ᠲᠤᠰᠢᠶᠠᠯ᠎ᠤᠨ ᠲᠣᠮᠢᠯᠠᠯᠲᠠ   -   ᠲᠣᠰᠢᠶᠠᠯ᠎ᠳᠤ ᠲᠣᠮᠢᠯᠠᠭᠰᠠᠨ ᠮᠡᠳᠡᠭᠳᠡᠯ
ᠥᠪᠥᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶ᠎ᠠ᠎ᠠᠴᠠ ᠲᠤᠰᠢᠶᠠᠯ᠎ᠳᠤ ᠲᠤᠮᠢᠯᠠᠬᠤ᠎ᠪᠠᠷ ᠲᠤᠭᠳᠠᠭᠰᠠᠨ ᠨᠡᠷᠡᠰ
ᠨᠡᠶ᠋ᠢᠲᠡᠯᠡᠭᠰᠡᠨ ᠴᠠᠭ᠄ 2015-03-17

      (2015 ᠤᠨ᠎ᠤ 1 ᠰᠠᠷ᠎ᠠ ᠵᠢᠨ 16᠎ᠤ ᠡᠳᠦᠷ   ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶ᠎ᠠ ᠵᠢᠨ ᠠᠷᠪᠠᠨ ᠲᠦᠷᠪᠡᠳᠦᠭᠡᠷ ᠬᠤᠷᠠᠯ᠎ᠠᠴᠠ ᠪᠠᠳᠤᠯᠠᠵᠠᠢ)
      ᠲᠤᠮᠢᠯᠠᠭᠰᠠᠨ ᠲᠤᠭᠳᠠᠭ᠋ᠠᠯ᠄
      ᠹᠦ᠋᠎ᠲᠠᠢ ᠽᠸᠩ᠎ᠢ ᠦᠪᠡᠷᠳᠡᠭᠡᠨ ᠵᠠᠰᠠᠬᠤ ᠤᠷᠤᠨ᠎ᠤ ᠲᠡᠳ᠋ ᠲᠡᠷᠢᠬᠦᠯᠡᠭᠴᠢ᠎ᠪᠠᠷ ᠲᠤᠮᠢᠯᠠᠵᠠᠢ᠃
      ᠹᠦ᠋᠎ᠲᠠᠢ ᠽᠸᠩ ᠨᠦᠬᠦᠷ᠎ᠤᠨ ᠲᠤᠪᠴᠢ ᠨᠠᠮᠲᠡᠷ᠄



   

      ᠹᠦ᠋᠎ᠲᠠᠢ ᠽᠸᠩ᠂ ᠡᠷᠡᠭᠳᠡᠢ᠂ ᠬᠢᠳᠡᠳ ᠦᠨᠳᠦᠰᠦᠳᠡᠨ᠂ 1956 ᠤᠨ᠎ᠤ 9 ᠳ᠋ᠤᠭᠡᠷ ᠰᠠᠷ᠎ᠠ᠎ᠳᠤ ᠲᠦᠷᠦᠵᠠᠢ᠂ ᠯᠢᠶᠤᠤᠨᠢᠩ᠎ᠤᠨ ᠡᠾᠸᠢ ᠱᠠᠨ᠎ᠤ ᠬᠦᠮᠦᠨ᠂ ᠠᠰᠫᠢᠷᠠᠨᠲ᠎ᠤᠨ ᠰᠤᠷᠤᠯᠭ᠎ᠠ ᠵᠢᠨ ᠨᠠᠮᠳᠠᠷ᠎ᠲᠠᠢ᠂ ᠠᠵᠤ ᠠᠬᠤᠢ ᠵᠢᠨ ᠤᠬᠠᠭ᠋ᠠᠨ᠎ᠤ ᠳ᠋ᠤᠺᠲ᠋ᠤᠷ᠂ 1985 ᠤᠨ᠎ᠤ 12 ᠳ᠋ᠤᠭ᠋ᠠᠷ ᠰᠠᠷ᠎ᠠ᠎ᠳᠤ ᠨᠠᠮ᠎ᠳᠤ ᠤᠷᠤᠵᠤ᠂ 1976 ᠤᠨ᠎ᠤ 7 ᠳ᠋ᠤᠭ᠋ᠠᠷ ᠰᠠᠷ᠎ᠠ᠎ᠳᠤ ᠠᠵᠢᠯ᠎ᠳᠤ ᠤᠷᠤᠵᠠᠢ᠃
      ᠤᠳᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠪᠠᠢ᠌ᠩᠭᠤ ᠵᠢᠨ ᠭᠡᠰᠢᠬᠦᠨ᠂ ᠨᠠᠷᠢᠨ ᠪᠢᠴᠢᠭ᠎ᠤᠨ ᠳᠠᠷᠤᠭ᠎ᠠ᠂ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠤᠷᠢᠶ᠎ᠠ ᠵᠢᠨ ᠱᠦᠵᠢ (ᠬᠠᠪᠰᠤᠷᠭ᠋ᠠᠪᠠ)᠃
