᠳᠡᠯ᠎ᠢ ᠬᠥᠲᠥᠯᠥᠨ ᠳᠠᠭ᠋ᠠᠭᠤᠯᠪᠠ
1 - 5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6.5%᠎ᠪᠠᠷ ᠨᠡᠮᠡᠭᠳᠡᠪᠡ᠃ ᠭᠤᠷᠪᠠᠨ ᠶᠡᠬᠡ ᠲᠦᠷᠦᠯ ᠵᠶ᠋ᠡᠷ ᠠᠩᠭᠢᠯᠠᠨ ᠦᠵᠡᠪᠡᠯ᠂ ᠠᠭᠤᠷᠬᠠᠢ ᠮᠠᠯᠲᠠᠬᠤ ᠦᠢ᠍ᠯᠡᠰ᠎ᠤᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 5.1%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ 9.1%᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 5.5%᠎ᠪᠠᠷ ᠨᠡᠮᠡᠭᠳᠡᠵᠡᠢ᠃ ᠲᠣᠨᠣᠭ ᠲᠦᠬᠦᠭᠡᠷᠦᠮᠵᠢ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 23.2% ᠵᠶ᠋ᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ 16.5%᠎ᠪᠠᠷ ᠨᠡᠮᠡᠭᠳᠡᠪᠡ᠃ ᠠᠵᠤ ᠠᠬᠤᠢ ᠵᠢᠨ ᠲᠥᠷᠥᠯ ᠵᠦᠢ᠍ᠯ ᠵᠶ᠋ᠡᠷ ᠠᠩᠭᠢᠯᠠᠨ ᠦᠵᠡᠪᠡᠯ᠂ ᠤᠯᠤᠰ᠎ᠤᠨ ᠦᠮᠴᠢᠯᠡᠯᠲᠦ ᠬᠤᠪᠢ ᠡᠵᠡᠮᠳᠡᠭᠰᠡᠨ ᠠᠵᠤ ᠠᠬᠤᠢ᠌ᠯᠠᠯ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6.2% ᠵᠶ᠋ᠠᠷ ᠨᠡᠮᠡᠭᠳᠡᠪᠡ; ᠬᠤᠪᠢᠴᠠᠭ᠋ᠠᠲᠤ ᠳᠦᠷᠢᠮᠲᠦ ᠠᠵᠤ ᠠᠬᠤᠢ᠌ᠯᠠᠯ 6.3%᠎ᠪᠠᠷ ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠰᠢᠶᠠᠩᠭ᠋ᠠᠩ ᠣᠣᠮᠧᠨ ᠲᠠᠢ᠌ᠸᠠᠨ᠎ᠤ ᠪᠡᠯᠡ ᠣᠷᠣᠭᠤᠯᠤᠭᠰᠠᠨ ᠠᠵᠤ ᠠᠬᠤᠢ᠌ᠯᠠᠯ 8.2% ᠵᠶ᠋ᠠᠷ ᠨᠡᠮᠡᠭᠳᠡᠪᠡ; ᠬᠤᠪᠢ ᠵᠢᠨ ᠡᠵᠡᠩᠨᠡᠯᠲᠡ ᠵᠢᠨ ᠠᠵᠤ ᠠᠬᠤᠢ᠌ᠯᠠᠯ 3.0% ᠵᠶ᠋ᠡᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠭᠣᠣᠯ ᠦᠢ᠍ᠯᠡᠳᠬᠦᠨ᠎ᠤ ᠭᠠᠷᠤᠯᠲᠠ᠎ᠠᠴᠠ ᠦᠵᠡᠪᠡᠯ᠂ ᠲᠦᠭᠦᠬᠡᠢ ᠨᠡᠭᠦᠷᠡᠰᠦᠨ᠎ᠤ ᠭᠠᠷᠤᠯᠲᠠ 5.3 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 