ᠲᠤᠰᠢᠶᠠᠯ᠎ᠤᠨ ᠲᠣᠮᠢᠯᠠᠯᠲᠠ   -   ᠲᠣᠰᠢᠶᠠᠯ᠎ᠳᠤ ᠲᠣᠮᠢᠯᠠᠭᠰᠠᠨ ᠮᠡᠳᠡᠭᠳᠡᠯ
ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠲᠢᠩᠬᠢᠮ ᠲᠤᠪᠴᠢᠶ᠎ᠠ ᠵᠢᠨ ᠲᠡᠰ᠎ᠤᠨ ᠤᠳᠤᠷᠢᠳᠬᠤ ᠺᠠᠳ᠋ᠷ ᠵᠶ᠋ᠠᠷ ᠲᠡᠪᠰᠢᠬᠦᠯᠦᠨ ᠲᠤᠮᠢᠯᠠᠬᠤ᠎ᠪᠠᠷ ᠪᠠᠢ᠍ᠢ᠍ᠭ᠎ᠠ 5 ᠬᠦᠮᠦᠨ᠎ᠢ ᠢᠯᠡ ᠨᠡᠢ᠌ᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2016-12-28

      ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠰᠤᠳᠤᠯᠤᠭ᠋ᠠᠳ ᠲᠢᠩᠬᠢᠮ ᠲᠤᠪᠴᠢᠶ᠎ᠠ ᠵᠢᠨ ᠲᠡᠰ᠎ᠤᠨ ᠤᠳᠤᠷᠢᠳᠬᠤ ᠺᠠᠳ᠋ᠷ ᠵᠶ᠋ᠠᠷ ᠲᠡᠪᠰᠢᠬᠦᠯᠥᠨ ᠲᠤᠮᠢᠯᠠᠬᠤ᠎ᠪᠠᠷ ᠪᠠᠢ᠍ᠢ᠍ᠭ᠎ᠠ 5 ᠬᠦᠮᠤᠨ᠎ᠢ ᠢᠯᠡ ᠨᠡᠢ᠍ᠢ᠍ᠳᠡᠯᠡᠬᠦ᠎ᠪᠠᠷ

ᠲᠤᠭᠳᠠᠵᠠᠢ᠃
      ᠨᠢᠬᠡ᠂ ᠢᠯᠡ ᠨᠡᠢ᠍ᠢ᠍ᠳᠡᠯᠡᠬᠦ ᠨᠡᠷᠡᠰ
      ᠯᠢ ᠵᠦᠩ ᠺᠠᠢ᠂ 1966 ᠤᠨ᠎ᠤ 10 ᠰᠠᠷ᠎ᠠ᠎ᠳᠤ ᠲᠦᠷᠦᠵᠡᠢ᠂ ᠥᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠵᠢᠨ ᠳᠡᠭᠡᠳᠦ ᠰᠤᠷᠭ᠋ᠠᠭᠤᠯᠢ ᠵᠢᠨ ᠠᠰᠫᠢᠷᠠᠨᠲ᠎ᠤᠨ ᠰᠤᠷᠤᠯᠭ᠎ᠠ ᠵᠢᠨ ᠨᠠᠮᠳᠠᠷ᠎ᠲᠠᠢ᠂ ᠲᠠᠷᠢᠶᠠᠯᠠᠩ᠎ᠤᠨ ᠤᠬᠠᠭ᠋ᠠᠨ᠎ᠤ ᠮᠠᠰᠲᠸᠷ᠂ ᠳᠡᠭᠡᠳᠦ ᠲᠡᠰ᠎ᠤᠨ ᠠᠵᠤ ᠠᠬᠤᠢ᠍ᠢ᠍ᠴᠢ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠬᠡᠰᠢᠬᠦᠨ᠂ ᠤᠳᠤ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠦᠭᠡᠷᠡᠴᠢᠯᠡᠯᠳᠠ ᠵᠢ ᠪᠦᠬᠦ ᠲᠠᠯ᠎ᠠ᠎ᠪᠠᠷ ᠬᠦᠨᠵᠡᠭᠡᠢ᠍ᠢ᠍ᠷᠡᠬᠦᠯᠬᠦ ᠤᠳᠤᠷᠢᠳᠬᠤ ᠲᠤᠭᠤᠢ᠍ᠢ᠍ᠯᠠᠩ᠎ᠤᠨ ᠠᠯᠪᠠᠨ ᠭᠡᠷ᠎ᠤᠨ ᠳᠡᠳ᠋ ᠡᠷᠬᠢᠯᠡᠭᠴᠢ᠂ ᠦᠪᠡᠷᠲᠡᠭᠡᠨ ᠵᠠᠰᠠᠬᠤ ᠤᠷᠤᠨ᠎ᠤ ᠬᠦᠭᠵᠢᠬᠦᠯᠦᠯᠳᠠ ᠦᠭᠡᠷᠡᠴᠢᠯᠡᠯᠳᠠ ᠵᠢᠨ ᠵᠦᠪᠯᠡᠯ᠎ᠤᠨ ᠨᠠᠮ᠎ᠤᠨ ᠤᠳᠤᠷᠢᠳᠬᠤ ᠲᠤᠭᠤᠢ᠍ᠢ᠍ᠯᠠᠩ᠎ᠤᠨ ᠪᠦᠷᠢᠯᠳᠦᠬᠦᠨ᠎ᠤ ᠲᠤᠰᠢᠶᠠᠯ᠎ᠲᠠᠢ᠂ ᠤᠳᠤ ᠦᠪᠡᠷᠲᠡᠭᠡᠨ ᠵᠠᠰᠠᠬᠤ ᠤᠷᠤᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠲᠢᠩᠬᠢᠮ᠎ᠤᠨ ᠲᠡᠰ᠎ᠤᠨ ᠤᠳᠤᠷᠢᠳᠬᠤ ᠲᠤᠰᠢᠶᠡᠯ᠎ᠳᠤ ᠲᠡᠪᠰᠢᠬᠦᠯᠦᠨ ᠲᠤᠮᠢᠯᠠᠬᠤ᠎ᠪᠠᠷ ᠪᠤᠢ᠃
      ᠬᠤ᠌ ᠹᠸᠩ᠂ 1966 ᠤᠨ᠎ᠤ 2 ᠰᠠᠷ᠎ᠠ᠎ᠳᠤ ᠲᠦᠷᠦᠵᠡᠢ᠂ ᠡᠳ᠋᠎ᠤᠨ ᠵᠠᠰᠠᠭ᠎ᠤᠨ ᠶᠠᠮᠤᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠠᠰᠫᠢᠷᠠᠨᠲ᠎ᠤᠨ ᠰᠤᠷᠤᠯᠭ᠎ᠠ ᠵᠢᠨ ᠨᠠᠮᠳᠠᠷ᠎ᠲᠠᠢ᠂ ᠠᠵᠤ ᠠᠬᠤᠢ ᠵᠢᠨ ᠤᠬᠠᠭ᠋ᠠᠨ᠎ᠤ ᠳ᠋ᠤᠺᠲ᠋ᠤᠷ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠬᠡᠰᠢᠬᠦᠨ᠂ ᠤᠳᠤ ᠪᠠᠶᠠᠨᠨᠠᠭᠤᠷ ᠬᠤᠳᠠ ᠵᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠦᠷᠦ ᠬᠠᠤᠯᠢ ᠴᠠᠭ᠋ᠠᠵᠠ ᠵᠢᠨ ᠵᠦᠪᠯᠡᠯ᠎ᠤᠨ ᠱᠦᠵᠢ᠂ ᠨᠠᠮ᠎ᠤᠨ ᠰᠤᠷᠭ᠋ᠠᠭᠤᠯᠢ ᠵᠢᠨ ᠵᠠᠬᠢᠷᠤᠯ᠎ᠤᠨ ᠲᠤᠰᠢᠶᠠᠯ᠎ᠲᠠᠢ᠂ ᠦᠪᠡᠷᠲᠡᠭᠡᠨ ᠵᠠᠰᠠᠬᠤ ᠤᠷᠤᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠨ ᠵᠢᠨ ᠲᠢᠩᠬᠢᠮ᠎ᠤᠨ ᠲᠡᠰ᠎ᠤᠨ ᠤᠳᠤᠷᠢᠳᠬᠤ ᠲᠤᠰᠢᠶᠡᠯ᠎ᠳᠤ ᠲᠡᠪᠰᠢᠬᠦᠯᠦᠨ ᠲᠤᠮᠢᠯᠠᠬᠤ᠎ᠪᠠᠷ ᠪᠤᠢ᠃