     1976.07 — 1978.10 ᠯᠢᠶᠤᠤᠨᠢᠩ ᠮᠤᠵᠢ ᠵᠢᠨ ᠹᠦᠰᠢᠨ᠎ᠤ ᠮᠤᠩᠭᠤᠯ ᠦᠨᠳᠦᠰᠦᠳᠡᠨ᠎ᠤ ᠦᠪᠡᠷᠳᠡᠭᠡᠨ ᠵᠠᠰᠠᠬᠤ ᠰᠢᠶᠠᠨ᠎ᠤ ᠯᠤᠤ ᠡᠾᠸ᠎ᠲᠤ ᠭᠦᠩᠱᠸ ᠵᠢᠨ ᠪᠠᠷᠢᠭ᠋ᠠᠳᠠ᠎ᠳᠤ ᠪᠠᠭᠤᠭᠰᠠᠨ ᠰᠡᠭᠡᠭᠡᠳᠡᠨ ᠵᠠᠯᠠᠭᠤ᠎ᠪᠠᠷ ᠪᠠᠢ᠌ᠪᠠ
     1978.10 — 1982.08   ᠯᠢᠶᠤᠤᠨᠢᠩ ᠎ᠤᠨ ᠡᠳ᠋᠎ᠤᠨ ᠵᠠᠰᠠᠭ᠎ᠤᠨ ᠲᠡᠭᠡᠳᠤ ᠰᠤᠷᠭ᠋ᠠᠭᠤᠯᠢ ᠵᠢᠨ ᠡᠳ᠋᠎ᠤᠨ ᠵᠠᠰᠠᠭ ᠮᠦᠩᠬᠦᠨ ᠬᠦᠢ᠍ᠯᠭᠡᠭᠡᠨ᠎ᠤ ᠰᠠᠯᠪᠤᠷᠢ ᠵᠢᠨ ᠡᠳ᠋᠎ᠤᠨ ᠵᠠᠰᠠᠭ᠎ᠤᠨ ᠲᠤᠰᠬᠠᠢ ᠮᠡᠷᠭᠡᠵᠢᠯ ᠵᠶ᠋ᠡᠷ ᠰᠤᠷᠤᠯᠴᠠᠪᠠ
     1982.08 — 1984.08   ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠬᠤ ᠭᠠᠵᠠᠷ᠎ᠤᠨ ᠺᠠᠳ᠋ᠷ ᠪᠠᠢ᠌ᠪᠠ
     1984.08 — 1989.03 ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠲᠦᠰᠦᠪ᠎ᠤᠨ ᠭᠠᠵᠠᠷ᠎ᠤᠨ ᠺᠠᠳ᠋ᠷ᠂ ᠡᠷᠬᠢᠯᠡᠬᠦ ᠭᠡᠰᠢᠬᠦᠴᠢ ᠪᠠᠢ᠌ᠪᠠ
     1989.03 — 1989.11 ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠲᠠᠷᠢᠶᠠᠯᠠᠩ ᠮᠠᠯ ᠠᠵᠤ ᠠᠬᠤᠢ ᠵᠢᠨ ᠭᠠᠢ᠌ᠯᠢ ᠲᠠᠳᠠᠪᠤᠷᠢᠯᠠᠬᠤ ᠬᠠᠮᠢᠶᠠᠷᠤᠯᠳᠠ ᠵᠢᠨ ᠭᠠᠵᠠᠷ᠎ᠤᠨ ᠲᠡᠳ᠋ ᠲᠠᠷᠤᠭ᠎ᠠ ᠪᠠᠢ᠌ᠪᠠ
     1989.11 — 1991.07 ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠲᠦᠰᠦᠪ᠎ᠤᠨ ᠭᠠᠵᠠᠷ᠎ᠤᠨ ᠲᠡᠳ᠋ ᠲᠠᠷᠤᠭ᠎ᠠ ᠪᠠᠢ᠌ᠪᠠ
     1991.07 — 1994.01 ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠲᠦᠰᠦᠪ᠎ᠤᠨ ᠭᠠᠵᠠᠷ᠎ᠤᠨ ᠲᠠᠷᠤᠭ᠎ᠠ ᠪᠠᠢ᠌ᠪᠠ