0.9%᠎ᠪᠠᠷ ᠨᠡᠮᠡᠭᠳᠡᠪᠡ; ᠴᠠᠬᠢᠯᠭ᠋ᠠᠨ ᠭᠠᠷᠭ᠋ᠠᠭᠰᠠᠨ ᠬᠡᠮᠵᠢᠶ᠎ᠡ 3352.8 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ 2.2%% ᠵᠶ᠋ᠠᠷ ᠨᠡᠮᠡᠭᠳᠡᠪᠡ᠃ ᠡᠭᠦᠨ᠎ᠳᠤ᠂ ᠰᠠᠯᠬᠢᠨ᠎ᠤ ᠬᠦᠴᠦ᠎ᠪᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ 925.7 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ 31.1%%᠎ᠪᠠᠷ ᠨᠡᠮᠡᠭᠳᠡᠪᠡ; ᠲᠡᠮᠦᠷ᠎ᠤᠨ ᠬᠠᠢ᠌ᠯᠤᠰᠢ ᠵᠢᠨ ᠭᠠᠷᠤᠯᠲᠠ 719.1 ᠲᠦᠮᠡᠨ ᠲᠣᠨ᠎ᠳᠤ ᠬᠦᠷᠴᠦ᠂ 14.7%%᠎ᠪᠠᠷ ᠨᠡᠮᠡᠭᠳᠡᠪᠡ; ᠪᠣᠯᠣᠳ ᠮᠠᠲ᠋ᠧᠷᠢᠶᠠᠯ᠎ᠤᠨ ᠭᠠᠷᠤᠯᠲᠠ 1466.9 ᠲᠦᠮᠡᠨ ᠲᠣᠨ᠎ᠳᠤ ᠬᠦᠷᠴᠦ᠂ 4.2%% ᠵᠶ᠋ᠠᠷ ᠨᠡᠮᠡᠭᠳᠡᠪᠡ; ᠮᠠᠰᠢᠨ ᠲᠡᠷᠭᠡᠨ᠎ᠤ ᠭᠠᠷᠤᠯᠲᠠ 4.5 ᠲᠦᠮᠡ᠎ᠳᠤ ᠬᠦᠷᠴᠦ᠂ 33.7%%᠎ᠪᠠᠷ ᠨᠡᠮᠡᠭᠳᠡᠪᠡ᠃ 1 - 4 ᠳ᠋ᠦ᠍ᠭᠡᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ 9223.8 ᠳ᠋ᠦᠩᠰᠢᠭᠤᠷ ᠲᠥᠭᠥᠷᠢᠭ᠎ᠲᠤ ᠬᠦᠷᠴᠦ᠂ ᠠᠰᠢᠭ ᠬᠣᠨᠵᠢᠪᠤᠷᠢ ᠵᠢᠨ ᠶᠡᠷᠦᠩᠬᠡᠢ ᠲᠣᠭ᠎ᠠ 931.4 ᠳ᠋ᠦᠩᠰᠢᠭᠤᠷ ᠲᠥᠭᠥᠷᠢᠭ᠎ᠲᠤ ᠬᠥᠷᠪᠡ᠃
ᠬᠣᠶᠠᠷ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠵᠦ᠂ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢᠨ ᠨᠡᠮᠡᠭᠳᠡᠯ ᠨᠡᠯᠢᠶᠡᠳ ᠲᠦᠷᠭᠡᠨ ᠪᠣᠯᠪᠠ
1 - 5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠪᠠᠭᠲᠠᠬᠤ ᠦᠭᠡᠢ) ᠠᠳᠠᠯᠢ ᠬᠤᠭᠤᠴᠠᠭ᠋ᠠᠨ᠎ᠤ᠎ᠬᠢ᠎ᠠᠴᠠ 15.6%᠎ᠪᠠᠷ ᠨᠡᠮᠡᠭᠳᠡᠪᠡ᠃ ᠬᠦᠷᠢᠶ᠎ᠡ ᠴᠠᠷᠠᠭ᠎ᠠ᠎ᠪᠠᠷ᠎ᠨᠢ ᠠᠩᠭᠢᠯᠠᠨ ᠦᠵᠡᠪᠡᠯ᠂ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 