      ᠴᠸᠨ ᠪᠠᠢ ᠱᠠᠨ᠂ 1962 ᠤᠨ᠎ᠤ 10 ᠰᠠᠷ᠎ᠠ᠎ᠳᠤ ᠲᠦᠷᠦᠵᠠᠢ᠂ ᠮᠤᠩᠭᠤᠯ ᠦᠨᠳᠦᠰᠦᠳᠡᠨ᠂ ᠥᠪᠦᠷ ᠮᠤᠩᠭᠤᠯ᠎ᠤᠨ ᠨᠠᠮ᠎ᠤᠨ ᠰᠤᠷᠭ᠋ᠠᠭᠤᠯᠢ ᠵᠢᠨ ᠠᠰᠫᠢᠷᠠᠨᠲ᠎ᠤᠨ ᠰᠤᠷᠤᠯᠭ᠎ᠠ ᠵᠢᠨ ᠨᠠᠮᠳᠠᠷ᠎ᠲᠠᠢ᠂ ᠳᠡᠭᠡᠳᠦ ᠲᠡᠰ᠎ᠤᠨ ᠤᠯᠤᠰ ᠲᠦᠷᠦ ᠵᠢᠨ ᠠᠵᠢᠯᠯᠠᠭᠴᠢ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠬᠡᠰᠢᠬᠦᠨ᠂ ᠥᠪᠦᠷ ᠮᠤᠩᠭᠤᠯ᠎ᠤᠨ ᠤᠢ ᠰᠢᠭᠤᠢ ᠵᠢᠨ ᠠᠵᠤ ᠦᠢ᠍ᠯᠡᠳᠪᠤᠷᠢ (ᠪᠦᠯᠦᠭᠯᠡᠯ) ᠵᠢᠨ ᠬᠢᠵᠠᠭ᠋ᠠᠷᠳᠤ ᠺᠤᠮᠫᠠᠨᠢ ᠵᠢᠨ ᠨᠠᠮ᠎ᠤᠨ ᠬᠤᠷᠢᠶ᠎ᠠ ᠵᠢᠨ ᠳᠡᠳ᠋ ᠱᠦᠵᠢ ᠵᠢᠨ ᠲᠤᠰᠢᠶᠠᠯ᠎ᠲᠠᠢ᠂ ᠦᠪᠡᠷᠲᠡᠭᠡᠨ ᠵᠠᠰᠠᠬᠤ ᠤᠷᠤᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠨ ᠵᠢᠨ ᠲᠢᠩᠬᠢᠮ᠎ᠤᠨ ᠲᠡᠰ᠎ᠤᠨ ᠤᠳᠤᠷᠢᠳᠬᠤ ᠲᠤᠰᠢᠶᠡᠯ᠎ᠳᠤ ᠲᠡᠪᠰᠢᠬᠦᠯᠦᠨ ᠲᠤᠮᠢᠯᠠᠬᠤ᠎ᠪᠠᠷ ᠪᠤᠢ᠃
      ᠶᠠᠨ ᠬᠤᠩ ᠭᠤᠸᠠᠩ᠂ 1970 ᠤᠨ᠎ᠤ 8 ᠰᠠᠷ᠎ᠠ᠎ᠳᠤ ᠲᠦᠷᠦᠵᠠᠢ᠂ ᠮᠤᠩᠭᠤᠯ ᠦᠨᠳᠦᠰᠦᠳᠡᠨ᠂ ᠥᠪᠦᠷ ᠮᠤᠩᠭᠤᠯ᠎ᠤᠨ ᠨᠠᠮ᠎ᠤᠨ ᠰᠤᠷᠭ᠋ᠠᠭᠤᠯᠢ ᠵᠢᠨ ᠠᠰᠫᠢᠷᠠᠨᠲ᠎ᠤᠨ ᠰᠤᠷᠤᠯᠭ᠎ᠠ ᠵᠢᠨ ᠨᠠᠮᠳᠠᠷ᠎ᠲᠠᠢ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠬᠡᠰᠢᠬᠦᠨ᠂ ᠤᠳᠤ ᠬᠦᠯᠦᠨ ᠪᠤᠢ᠍ᠢ᠍ᠷ ᠬᠤᠳᠠ ᠵᠢᠨ ᠨᠠᠮ᠎ᠤᠨ ᠬᠤᠷᠢᠶ᠎ᠠ ᠵᠢᠨ ᠪᠠᠢ᠍ᠢ᠍ᠩᠭᠤ ᠵᠢᠨ ᠭᠡᠰᠢᠬᠦᠨ᠂ ᠬᠠᠢ᠍ᠢ᠍ᠯᠠᠷ ᠲᠤᠭᠤᠷᠢᠭ᠎ᠤᠨ ᠨᠠᠮ᠎ᠤᠨ ᠬᠤᠷᠢᠶ᠎ᠠ ᠵᠢᠨ ᠱᠦᠵᠢ ᠵᠢᠨ ᠲᠤᠰᠢᠶᠡᠯ᠎ᠲᠠᠢ᠂ ᠦᠪᠡᠷᠲᠡᠭᠡᠨ ᠵᠠᠰᠠᠬᠤ ᠤᠷᠤᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠨ ᠵᠢᠨ ᠲᠢᠩᠬᠢᠮ᠎ᠤᠨ ᠲᠡᠰ᠎ᠤᠨ ᠤᠳᠤᠷᠢᠳᠬᠤ ᠲᠤᠰᠢᠶᠡᠯ᠎ᠳᠤ ᠲᠡᠪᠰᠢᠬᠦᠯᠦᠨ ