ᠲᠤᠰᠢᠶᠠᠯ᠎ᠤᠨ ᠲᠣᠮᠢᠯᠠᠯᠲᠠ   -   ᠲᠣᠰᠢᠶᠠᠯ᠎ᠳᠤ ᠲᠣᠮᠢᠯᠠᠭᠰᠠᠨ ᠮᠡᠳᠡᠭᠳᠡᠯ
ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠨᠭ᠌ ᠶᠤᠸᠠᠨ ᠵᠦᠨᠭ᠎ᠢ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠰᠢᠯᠢ ᠵᠢᠨ ᠭᠤᠤᠯ ᠠᠢ᠌ᠮᠠᠭ᠎ᠤᠨ ᠬᠤᠷᠢᠶ᠎ᠠ ᠵᠢᠨ ᠱᠦᠵᠢ ᠵᠢᠨ ᠲᠤᠰᠢᠶᠠᠯ ᠡᠭᠦᠷᠭᠡᠯᠡᠭᠦᠯᠬᠦ᠎ᠪᠠᠷ ᠲᠤᠭᠲᠠᠪᠠ
ᠨᠡᠶ᠋ᠢᠲᠡᠯᠡᠭᠰᠡᠨ ᠴᠠᠭ᠄ 2015-03-19

     2 ᠳ᠋ᠤᠭ᠋ᠠᠷ ᠰᠠᠷ᠎ᠠ ᠵᠢᠨ 12᠎ᠤᠨ ᠡᠳᠦᠷ᠂ ᠰᠢᠯᠢ ᠵᠢᠨ ᠭᠤᠤᠯ ᠠᠢ᠌ᠮᠠᠭ᠎ᠤᠨ ᠨᠠᠮ᠎ᠤᠨ ᠬᠤᠷᠢᠶ᠎ᠠ ᠪᠦᠬᠦ ᠠᠢ᠌ᠮᠠᠭ᠎ᠤᠨ ᠤᠳᠤᠷᠢᠳᠬᠤ ᠺᠠᠳ᠋ᠷ᠎ᠤᠨ ᠬᠤᠷᠠᠯ ᠬᠤᠷᠠᠯᠳᠤᠭᠤᠯᠵᠦ᠂ ᠰᠢᠯᠢ ᠵᠢᠨ ᠭᠤᠤᠯ ᠠᠢ᠌ᠮᠠᠭ᠎ᠤᠨ ᠨᠠᠮ᠎ᠤᠨ ᠬᠤᠷᠢᠶ᠎ᠠ ᠵᠢᠨ ᠭᠤᠤᠯ ᠤᠳᠤᠷᠢᠳᠤᠯᠭ᠎ᠠ ᠵᠢᠨ ᠲᠤᠰᠢᠶᠠᠯ ᠲᠤᠮᠢᠯᠠᠬᠤ ᠪᠠᠭᠤᠯᠭ᠋ᠠᠬᠤ ᠲᠤᠬᠠᠢ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠲᠣᠭᠲᠠᠭ᠋ᠠᠯ᠎ᠢ ᠨᠡᠢ᠌ᠲᠡᠯᠡᠪᠡ᠃ ᠢᠦᠢ ᠶᠦᠨᠭ ᠴᠢᠶᠤᠸᠠᠨ ᠨᠦᠬᠦᠷ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠰᠢᠯᠢ ᠵᠢᠨ ᠭᠤᠤᠯ ᠠᠢ᠌ᠮᠠᠭ᠎ᠤᠨ ᠬᠤᠷᠢᠶ᠎ᠠ ᠵᠢᠨ ᠱᠦᠵᠢ᠂ ᠬᠡᠰᠢᠭᠦᠨ᠎ᠤ ᠲᠤᠰᠢᠶᠠᠯ ᠡᠭᠦᠷᠭᠡᠯᠡᠬᠦ ᠦᠭᠡᠢ᠂ ᠵᠠᠨᠭ᠌ ᠶᠤᠸᠠᠨ ᠵᠦᠨᠭ ᠨᠦᠬᠦᠷ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠰᠢᠯᠢ ᠵᠢᠨ ᠭᠤᠤᠯ ᠠᠢ᠌ᠮᠠᠭ᠎ᠤᠨ ᠬᠤᠷᠢᠶ᠎ᠠ ᠵᠢᠨ ᠱᠦᠵᠢ ᠵᠢᠨ ᠲᠤᠰᠢᠶᠠᠯ ᠡᠭᠦᠷᠭᠡᠯᠡᠬᠦ ᠵᠢ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠠᠴᠠ ᠲᠤᠭᠲᠠᠭ᠋ᠠᠪᠠ᠃

                      ᠵᠠᠨᠭ᠌ ᠶᠤᠸᠠᠨ ᠵᠦᠨᠭ᠎ᠤᠨ ᠲᠤᠪᠴᠢ ᠨᠠᠮᠲᠠᠷ

     

   

      ᠵᠠᠨᠭ᠌ ᠶᠤᠸᠠᠨ ᠵᠦᠨᠭ᠂ ᠡᠷᠡᠭᠲᠠᠢ᠂ ᠬᠢᠲᠠᠳ ᠦᠨᠳᠦᠰᠦᠲᠡᠨ᠂ 1959 ᠤᠨ᠎ᠤ 11 ᠳ᠋ᠤᠭᠡᠷ ᠰᠠᠷ᠎ᠠ᠎ᠳᠤ ᠲᠦᠷᠦᠵᠠᠢ᠂ ᠱᠠᠨᠰᠢ ᠵᠢᠨ ᠹᠦ᠋ ᠬᠦ᠋ ᠵᠢᠨ ᠬᠦᠮᠦᠨ᠂ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠭᠡᠰᠢᠬᠦᠨ᠂ ᠶᠡᠬᠡ ᠰᠤᠷᠭ᠋ᠠᠭᠤᠯᠢ ᠵᠢᠨ ᠵᠢᠨᠭᠬᠢᠨᠢ ᠠᠨᠭ᠌ᠬᠢ ᠵᠢᠨ ᠰᠤᠷᠤᠯᠴᠠᠭᠰᠠᠨ ᠨᠠᠮᠲᠠᠷ᠎ᠲᠠᠢ
     1979.09 — 1983.07   ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢᠨ ᠬᠢᠲᠠᠳ ᠬᠡᠯᠡ ᠤᠳᠬ᠎ᠠ ᠵᠤᠬᠢᠶᠠᠯ᠎ᠤᠨ ᠰᠠᠯᠪᠤᠷᠢ ᠵᠢᠨ ᠬᠢᠲᠠᠳ ᠬᠡᠯᠡ ᠤᠳᠬ᠎ᠠ ᠵᠤᠬᠢᠶᠠᠯ᠎ᠤᠨ ᠮᠡᠷᠭᠡᠵᠢᠯ ᠵᠶ᠋ᠠᠷ ᠰᠤᠷᠤᠯᠴᠠᠪᠠ
     1983.07 — 1985.08   ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢᠨ ᠬᠢᠲᠠᠳ ᠬᠡᠯᠡ ᠤᠳᠬ᠎ᠠ ᠵᠤᠬᠢᠶᠠᠯ᠎ᠤᠨ ᠰᠠᠯᠪᠤᠷᠢ ᠵᠢᠨ ᠪᠠᠭᠰᠢ ᠪᠠᠢ᠌ᠪᠠ
     1985.08 — 1992.01   ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠵᠤᠬᠢᠶᠠᠨ ᠪᠠᠢ᠌ᠭᠤᠯᠬᠤ ᠬᠡᠯᠲᠡᠰ᠎ᠤᠨ ᠠᠢ᠌ᠮᠠᠭ ᠬᠤᠲᠠ ᠵᠢᠨ ᠺᠠᠳ᠋ᠷ᠎ᠤᠨ ᠭᠠᠵᠠᠷ᠎ᠤᠨ ᠳᠡᠳ᠋ ᠡᠷᠬᠢᠯᠡᠬᠦ ᠬᠡᠰᠢᠭᠥᠴᠢ᠂ ᠡᠷᠬᠢᠯᠡᠬᠦ ᠬᠡᠰᠢᠭᠥᠴᠢ ᠪᠠᠢ᠌ᠪᠠ
     1992.01 — 1994.03 ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠬᠡᠬᠤᠲᠠ ᠵᠢᠨ ᠨᠠᠮ᠎ᠤᠨ ᠬᠤᠷᠢᠶ᠎ᠠ ᠵᠢᠨ ᠵᠤᠬᠢᠶᠠᠨ ᠪᠠᠢ᠌ᠭᠤᠯᠬᠤ ᠬᠡᠯᠲᠡᠰ᠎ᠤᠨ ᠳᠡᠳ᠋ ᠳᠠᠷᠤᠭ᠎ᠠ ᠪᠠᠢ᠌ᠪᠠ