33.2% ᠵᠶ᠋ᠠᠷ ᠨᠡᠮᠡᠭᠳᠡᠵᠦ᠂ ᠠᠵᠤ ᠦᠢ᠍ᠯᠡᠳᠪᠦᠷᠢ ᠵᠢᠨ ᠪᠡᠯᠡ ᠣᠷᠣᠭᠤᠯᠤᠯᠲᠠ 15.2% ᠵᠶ᠋ᠠᠷ ᠨᠡᠮᠡᠭᠳᠡᠵᠦ᠂ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ ᠵᠢᠨ ᠪᠡᠯᠡ ᠣᠷᠣᠭᠤᠯᠤᠯᠲᠠ 0.5% ᠵᠶ᠋ᠠᠷ ᠪᠠᠭᠤᠷᠠᠵᠠᠢ᠃ ᠠᠵᠤ ᠦᠢ᠍ᠯᠡᠰ ᠵᠶ᠋ᠡᠷ ᠠᠩᠭᠢᠯᠠᠨ ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 34.2% ᠵᠶ᠋ᠠᠷ ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ 15.2% ᠵᠶ᠋ᠠᠷ ᠨᠡᠮᠡᠭᠳᠡᠵᠦ᠂ ᠭᠤᠷᠪᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ 13.3%᠎ᠪᠠᠷ ᠨᠡᠮᠡᠭᠳᠡᠵᠡᠢ᠃ ᠠᠷᠠᠳ᠎ᠤᠨ ᠳᠤᠮᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 5.0% ᠵᠶ᠋ᠠᠷ ᠨᠡᠮᠡᠭᠳᠡᠪᠡ᠃
ᠭᠤᠷᠪᠠ᠂ ᠬᠡᠷᠡᠭᠯᠡᠭᠡ ᠵᠢᠨ ᠬᠡᠷᠡᠭᠴᠡᠭᠡ ᠱᠠᠭ᠋ᠠᠷᠳᠠᠯᠭ᠎ᠠ ᠦᠷᠭᠦᠯᠵᠢᠯᠡᠨ ᠨᠡᠮᠡᠭᠳᠡᠵᠦ᠂ ᠬᠠᠭᠤᠴᠢᠨ ᠵᠶ᠋ᠠᠷ ᠰᠢᠨ᠎ᠡ ᠵᠢ ᠰᠣᠯᠢᠬᠤ ᠬᠠᠮᠢᠶ᠎ᠠ ᠪᠦᠬᠦᠢ ᠲᠠᠸᠠᠷ᠎ᠤᠨ ᠨᠡᠮᠡᠭᠳᠡᠯ ᠡᠷᠴᠢᠮ᠎ᠲᠠᠢ ᠪᠣᠯᠪᠠ
1 - 5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠨᠡᠢ᠌ᠭᠡᠮ᠎ᠤᠨ ᠬᠡᠷᠡᠭᠯᠡᠭᠡ ᠵᠢᠨ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ 2073.2 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.2% ᠵᠶ᠋ᠠᠷ ᠨᠡᠮᠡᠭᠳᠡᠪᠡ᠃ ᠡᠵᠡᠩᠨᠡᠯᠲᠡ ᠵᠢᠨ ᠨᠢᠭᠡᠴᠢ ᠵᠢᠨ ᠪᠠᠢ᠌ᠭ᠎ᠠ ᠭᠠᠵᠠᠷ ᠵᠶ᠋ᠠᠷ ᠠᠩᠭᠢᠯᠠᠪᠠᠯ᠂ ᠬᠣᠲᠠ ᠪᠠᠯᠭ᠋ᠠᠰᠤᠨ᠎ᠤ ᠬᠡᠷᠡᠭᠯᠡᠭᠡ ᠵᠢᠨ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 7.1%᠎ᠪᠠᠷ ᠨᠡᠮᠡᠭᠳᠡᠵᠦ᠂ ᠬᠥᠳᠡᠭᠡ ᠲᠣᠰᠬᠣᠨ᠎ᠤ ᠬᠡᠷᠡᠭᠯᠡᠭᠡ ᠵᠢᠨ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 7.9%᠎ᠪᠠᠷ ᠨᠡᠮᠡᠭᠳᠡᠵᠡᠢ᠃ ᠬᠡᠷᠡᠭᠯᠡᠭᠡ ᠵᠢᠨ ᠲᠥᠷᠥᠯ ᠬᠡᠯᠪᠡᠷᠢ᠎ᠪᠠᠷ ᠠᠩᠭᠢᠯᠠᠪᠠᠯ᠂ ᠢᠳᠡᠭᠡᠨ ᠤᠮᠳᠠᠭ᠋ᠠᠨ᠎ᠤ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 4.1%᠎ᠪᠠᠷ ᠨᠡᠮᠡᠭᠳᠡᠵᠦ᠂ ᠲᠠᠸᠠᠷ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 7.6%᠎ᠪᠠᠷ ᠨᠡᠮᠡᠭᠳᠡᠵᠡᠢ᠃ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠦᠷᠦ ᠵᠢᠨ ᠪᠣᠳᠣᠯᠭ᠎ᠠ ᠦᠷᠭᠦᠯᠵᠢᠯᠡᠨ ᠢᠯᠡᠳᠲᠡ ᠦᠷ᠎ᠡ ᠪᠦᠲᠦᠮᠵᠢ ᠭᠠᠷᠭ᠋ᠠᠵᠤ᠂ ᠬᠢᠵᠠᠭ᠋ᠠᠷᠯᠠᠬᠤ ᠬᠡᠪᠴᠢᠶᠡᠨ᠎ᠠᠴᠠ ᠳᠠᠪᠠᠭᠰᠠᠨ ᠨᠢᠭᠡᠴᠢ ᠮᠠᠰᠢᠨ ᠲᠡᠷᠭᠡᠨ᠎ᠤ ᠲᠦᠷᠦᠯ᠂ ᠭᠡᠷ᠎ᠤᠨ ᠴᠠᠬᠢᠯᠭ᠋ᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠵᠢᠨ ᠪᠠᠭ᠋ᠠᠵᠢ ᠬᠡᠷᠡᠭᠰᠡᠯ᠎ᠤᠨ ᠲᠦᠷᠦᠯ᠂ ᠴᠢᠮᠡᠭᠡ ᠬᠣᠯᠪᠣᠭ᠋ᠠᠨ᠎ᠤ ᠪᠠᠭ᠋ᠠᠵᠢ ᠬᠡᠷᠡᠭᠰᠡᠯ᠎ᠤᠨ ᠲᠦᠷᠦᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠤᠰ ᠲᠤᠰ 20.9%᠂ 30.1% ᠪᠠ 89.3%᠎ᠪᠠᠷ ᠨᠡᠮᠡᠭᠳᠡᠪᠡ᠃ ᠡᠭᠦᠨ᠎ᠳᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ 65.8%᠎ᠪᠠᠷ ᠨᠡᠮᠡᠭᠳᠡᠪᠡ᠃
ᠳᠥᠷᠪᠡ᠂ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠪᠠᠭᠤᠷᠠᠯᠲᠠ ᠵᠢᠨ ᠬᠡᠮᠵᠢᠶ᠎ᠡ ᠪᠠᠭ᠋ᠠᠰᠴᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠨ᠎ᠡ ᠬᠠᠩᠰᠢ ᠮᠥᠨ ᠯᠡ ᠳᠣᠣᠷ᠎ᠠ ᠪᠠᠢ᠌ᠷᠢᠨ᠎ᠳᠤ ᠪᠠᠢ᠌ᠭᠰᠠᠭ᠋ᠠᠷ
