
ᠦᠪᠦᠷ ᠮᠤᠨᠭ᠌ᠭᠤᠯ᠎ᠤᠨ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠰᠦᠯᠵᠢᠶ᠎ᠡ ᠵᠢᠨ 《ᠠᠵᠢᠯ᠎ᠤᠨ ᠬᠣᠷᠢᠶ᠎ᠠ ᠵᠢᠨ ᠤᠳᠤᠷᠢᠳᠤᠯᠭ᠎ᠠ》 ᠪᠤᠯᠤᠨᠭ᠌᠎ᠳᠤ ᠦᠵᠡᠭᠥᠯᠥᠭᠰᠡᠨ ᠵᠶ᠋ᠠᠷ᠂ ᠸᠠᠨᠭ᠌ ᠬᠤᠸᠠᠨ ᠴᠸᠨᠭᠢ ᠡᠳᠥᠭᠡ ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠨᠠᠷᠢᠨ ᠪᠢᠴᠢᠭ᠎ᠤᠨ ᠳᠠᠷᠤᠭ᠎ᠠ᠂ ᠦᠪᠡᠷᠲᠡᠭᠡᠨ ᠵᠠᠰᠠᠬᠤ ᠤᠷᠤᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠣᠷᠢᠶ᠎ᠠ ᠵᠢᠨ ᠱᠦᠵᠢ ᠵᠢᠨ ᠲᠤᠰᠢᠶᠠᠯ᠎ᠳᠤ ᠲᠣᠮᠢᠯᠠᠵᠠᠢ᠃ ᠤᠢ᠌ᠯᠠᠭ᠋ᠠᠭᠰᠠᠨ ᠵᠶ᠋ᠠᠷ᠂ ᠡᠭᠦᠨ᠎ᠠᠴᠠ ᠡᠮᠦᠨ᠎ᠡ ᠸᠠᠨᠭ᠌ ᠬᠤᠸᠠᠨ ᠴᠸᠨᠭ ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮᠤ ᠬᠤᠷᠢᠶ᠎ᠠ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ᠂ ᠲᠦᠷᠦ ᠵᠢᠨ ᠪᠣᠳᠤᠯᠭ᠎ᠠ ᠰᠤᠳᠤᠯᠬᠤ ᠭᠡᠷ᠎ᠤᠨ ᠡᠷᠬᠢᠯᠡᠭᠴᠢ ᠪᠠᠢ᠌ᠪᠠ᠃