4 ᠳ᠋ᠤᠭᠡᠷ ᠰᠠᠷ᠎ᠠ ᠵᠢᠨ 7᠎ᠤ ᠡᠳᠦᠷ᠎ᠤᠨ ᠦᠳᠡ ᠵᠢᠨ ᠡᠮᠦᠨ᠎ᠡ᠂ ᠬᠦᠬᠡᠬᠤᠲᠠ ᠵᠢᠨ ᠠᠷᠪᠠᠨ ᠳᠦᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠨᠭ᠌ᠭᠤ ᠵᠢᠨ ᠬᠤᠷᠢᠶ᠎ᠠ ᠬᠤᠷᠢᠳᠤᠭ᠋ᠠᠷ ᠤᠳᠠᠭ᠋ᠠᠨ᠎ᠤ ᠬᠤᠷᠠᠯ ᠬᠤᠷᠠᠯᠳᠤᠪᠠ᠃
ᠬᠤᠲᠠ ᠵᠢᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠨᠭ᠌ᠭᠤ ᠵᠢᠨ ᠬᠤᠷᠢᠶ᠎ᠠ ᠵᠢᠨ ᠡᠷᠬᠢᠯᠡᠭᠴᠢ ᠶᠦᠨ ᠭᠥᠨᠭ ᠡᠾᠸ ᠬᠤᠷᠠᠯ ᠡᠷᠬᠢᠯᠡᠵᠤ᠂ ᠬᠤᠲᠠ ᠵᠢᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠨᠭ᠌ᠭᠤ ᠵᠢᠨ ᠬᠤᠷᠢᠶ᠎ᠠ ᠵᠢᠨ ᠳᠡᠳ᠋ ᠡᠷᠬᠢᠯᠡᠭᠴᠢ ᠯᠢ ᠪᠦᠸᠸ ᠬᠤᠨᠭ᠌᠂ ᠯᠤ᠌ ᠵᠢᠶᠠᠨ ᠵᠢᠶᠦ᠋ᠨ᠂ ᠰᠦᠨ ᠵᠢᠶᠠᠨ ᠭᠦᠸᠸ᠂ ᠰᠡᠴᠡᠨᠪᠢᠯᠢᠭ᠂ ᠹᠦ᠋ ᠳ᠋ᠦᠨᠭ ᠬᠠᠢ᠂ ᠵᠠᠨᠭ᠌ ᠬᠤᠨᠭ᠌ ᠰᠢᠶᠠ᠂ ᠨᠠᠷᠢᠨ ᠪᠢᠴᠢᠭ᠎ᠤᠨ ᠳᠠᠷᠤᠭ᠎ᠠ ᠰᠦᠨᠭ ᠰᠢᠶᠤᠤ ᠭᠠᠨᠭ᠌ ᠪᠤᠯᠤᠨ ᠪᠠᠢ᠌ᠨᠭ᠌ᠭᠤ ᠵᠢᠨ ᠬᠤᠷᠢᠶ᠎ᠠ ᠵᠢᠨ ᠬᠡᠰᠢᠭᠦᠨ ᠨᠡᠢ᠌ᠲᠡ 38 ᠬᠦᠮᠦᠨ ᠬᠤᠷᠠᠯ᠎ᠳᠤ ᠤᠷᠤᠯᠴᠠᠪᠠ᠃
ᠬᠤᠲᠠ ᠵᠢᠨ ᠨᠠᠮ᠎ᠤᠨ ᠬᠤᠷᠢᠶ᠎ᠠ ᠵᠢᠨ ᠪᠠᠢ᠌ᠨᠭ᠌ᠭᠤ ᠵᠢᠨ ᠬᠡᠰᠢᠭᠦᠨ᠂ ᠬᠤᠲᠠ ᠵᠢᠨ ᠪᠠᠢ᠌ᠨᠭ᠌ᠭᠤ ᠵᠢᠨ ᠳᠡᠳ᠋ ᠳᠠᠷᠤᠭ᠎ᠠ ᠳ᠋ᠢ ᠷᠦᠢ ᠮᠢᠨᠭ᠂ ᠬᠤᠲᠠ ᠵᠢᠨ ᠳᠤᠮᠳᠠ ᠵᠡᠷᠭᠡ ᠵᠢᠨ ᠠᠷᠠᠳ᠎ᠤᠨ ᠰᠢᠭᠦᠭᠦ ᠬᠤᠷᠢᠶ᠎ᠠ ᠵᠢᠨ ᠳᠠᠷᠤᠭ᠎ᠠ ᠳ᠋ᠦᠨᠭ ᠪᠢᠨᠭ ᠬᠤᠢ᠂ ᠬᠤᠲᠠ ᠵᠢᠨ ᠠᠷᠠᠳ᠎ᠤᠨ ᠪᠠᠢ᠌ᠴᠠᠭ᠋ᠠᠬᠤ ᠬᠤᠷᠢᠶ᠎ᠠ ᠵᠢᠨ ᠪᠠᠢ᠌ᠴᠠᠭ᠋ᠠᠬᠤ ᠳᠠᠷᠤᠭ᠎ᠠ ᠸᠠᠨᠭ᠌ ᠬᠠᠨ ᠦ᠋᠂ ᠬᠤᠲᠠ ᠵᠢᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠨᠭ᠌ᠭᠤ ᠵᠢᠨ ᠬᠤᠷᠢᠶ᠎ᠠ ᠪᠤᠯᠤᠨ ᠬᠤᠲᠠ ᠵᠢᠨ ᠵᠠᠰᠠᠭ᠎ᠤᠨ ᠤᠷᠳᠤᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠲᠠᠳ ᠬᠤᠷᠠᠯ᠎ᠳᠤ ᠰᠤᠯᠠ ᠤᠷᠤᠯᠴᠠᠪᠠ᠃
ᠬᠤᠷᠠᠯ᠎ᠨᠢ ᠡᠨᠭ ᠲᠡᠷᠢᠭᠦᠨ᠎ᠳᠤ ᠬᠤᠷᠠᠯ᠎ᠤᠨ ᠵᠦᠪᠯᠡᠬᠦ ᠵᠦᠢ᠍ᠯ᠎ᠢ ᠪᠠᠲᠤᠯᠠᠪᠠ᠃
ᠬᠤᠷᠠᠯ᠎ᠨᠢ ᠬᠤᠲᠠ ᠵᠢᠨ ᠨᠠᠮ᠎ᠤᠨ ᠬᠤᠷᠢᠶ᠎ᠠ ᠵᠢᠨ ᠪᠠᠢ᠌ᠨᠭ᠌ᠭᠤ ᠵᠢᠨ ᠬᠡᠰᠢᠭᠦᠨ᠂ ᠬᠤᠲᠠ ᠵᠢᠨ ᠪᠠᠢ᠌ᠨᠭ᠌ᠭᠤ ᠵᠢᠨ ᠳᠡᠳ᠋ ᠳᠠᠷᠤᠭ᠎ᠠ ᠳ᠋ᠢ ᠷᠦᠢ ᠮᠢᠨᠭᠤᠨ ᠬᠢᠭᠰᠡᠨ 《ᠯᠢ ᠵᠢᠶᠸ ᠰᠢᠶᠠᠨᠭ᠌ᠢ ᠲᠤᠰᠢᠶᠠᠯ᠎ᠳᠤ ᠲᠤᠮᠢᠯᠠᠬᠤ᠎ᠪᠠᠷ ᠳᠡᠪᠰᠢᠭᠥᠯᠥᠨ ᠲᠤᠭᠲᠠᠭ᠋ᠠᠯᠭ᠋ᠠᠬᠤ ᠲᠤᠬᠠᠢ ᠬᠤᠲᠠ ᠵᠢᠨ ᠵᠠᠰᠠᠭ᠎ᠤᠨ ᠤᠷᠳᠤᠨ᠎ᠤ ᠰᠠᠨᠠᠯ ᠵᠦᠪᠯᠡᠯᠭᠡ》 ᠵᠢᠨ ᠲᠤᠲᠤᠷᠬᠠᠢ᠌ᠯᠠᠯᠲᠠ ᠵᠢ ᠰᠤᠨᠤᠰᠪᠠ; ᠬᠤᠲᠠ ᠵᠢᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠨᠭ᠌ᠭᠤ ᠵᠢᠨ ᠬᠤᠷᠢᠶ᠎ᠠ ᠵᠢᠨ ᠳᠡᠳ᠋ ᠡᠷᠬᠢᠯᠡᠭᠴᠢ ᠵᠠᠨᠭ᠌ ᠬᠤᠨᠭ᠌ ᠰᠢᠶᠠ ᠵᠢᠨ ᠬᠢᠭᠰᠡᠨ 《ᠴᠢᠨ ᠢ ᠵᠢᠨ ᠬᠦᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠬᠤᠲᠠ ᠵᠢᠨ ᠳᠠᠷᠤᠭ᠎ᠠ ᠵᠢᠨ ᠲᠤᠰᠢᠶᠠᠯ᠎ᠠᠴᠠ᠎ᠪᠠᠨ ᠪᠠᠭᠤᠬᠤ᠎ᠪᠠᠷ ᠭᠤᠶᠤᠴᠢᠯᠠᠭᠰᠠᠨ᠎ᠢ ᠬᠦᠯᠢᠶᠡᠨ ᠠᠪᠬᠤ ᠲᠤᠬᠠᠢ ᠬᠤᠲᠠ ᠵᠢᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠨᠭ᠌ᠭᠤ ᠵᠢᠨ ᠬᠤᠷᠢᠶ᠎ᠠ ᠵᠢᠨ ᠡᠷᠬᠢᠯᠡᠭᠴᠢ ᠨᠠᠷ᠎ᠤᠨ ᠬᠤᠷᠠᠯ᠎ᠤᠨ ᠰᠠᠨᠠᠯ ᠵᠦᠪᠯᠡᠯᠭᠡ》 ᠵᠢᠨ ᠲᠤᠲᠤᠷᠬᠠᠢ᠌ᠯᠠᠯᠲᠠ ᠵᠢ ᠰᠤᠨᠤᠰᠪᠠ; 《ᠴᠢᠨ ᠢ ᠵᠢᠨ ᠬᠦᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠬᠤᠲᠠ ᠵᠢᠨ ᠳᠠᠷᠤᠭ᠎ᠠ ᠵᠢᠨ ᠲᠤᠰᠢᠶᠠᠯ᠎ᠠᠴᠠ᠎ᠪᠠᠨ ᠪᠠᠭᠤᠬᠤ᠎ᠪᠠᠷ ᠭᠤᠶᠤᠴᠢᠯᠠᠭᠰᠠᠨ᠎ᠢ ᠬᠦᠯᠢᠶᠡᠨ ᠠᠪᠬᠤ ᠲᠤᠬᠠᠢ ᠬᠤᠲᠠ ᠵᠢᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠨᠭ᠌ᠭᠤ ᠵᠢᠨ ᠬᠤᠷᠢᠶ᠎ᠠ ᠵᠢᠨ ᠡᠷᠬᠢᠯᠡᠭᠴᠢ ᠨᠠᠷ᠎ᠤᠨ ᠬᠤᠷᠠᠯ᠎ᠤᠨ ᠰᠠᠨᠠᠯ ᠵᠦᠪᠯᠡᠯᠭᠡ》 ᠵᠢ ᠬᠢᠨᠠᠨ ᠵᠦᠪᠯᠡᠪᠡ; 《ᠴᠢᠨ ᠢ ᠵᠢᠨ ᠬᠦᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠬᠤᠲᠠ ᠵᠢᠨ ᠳᠠᠷᠤᠭ᠎ᠠ ᠵᠢᠨ ᠲᠤᠰᠢᠶᠠᠯ᠎ᠠᠴᠠ᠎ᠪᠠᠨ ᠪᠠᠭᠤᠬᠤ᠎ᠪᠠᠷ ᠭᠤᠶᠤᠴᠢᠯᠠᠭᠰᠠᠨ᠎ᠢ ᠬᠦᠯᠢᠶᠡᠨ ᠠᠪᠬᠤ ᠲᠤᠬᠠᠢ ᠲᠤᠭᠲᠠᠭ᠋ᠠᠯ》᠎ᠢ ᠭᠠᠷ ᠡᠷᠭᠦᠨ ᠪᠠᠲᠤᠯᠠᠪᠠ; ᠬᠤᠲᠠ ᠵᠢᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠨᠭ᠌ᠭᠤ ᠵᠢᠨ ᠬᠤᠷᠢᠶ᠎ᠠ ᠵᠢᠨ ᠳᠡᠳ᠋ ᠡᠷᠬᠢᠯᠡᠭᠴᠢ ᠵᠠᠨᠭ᠌ ᠬᠤᠨᠭ᠌ ᠰᠢᠶᠠ ᠵᠢᠨ ᠬᠢᠭᠰᠡᠨ 《ᠯᠢ ᠵᠢᠶᠸ ᠰᠢᠶᠠᠨᠭ᠌ᠢ ᠬᠦᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠤᠷᠤᠯᠠᠭᠴᠢ ᠬᠤᠲᠠ ᠵᠢᠨ ᠳᠠᠷᠤᠭ᠎ᠠ᠎ᠪᠠᠷ ᠳᠡᠪᠰᠢᠬᠦᠯᠬᠦ ᠲᠤᠬᠠᠢ ᠬᠤᠲᠠ ᠵᠢᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠨᠭ᠌ᠭᠤ ᠵᠢᠨ ᠬᠤᠷᠢᠶ᠎ᠠ ᠵᠢᠨ ᠡᠷᠬᠢᠯᠡᠭᠴᠢ ᠨᠠᠷ᠎ᠤᠨ ᠬᠤᠷᠠᠯ᠎ᠤᠨ ᠰᠠᠨᠠᠯ ᠵᠦᠪᠯᠡᠯᠭᠡ》 ᠵᠢᠨ ᠲᠤᠲᠤᠷᠬᠠᠢ᠌ᠯᠠᠯᠲᠠ ᠵᠢ ᠰᠤᠨᠤᠰᠪᠠ; 《ᠯᠢ ᠵᠢᠶᠸ ᠰᠢᠶᠠᠨᠭ᠌ᠢ ᠬᠦᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠤᠷᠤᠯᠠᠭᠴᠢ ᠬᠤᠲᠠ ᠵᠢᠨ ᠳᠠᠷᠤᠭ᠎ᠠ᠎ᠪᠠᠷ ᠳᠡᠪᠰᠢᠬᠦᠯᠬᠦ ᠲᠤᠬᠠᠢ ᠬᠤᠲᠠ ᠵᠢᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠨᠭ᠌ᠭᠤ ᠵᠢᠨ ᠬᠤᠷᠢᠶ᠎ᠠ ᠵᠢᠨ ᠡᠷᠬᠢᠯᠡᠭᠴᠢ ᠨᠠᠷ᠎ᠤᠨ ᠬᠤᠷᠠᠯ᠎ᠤᠨ ᠰᠠᠨᠠᠯ ᠵᠦᠪᠯᠡᠯᠭᠡ》 ᠵᠢ ᠬᠢᠨᠠᠨ ᠵᠦᠪᠯᠡᠪᠡ; ᠯᠢ ᠵᠢᠶᠸ ᠰᠢᠶᠠᠨᠭ᠌ᠢ ᠬᠦᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠤᠷᠤᠯᠠᠭᠴᠢ ᠬᠤᠲᠠ ᠵᠢᠨ ᠳᠠᠷᠤᠭ᠎ᠠ ᠪᠤᠯᠭ᠋ᠠᠬᠤ ᠲᠤᠬᠠᠢ ᠲᠤᠭᠲᠠᠭ᠋ᠠᠯ᠎ᠢ ᠭᠠᠷ ᠡᠷᠭᠦᠨ ᠪᠠᠲᠤᠯᠠᠪᠠ᠃
ᠬᠤᠷᠠᠯ᠎ᠤᠨ ᠡᠴᠦᠰ᠎ᠲᠤ᠂ ᠤᠷᠤᠯᠠᠭᠴᠢ ᠬᠤᠲᠠ ᠵᠢᠨ ᠳᠠᠷᠤᠭ᠎ᠠ ᠯᠢ ᠵᠢᠶᠸ ᠰᠢᠶᠠᠨᠭ᠌ 《ᠦᠨᠳᠦᠰᠦᠨ ᠬᠠᠤᠯᠢ》᠎ᠳᠤ ᠲᠠᠨᠭ᠌ᠭ᠋ᠠᠷᠢᠭᠯᠠᠭᠰᠠᠨᠤ ᠬᠠᠮᠲᠤ᠂ ᠤᠪᠤᠷ ᠵᠶ᠋ᠠᠨ ᠢᠯᠡᠳᠭᠡᠭᠰᠡᠨ ᠶᠠᠷᠢᠶ᠎ᠠ ᠲᠠᠯᠪᠢᠪᠠ᠃ (ᠰᠤᠷᠪᠤᠯᠵᠢᠯᠠᠭᠴᠢ ᠯᠢᠥ ᠶᠠᠨ ᠹᠠᠨᠭ᠌)
ᠯᠢ ᠵᠢᠶᠸ ᠰᠢᠶᠠᠨᠭ᠌᠎ᠤᠨ ᠲᠤᠪᠴᠢ ᠨᠠᠮᠲᠠᠷ
ᠯᠢ ᠵᠢᠶᠸ ᠰᠢᠶᠠᠨᠭ᠌᠂ ᠡᠷᠡᠭᠲᠠᠢ᠂ ᠬᠢᠲᠠᠳ ᠦᠨᠳᠦᠰᠦᠲᠠᠨ᠂ 1964 ᠤᠨ᠎ᠤ 3 ᠳ᠋ᠤᠭ᠋ᠠᠷ ᠰᠠᠷ᠎ᠠ᠎ᠳᠤ ᠲᠦᠷᠦᠵᠠᠢ᠂ ᠦᠪᠦᠷ ᠮᠤᠨᠭ᠌ᠭᠤᠯ᠎ᠤᠨ ᠵᠡᠭᠦᠨᠭ᠋ᠠᠷ ᠬᠤᠰᠢᠭᠤᠨ᠎ᠤ ᠬᠦᠮᠦᠨ᠂ 1985 ᠤᠨ᠎ᠤ 7 ᠳ᠋ᠤᠭ᠋ᠠᠷ ᠰᠠᠷ᠎ᠠ᠎ᠳᠤ ᠠᠵᠢᠯ᠎ᠳᠤ ᠤᠷᠤᠯᠴᠠᠪᠠ᠂ 1985 ᠤᠨ᠎ᠤ 1 ᠳ᠋ᠤᠭᠡᠷ ᠰᠠᠷ᠎ᠠ᠎ᠳᠤ ᠳᠤᠮᠳᠠᠲᠤ ᠤᠯᠤᠰ᠎ᠤᠨ ᠡᠪ ᠬᠠᠮᠲᠤ ᠨᠠᠮ᠎ᠳᠤ ᠡᠯᠰᠡᠭᠳᠡᠪᠡ᠂ ᠲᠦᠪ᠎ᠤᠨ ᠨᠠᠮ᠎ᠤᠨ ᠰᠤᠷᠭ᠋ᠠᠭᠤᠯᠢ ᠵᠢᠨ ᠠᠵᠤ ᠠᠬᠤᠢ ᠵᠢᠨ ᠬᠠᠮᠢᠶᠠᠷᠤᠯᠲᠠ ᠵᠢᠨ ᠲᠤᠰᠬᠠᠢ ᠮᠡᠷᠭᠡᠵᠢᠯ ᠵᠶ᠋ᠠᠷ ᠲᠡᠭᠦᠰᠴᠦ᠂ ᠲᠦᠪ᠎ᠤᠨ ᠨᠠᠮ᠎ᠤᠨ ᠰᠤᠷᠭ᠋ᠠᠭᠤᠯᠢ ᠵᠢᠨ ᠠᠰᠫᠢᠷᠠᠨᠲ᠎ᠤᠨ ᠰᠤᠷᠤᠯᠭ᠎ᠠ ᠵᠢᠨ ᠨᠠᠮᠲᠠᠷ᠎ᠲᠠᠢ᠃ ᠤᠳᠤ ᠬᠦᠬᠡᠬᠤᠲᠠ ᠵᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠬᠦᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠤᠷᠤᠯᠠᠭᠴᠢ ᠬᠤᠲᠠ ᠵᠢᠨ ᠳᠠᠷᠤᠭ᠎ᠠ ᠵᠢᠨ ᠲᠤᠰᠢᠶᠠᠯ᠎ᠳᠤ ᠪᠤᠢ᠃