     1994.03 — 1995.10   ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠬᠡᠬᠤᠲᠠ ᠵᠢᠨ ᠨᠠᠮ᠎ᠤᠨ ᠬᠤᠷᠢᠶ᠎ᠠ ᠵᠢᠨ ᠵᠤᠬᠢᠶᠠᠨ ᠪᠠᠢ᠌ᠭᠤᠯᠬᠤ ᠬᠡᠯᠲᠡᠰ᠎ᠤᠨ ᠳᠡᠳ᠋ ᠳᠠᠷᠤᠭ᠎ᠠ ᠪᠦᠭᠡᠳ ᠲᠦᠮᠡᠳ ᠵᠡᠬᠦᠨ ᠬᠤᠰᠢᠭᠤᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ ᠪᠠᠢ᠌ᠪᠠ
     1995.10 — 1999.01   ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠬᠡᠬᠤᠲᠠ ᠵᠢᠨ ᠵᠠᠰᠠᠭ᠎ᠤᠨ ᠤᠷᠳᠤᠨ᠎ᠤ ᠨᠠᠷᠢᠨ ᠪᠢᠴᠢᠭ᠎ᠤᠨ ᠳᠠᠷᠤᠭ᠎ᠠ᠂ ᠨᠠᠮ᠎ᠤᠨ ᠤᠳᠤᠷᠢᠳᠬᠤ ᠳᠤᠭᠤᠢ᠌ᠯᠠᠨᠭ᠌᠎ᠤᠨ ᠪᠦᠷᠢᠯᠳᠥᠭᠥᠨ ᠪᠠᠢ᠌ᠪᠠ (ᠡᠨᠡᠬᠦ ᠬᠤᠭᠤᠴᠠᠭ᠋ᠠᠨ᠎ᠳᠤ᠄ 1996.07 —1998.09   ᠳᠤᠮᠳᠠᠲᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠨᠭ᠎ᠳᠤ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠲᠤᠰᠬᠠᠢ ᠮᠡᠷᠭᠡᠵᠢᠯ᠎ᠤᠨ ᠮᠠᠭᠢᠰᠲᠸᠷ ᠠᠰᠫᠢᠷᠠᠨᠲ᠎ᠤᠨ ᠬᠢᠴᠢᠶᠡᠯ᠎ᠳᠤ ᠰᠤᠷᠤᠯᠴᠠᠪᠠ)
     1999.01 — 2004.04   ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠬᠡᠬᠤᠲᠠ ᠵᠢᠨ ᠨᠠᠮ᠎ᠤᠨ ᠬᠤᠷᠢᠶ᠎ᠠ ᠵᠢᠨ ᠪᠠᠢ᠌ᠨᠭ᠌ᠭᠤ ᠵᠢᠨ ᠬᠡᠰᠢᠭᠦᠨ᠂ ᠨᠠᠷᠢᠨ ᠪᠢᠴᠢᠭ᠎ᠤᠨ ᠳᠠᠷᠤᠭ᠎ᠠ ᠪᠦᠭᠡᠳ ᠬᠤᠲᠠ ᠵᠢᠨ ᠳᠡᠳ᠋ ᠳᠠᠷᠤᠭ᠎ᠠ ᠪᠠᠢ᠌ᠪᠠ
     2004.04 — 2006.09   ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠬᠡᠬᠤᠲᠠ ᠵᠢᠨ ᠨᠠᠮ᠎ᠤᠨ ᠬᠤᠷᠢᠶ᠎ᠠ ᠵᠢᠨ ᠪᠠᠢ᠌ᠨᠭ᠌ᠭᠤ ᠵᠢᠨ ᠬᠡᠰᠢᠭᠦᠨ᠂ ᠬᠤᠲᠠ ᠵᠢᠨ ᠪᠠᠢ᠌ᠨᠭ᠌ᠭᠤ ᠵᠢᠨ ᠳᠡᠳ᠋ ᠳᠠᠷᠤᠭ᠎ᠠ ᠪᠠᠢ᠌ᠪᠠ