5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ (CPI) ᠠᠳᠠᠯᠢ ᠬᠤᠭᠤᠴᠠᠭ᠋ᠠᠨ᠎ᠤ᠎ᠬᠢ᠎ᠠᠴᠠ 0.2% ᠵᠶ᠋ᠡᠷ ᠪᠠᠭᠤᠷᠠᠵᠤ᠂ ᠪᠠᠭᠤᠷᠠᠯᠲᠠ ᠵᠢᠨ ᠬᠡᠮᠵᠢᠶ᠎ᠡ᠎ᠨᠢ ᠲᠦᠷᠦᠭᠦᠸ᠋ ᠰᠠᠷ᠎ᠠ ᠵᠢᠨ᠎ᠬᠢ᠎ᠠᠴᠠ 0.2 ᠵᠠᠭᠤᠨ᠎ᠤ ᠴᠡᠭ ᠪᠠᠭ᠋ᠠᠰᠴᠠᠢ᠃ ᠡᠭᠦᠨ᠎ᠳᠤ᠂ ᠬᠤᠳᠠ ᠵᠢᠨ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ 0.2% ᠵᠶ᠋ᠡᠷ ᠪᠠᠭᠤᠷᠠᠵᠤ᠂ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ 0.2% ᠵᠶ᠋ᠡᠷ ᠪᠠᠭᠤᠷᠠᠪᠠ᠃ ᠲᠥᠷᠥᠯ ᠢᠯᠭ᠋ᠠᠯ ᠠᠩᠭᠢᠯᠠᠨ ᠦᠵᠡᠪᠡᠯ᠂ ᠢᠳᠡᠭᠡᠨ᠎ᠤ ᠵᠦᠢ᠍ᠯ ᠠᠷᠢᠬᠢ ᠲᠠᠮᠠᠬᠢᠨ᠎ᠤ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ 0.3%᠎ᠪᠠᠷ ᠪᠠᠭᠤᠷᠠᠵᠤ᠂ ᠬᠤᠪᠴᠠᠰᠤ ᠬᠤᠨᠠᠷ᠎ᠤᠨ ᠦᠨ᠎ᠡ ᠬᠠᠩᠰᠢ 1.1%᠎ᠪᠠᠷ ᠥᠰᠴᠦ᠂ ᠣᠷᠣᠨ ᠰᠠᠭᠤᠴᠠ ᠵᠢᠨ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠲᠠᠢ᠎ᠪᠠᠨ ᠲᠡᠩᠴᠡᠵᠦ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 0.1%᠎ᠪᠠᠷ ᠥᠰᠴᠦ᠂ ᠵᠠᠮ ᠬᠠᠷᠢᠯᠴᠠᠭ᠎ᠠ ᠴᠢᠮᠡᠭᠡ ᠬᠣᠯᠪᠣᠭ᠋ᠠᠨ᠎ᠤ ᠦᠨ᠎ᠡ ᠬᠠᠩᠰᠢ 4.6%᠎ᠪᠠᠷ ᠪᠠᠭᠤᠷᠠᠵᠤ᠂ ᠰᠤᠷᠭ᠋ᠠᠨ ᠬᠥᠮᠦᠵᠢᠯ ᠰᠣᠶᠣᠯ ᠵᠤᠭ᠎ᠠ ᠴᠡᠩᠭᠡᠯ᠎ᠤᠨ ᠦᠨ᠎ᠡ ᠬᠠᠩᠰᠢ 0.3%᠎ᠪᠠᠷ ᠥᠰᠴᠦ᠂ ᠡᠮᠴᠢᠯᠡᠭᠡ ᠡᠷᠡᠭᠦᠯᠵᠢᠯ᠎ᠤᠨ ᠦᠨ᠎ᠡ ᠬᠠᠩᠰᠢ 1.7%᠎ᠪᠠᠷ ᠥᠰᠴᠦ᠂ ᠪᠤᠰᠤᠳ ᠬᠡᠷᠡᠭᠯᠡᠭᠡᠨ᠎ᠤ ᠵᠦᠢ᠍ᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 8.5%᠎ᠪᠠᠷ ᠥᠰᠴᠡᠢ᠃ 1 - 5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ 0.5%᠎ᠪᠠᠷ ᠪᠠᠭᠤᠷᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠬᠤ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ 6.1%᠎ᠪᠠᠷ ᠪᠠᠭᠤᠷᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠴᠤ ᠬᠡᠷᠡᠭᠯᠡᠬᠦ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ 5.3%᠎ᠪᠠᠷ ᠪᠠᠭᠤᠷᠠᠪᠠ᠃
ᠶᠡᠷᠦᠩᠬᠡᠢ᠎ᠳᠤ᠎ᠨᠢ ᠠᠪᠴᠤ ᠦᠵᠡᠪᠡᠯ᠂ 1 - 5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠠᠵᠤ ᠠᠬᠤᠢ ᠡᠨᠡ ᠵᠢᠯ᠎ᠠᠴᠠ ᠨᠠᠭ᠋ᠠᠰᠢᠬᠢ ᠲᠣᠭᠲᠠᠭᠤᠨ ᠠᠵᠢᠯᠯᠠᠭ᠋ᠠᠨ ᠵᠶ᠋ᠠᠨ ᠦᠷᠭᠦᠯᠵᠢᠯᠡᠭᠦᠯᠵᠦ᠂ ᠴᠢᠨᠠᠷ ᠰᠠᠢ᠌ᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ᠃ ᠡᠭᠦᠨ᠎ᠤ ᠬᠠᠮᠲᠤ᠂ ᠣᠳᠣᠬᠠᠨ᠎ᠳᠤ ᠭᠠᠳᠠᠭ᠋ᠠᠳᠤ ᠵᠢᠨ ᠲᠣᠭᠲᠠᠭᠤᠨ ᠪᠤᠰᠤ᠂ ᠲᠣᠭᠲᠠᠭ᠋ᠠᠯᠲᠤ ᠪᠤᠰᠤ ᠬᠦᠴᠦᠨ ᠵᠦᠢ᠍ᠯ ᠮᠥᠨ ᠯᠡ ᠨᠡᠯᠢᠶᠡᠳ ᠤᠯᠠᠨ ᠪᠠᠢ᠌ᠵᠤ᠂ ᠠᠵᠤ ᠠᠬᠤᠢ ᠦᠷᠭᠦᠯᠵᠢᠯᠡᠨ ᠳᠡᠭᠡᠭᠰᠢᠯᠡᠵᠦ ᠰᠠᠢ᠌ᠵᠢᠷᠠᠬᠤ᠎ᠳᠤ ᠮᠥᠨ ᠯᠡ ᠮᠠᠰᠢ ᠤᠯᠠᠨ ᠰᠢᠯᠭ᠋ᠠᠯᠲᠠ᠎ᠳᠤ ᠤᠴᠠᠷᠠᠵᠤ ᠪᠠᠢ᠌ᠬᠤ ᠵᠢ ᠣᠯᠵᠤ ᠬᠠᠷᠠᠬᠤ ᠬᠡᠷᠡᠭᠲᠡᠢ᠃ ᠲᠠᠷᠠᠭ᠋ᠠᠴᠢ ᠵᠢᠨ ᠱᠠᠲᠤᠨ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠠᠵᠤ ᠠᠬᠤᠢ ᠵᠢᠨ ᠪᠠᠢ᠌ᠳᠠᠯ᠎ᠤᠨ ᠲᠤᠬᠠᠢ ᠰᠢᠨᠵᠢᠯᠡᠬᠦ ᠤᠬᠠᠭ᠋ᠠᠨᠴᠢ ᠮᠠᠭ᠋ᠠᠳᠯᠠᠯᠲᠠ ᠪᠣᠯᠣᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠤᠯᠠᠮ ᠴᠢᠨᠠᠭᠰᠢᠳᠠ ᠨᠢᠭᠡᠳᠬᠡᠵᠦ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠤ ᠠᠬᠤᠢ᠌ᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ ᠵᠢ ᠲᠣᠭᠲᠠᠪᠤᠷᠢᠵᠢᠭᠤᠯᠬᠤ᠎ᠪᠠᠷ ᠬᠦᠴᠦᠯᠡᠵᠦ᠂ ᠠᠵᠤ ᠠᠬᠤᠢ ᠵᠢᠨ ᠦᠷᠭᠦᠯᠵᠢᠯᠡᠨ ᠲᠣᠭᠲᠠᠭᠤᠨ ᠵᠶ᠋ᠠᠷ ᠰᠠᠢ᠌ᠵᠢᠷᠠᠬᠤ ᠵᠢ ᠠᠬᠢᠭᠤᠯᠤᠨ᠎ᠠ᠃