1985.07 —1986.06 ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠤᠭᠤᠲᠤ ᠵᠢᠨ ᠪᠠᠭᠰᠢ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠨᠠᠮ᠎ᠤᠨ ᠬᠤᠷᠢᠶ᠎ᠠ ᠵᠢᠨ ᠵᠤᠬᠢᠶᠠᠨ ᠪᠠᠢ᠌ᠭᠤᠯᠬᠤ ᠭᠡᠯᠳᠡᠰ᠂ ᠬᠢᠴᠢᠶᠡᠯ ᠬᠦᠮᠦᠵᠢᠯ᠎ᠤᠨ ᠭᠠᠵᠠᠷ᠎ᠲᠤ ᠠᠵᠢᠯᠯᠠᠵᠤ ᠪᠠᠢ᠌ᠪᠠ;
1986.06 —1993.09 ᠦᠪᠦᠷ ᠮᠤᠨᠭ᠌ᠭᠤᠯ᠎ᠤᠨ ᠪᠤᠭᠤᠲᠤ ᠬᠤᠲᠠ ᠵᠢᠨ ᠨᠠᠮ᠎ᠤᠨ ᠬᠤᠷᠢᠶ᠎ᠠ ᠵᠢᠨ ᠠᠯᠪᠠᠨ ᠲᠢᠨᠭᠬᠢᠮ᠎ᠤᠨ ᠤᠯᠤᠰ ᠲᠦᠷᠦ ᠵᠢᠨ ᠠᠵᠢᠯ᠎ᠤᠨ ᠰᠠᠯᠠᠭ᠎ᠠ ᠵᠢᠨ ᠠᠵᠢᠯᠯᠠᠭᠴᠢ᠂ ᠪᠠᠢ᠌ᠨᠭ᠌ᠭᠤ ᠵᠢᠨ ᠬᠤᠷᠢᠶ᠎ᠠ ᠵᠢᠨ ᠨᠠᠷᠢᠨ ᠪᠢᠴᠢᠭᠡᠴᠢ᠂ ᠱᠦᠵᠢ ᠵᠢᠨ ᠨᠠᠷᠢᠨ ᠪᠢᠴᠢᠭᠡᠴᠢ᠂ ᠨᠠᠷᠢᠨ ᠪᠢᠴᠢᠭ᠎ᠤᠨ ᠨᠢᠭᠡᠳᠦᠭᠡᠷ ᠭᠠᠵᠠᠷ᠎ᠤᠨ ᠳᠡᠳ᠋ ᠳᠠᠷᠤᠭ᠎ᠠ ᠪᠠᠢ᠌ᠪᠠ;
1993.09 —1994.11 ᠬᠠᠢ᠌ᠨᠠᠨ᠎ᠤ ᠯᠢ ᠰᠢᠶᠠᠨᠭ᠌ ᠠᠵᠤ ᠦᠢ᠍ᠯᠡᠰ᠎ᠤᠨ ᠬᠦᠭᠵᠢᠯᠲᠡ ᠵᠢᠨ ᠺᠤᠮᠫᠠᠨᠢ ᠵᠢᠨ ᠳᠡᠳ᠋ ᠬᠡᠷᠡᠭ ᠮᠡᠳᠡᠭᠴᠢᠳ᠎ᠤᠨ ᠳᠠᠷᠤᠭ᠎ᠠ᠂ ᠪᠤᠭᠤᠲᠤ ᠵᠢᠨ ᠺᠤᠮᠫᠠᠨᠢ ᠵᠢᠨ ᠶᠡᠷᠦᠨᠭᠭᠡᠢ ᠳᠠᠭ᠋ᠠᠭ᠋ᠠᠮᠠᠯ
ᠪᠠᠢ᠌ᠪᠠ;
1994.11 —1997.11 ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠤᠯᠢᠨ ᠭᠤᠤᠯ ᠬᠤᠲᠠ ᠵᠢᠨ ᠳᠡᠳ᠋ ᠳᠠᠷᠤᠭ᠎ᠠ (ᠵᠢᠭᠡᠯᠡᠵᠤ ᠤᠷᠢᠭᠰᠠᠨ) ᠪᠠᠢ᠌ᠪᠠ;
1997.11 —2000.10 ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠤᠭᠤᠲᠤ ᠬᠤᠲᠠ ᠵᠢᠨ ᠴᠢᠨᠭ᠌ᠱ᠌ᠠᠨ ᠲᠤᠭᠤᠷᠢᠭ᠎ᠤᠨ ᠳᠡᠳ᠋ ᠳᠠᠷᠤᠭ᠎ᠠ ᠪᠠᠢ᠌ᠪᠠ;