     2006.09 — 2007.07 ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠭᠵᠢᠬᠦᠯᠦᠯᠲᠡ ᠦᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ᠂ ᠨᠠᠮ᠎ᠤᠨ ᠤᠳᠤᠷᠢᠳᠬᠤ ᠳᠤᠭᠤᠢ᠌ᠯᠠᠨᠭ᠌᠎ᠤᠨ ᠪᠦᠷᠢᠯᠳᠥᠭᠥᠨ ᠪᠠᠢ᠌ᠪᠠ
     2007.07 — 2010.04   ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠪᠠᠢ᠌ᠪᠠ
     2010.04 — 2013.06 ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ   ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ ᠵᠢᠨ ᠳᠠᠷᠤᠭ᠎ᠠ᠂ ᠨᠠᠮ᠎ᠤᠨ ᠤᠳᠤᠷᠢᠳᠬᠤ ᠳᠤᠭᠤᠢ᠌ᠯᠠᠨᠭ᠌᠎ᠤᠨ ᠱᠦᠵᠢ᠂ ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠤᠷᠢᠶ᠎ᠠ ᠵᠢᠨ ᠭᠡᠰᠢᠬᠦᠨ ᠪᠠᠢ᠌ᠪᠠ
     2013.06 — 2015.02   ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠢᠯᠢ ᠵᠢᠨ ᠭᠤᠤᠯ ᠠᠢ᠌ᠮᠠᠭ᠎ᠤᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠠᠢ᠌ᠮᠠᠭ᠎ᠤᠨ ᠳᠠᠷᠤᠭ᠎ᠠ᠂ ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠤᠷᠢᠶ᠎ᠠ ᠵᠢᠨ ᠬᠡᠰᠢᠭᠦᠨ ᠪᠠᠢ᠌ᠪᠠ  
     2015.02 —   ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠢᠯᠢ ᠵᠢᠨ ᠭᠤᠤᠯ ᠠᠢ᠌ᠮᠠᠭ᠎ᠤᠨ ᠨᠠᠮ᠎ᠤᠨ ᠬᠤᠷᠢᠶ᠎ᠠ ᠵᠢᠨ ᠱᠦᠵᠢ᠂ ᠠᠢ᠌ᠮᠠᠭ᠎ᠤᠨ ᠳᠠᠷᠤᠭ᠎ᠠ᠂ ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠤᠷᠢᠶ᠎ᠠ ᠵᠢᠨ ᠭᠡᠰᠢᠬᠦᠨ᠎ᠤ ᠲᠤᠰᠢᠶᠠᠯ᠎ᠳᠤ ᠪᠣᠢ

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