     1994.01 — 1996.06 ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠲᠤᠭᠤᠢ᠌ᠯᠠᠩ᠎ᠤᠨ ᠪᠦᠷᠢᠯᠳᠥᠭᠥᠨ᠂   ᠲᠦᠰᠦᠪ᠎ᠤᠨ ᠭᠠᠵᠠᠷ᠎ᠤᠨ ᠲᠠᠷᠤᠭ᠎ᠠ ᠪᠠᠢ᠌ᠪᠠ
     1996.06 — 2001.09 ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠲᠡᠳ᠋ ᠲᠠᠷᠤᠭ᠎ᠠ᠂ ᠨᠠᠮ᠎ᠤᠨ ᠤᠳᠤᠷᠢᠳᠬᠤ ᠲᠤᠭᠤᠢ᠌ᠯᠠᠩ᠎ᠤᠨ ᠪᠦᠷᠢᠯᠳᠥᠭᠥᠨ ᠪᠠᠢ᠌ᠪᠠ (  ᠡᠨᠡᠬᠦ ᠬᠤᠭᠤᠴᠠᠭ᠋ᠠᠨ᠎ᠳᠤ᠄ 1997.09 — 1998.01 ᠲᠦᠪ᠎ᠤᠨ ᠨᠠᠮ᠎ᠤᠨ ᠰᠤᠷᠭ᠋ᠠᠭᠤᠯᠢ ᠵᠢᠨ ᠲᠠᠪᠳᠠᠨ ᠪᠤᠯᠪᠠᠰᠤᠷᠠᠬᠤ   ᠬᠡᠯᠲᠡᠰ᠎ᠤᠨ ᠲᠠᠪᠳᠠᠨ ᠪᠤᠯᠪᠠᠰᠤᠷᠠᠬᠤ ᠠᠩᠬᠢ᠎ᠳᠤ ᠰᠤᠷᠤᠯᠴᠠᠪᠠ)
     (1995.11 — 1997.11 ᠡᠳ᠋᠎ᠤᠨ ᠵᠠᠰᠠᠭ᠎ᠤᠨ ᠶᠠᠮᠤᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ   ᠭᠠᠵᠠᠷ᠎ᠤᠨ ᠠᠰᠫᠢᠷᠠᠨᠲ᠎ᠤᠨ ᠬᠡᠯᠳᠡᠰ᠎ᠤᠨ ᠡᠳ᠋᠎ᠤᠨ ᠵᠠᠰᠠᠭ᠎ᠤᠨ ᠮᠡᠷᠭᠡᠵᠢᠯ᠎ᠤᠨ ᠠᠰᠫᠢᠷᠠᠨᠲ᠎ᠤᠨ ᠲᠠᠪᠳᠠᠨ ᠪᠤᠯᠪᠠᠰᠤᠷᠠᠭᠤᠯᠬᠤ ᠠᠩᠬᠢ᠎ᠳᠤ ᠰᠤᠷᠤᠯᠴᠠᠪᠠ)
     2001.09 — 2005.01 ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠲᠠᠷᠤᠭ᠎ᠠ᠂ ᠨᠠᠮ᠎ᠤᠨ ᠤᠳᠤᠷᠢᠳᠬᠤ ᠲᠤᠭᠤᠢ᠌ᠯᠠᠩ᠎ᠤᠨ ᠱᠦᠵᠢ ᠪᠠᠢ᠌ᠪᠠ
     2005.01 — 2006.09 ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠦᠩᠯᠢᠶᠤᠤ ᠬᠤᠳᠠ ᠵᠢᠨ ᠨᠠᠮ᠎ᠤᠨ ᠬᠤᠷᠢᠶ᠎ᠠ ᠵᠢᠨ ᠱᠦᠵᠢ ᠪᠠᠢ᠌ᠪᠠ
     (2003.09 — 2006.07 ᠵᠡᠬᠦᠨ ᠬᠤᠢ᠌ᠳᠤ ᠵᠢᠨ ᠡᠳ᠋᠎ᠤᠨ ᠵᠠᠰᠠᠭ᠎ᠤᠨ ᠶᠡᠭᠡ ᠰᠤᠷᠭ᠋ᠠᠭᠤᠯᠢ ᠵᠢᠨ ᠡᠳ᠋᠎ᠤᠨ ᠵᠠᠰᠠᠭ ᠭᠠᠢ᠌ᠯᠢ ᠵᠢᠨ ᠲᠡᠭᠡᠳᠤ ᠰᠤᠷᠭ᠋ᠠᠭᠤᠯᠢ ᠵᠢᠨ ᠡᠳ᠋᠎ᠤᠨ ᠵᠠᠰᠠᠭ᠎ᠤᠨ ᠲᠤᠰᠬᠠᠢ ᠮᠡᠷᠭᠡᠵᠢᠯ ᠵᠶ᠋ᠡᠷ ᠰᠤᠷᠤᠯᠴᠠᠪᠠ)
     2006.09 — 2006.11   ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠲᠡᠳ᠋ ᠨᠠᠷᠢᠨ ᠪᠢᠴᠢᠭ᠎ᠤᠨ ᠲᠠᠷᠤᠭ᠎ᠠ ᠪᠠᠢ᠌ᠪᠠ (ᠲᠢᠩᠬᠢᠮ᠎ᠤᠨ ᠲᠡᠷᠢᠭᠥᠨ ᠲᠡᠰ)
     2006.11 — 2006.12   ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠪᠠᠢ᠌ᠩᠭᠤ ᠵᠢᠨ ᠭᠡᠰᠢᠬᠦᠨ᠂ ᠲᠡᠳ᠋ ᠨᠠᠷᠢᠨ ᠪᠢᠴᠢᠭ᠎ᠤᠨ ᠲᠠᠷᠤᠭ᠎ᠠ ᠪᠠᠢ᠌ᠪᠠ
     2006.12 — 2012.02   ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠪᠠᠢ᠌ᠩᠭᠤ ᠵᠢᠨ ᠭᠡᠰᠢᠬᠦᠨ᠂   ᠨᠠᠷᠢᠨ ᠪᠢᠴᠢᠭ᠎ᠤᠨ ᠲᠠᠷᠤᠭ᠎ᠠ᠂ ᠠᠯᠪᠠᠨ ᠲᠢᠩᠬᠢᠮ᠎ᠤᠨ ᠡᠷᠬᠢᠯᠡᠭᠴᠢ ᠪᠦᠭᠡᠳ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠣᠷᠢᠶ᠎ᠠ ᠵᠢᠨ ᠱᠦᠵᠢ ᠪᠠᠢ᠌ᠪᠠ
     2012.02 —       ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠪᠠᠢ᠌ᠩᠭᠤ ᠵᠢᠨ ᠭᠡᠰᠢᠬᠦᠨ᠂   ᠨᠠᠷᠢᠨ ᠪᠢᠴᠢᠭ᠎ᠤᠨ ᠲᠠᠷᠤᠭ᠎ᠠ᠂ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠣᠷᠢᠶ᠎ᠠ ᠵᠢᠨ ᠱᠦᠵᠢ (ᠬᠠᠪᠰᠤᠷᠭ᠋ᠠᠭᠰᠠᠨ) ᠪᠠᠢ᠌ᠪᠠ

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