2000.10 —2002.12 ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠤᠭᠤᠲᠤ ᠬᠤᠲᠠ ᠵᠢᠨ ᠰᠢᠭᠤᠢ᠌ᠲᠤ ᠲᠤᠭᠤᠷᠢᠭ᠎ᠤᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠷᠤᠯᠠᠭᠴᠢ ᠲᠤᠭᠤᠷᠢᠭ᠎ᠤᠨ ᠳᠠᠷᠤᠭ᠎ᠠ᠂ ᠲᠤᠭᠤᠷᠢᠭ᠎ᠤᠨ ᠳᠠᠷᠤᠭ᠎ᠠ ᠪᠠᠢ᠌ᠪᠠ;
2002.12 —2003.11 ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠤᠭᠤᠲᠤ ᠬᠤᠲᠠ ᠵᠢᠨ ᠰᠢᠭᠤᠢ᠌ᠲᠤ ᠲᠤᠭᠤᠷᠢᠭ᠎ᠤᠨ ᠨᠠᠮ᠎ᠤᠨ ᠬᠤᠷᠢᠶ᠎ᠠ ᠵᠢᠨ ᠱᠦᠵᠢ ᠪᠠᠢ᠌ᠪᠠ;
2003.11 —2007.11 ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠦᠮᠡᠳ ᠪᠠᠷᠠᠭᠤᠨ ᠬᠤᠰᠢᠭᠤᠨ᠎ᠤ ᠨᠠᠮ᠎ᠤᠨ ᠬᠤᠷᠢᠶ᠎ᠠ ᠵᠢᠨ ᠱᠦᠵᠢ᠂ ᠬᠤᠰᠢᠭᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠨᠭ᠌ᠭᠤ ᠵᠢᠨ ᠬᠤᠷᠢᠶ᠎ᠠ ᠵᠢᠨ ᠡᠷᠬᠢᠯᠡᠭᠴᠢ ᠪᠠᠢ᠌ᠪᠠ;
2007.11 —2010.09 ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠤᠭᠤᠲᠤ ᠵᠢᠨ ᠬᠤᠲᠠ ᠵᠢᠨ ᠨᠠᠮ᠎ᠤᠨ ᠬᠤᠷᠢᠶ᠎ᠠ ᠵᠢᠨ ᠪᠠᠢ᠌ᠨᠭ᠌ᠭᠤ ᠵᠢᠨ ᠬᠡᠰᠢᠬᠦᠨ᠂ ᠲᠦᠮᠡᠳ ᠪᠠᠷᠠᠭᠤᠨ ᠬᠤᠰᠢᠭᠤᠨ᠎ᠤ ᠨᠠᠮ᠎ᠤᠨ ᠬᠤᠷᠢᠶ᠎ᠠ ᠵᠢᠨ ᠱᠦᠵᠢ ᠪᠠᠢ᠌ᠪᠠ;
2010.09 —2011.08 ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠤᠭᠤᠲᠤ ᠵᠢᠨ ᠬᠤᠲᠠ ᠵᠢᠨ ᠨᠠᠮ᠎ᠤᠨ ᠬᠤᠷᠢᠶ᠎ᠠ ᠵᠢᠨ ᠪᠠᠢ᠌ᠨᠭ᠌ᠭᠤ ᠵᠢᠨ ᠬᠡᠰᠢᠭᠦᠨ᠂ ᠬᠤᠲᠠ ᠵᠢᠨ ᠳᠡᠳ᠋ ᠳᠠᠷᠤᠭ᠎ᠠ ᠪᠠᠢ᠌ᠪᠠ;
2011.08 —2013.05 ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠦᠨᠭᠯᠢᠶᠤᠤ ᠬᠤᠲᠠ ᠵᠢᠨ ᠨᠠᠮ᠎ᠤᠨ ᠬᠤᠷᠢᠶ᠎ᠠ ᠵᠢᠨ ᠪᠠᠢ᠌ᠨᠭ᠌ᠭᠤ ᠵᠢᠨ ᠬᠡᠰᠢᠭᠦᠨ᠂ ᠬᠤᠲᠠ ᠵᠢᠨ ᠳᠡᠳ᠋ ᠳᠠᠷᠤᠭ᠎ᠠ ᠪᠠᠢ᠌ᠪᠠ;
2013.05 —2015.04 ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠭᠵᠢᠬᠦᠯᠦᠯᠲᠡ ᠦᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ᠂ ᠨᠠᠮ᠎ᠤᠨ ᠤᠳᠤᠷᠢᠳᠬᠤ ᠳᠤᠭᠤᠢ᠌ᠯᠠᠨᠭ᠌᠎ᠤᠨ ᠪᠦᠷᠢᠯᠳᠦᠬᠦᠨ ᠪᠦᠭᠡᠳ ᠡᠨ᠋ᠸᠷᠬᠢ ᠵᠢᠨ ᠨᠡᠭᠡᠭᠡᠯᠲᠡ ᠵᠢᠨ ᠲᠤᠪᠴᠢᠶ᠎ᠠ ᠵᠢᠨ ᠳᠠᠷᠤᠭ᠎ᠠ (ᠲᠢᠨᠭᠬᠢᠮ᠎ᠤᠨ ᠲᠡᠷᠢᠭᠥᠨ ᠳᠡᠰ) ᠪᠠᠢ᠌ᠪᠠ;
2015.04 — ᠬᠦᠬᠡᠬᠤᠲᠠ ᠵᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠬᠦᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠤᠷᠤᠯᠠᠭᠴᠢ ᠬᠤᠲᠠ ᠵᠢᠨ ᠳᠠᠷᠤᠭ᠎ᠠ᠎ᠪᠠᠷ ᠪᠤᠢ᠃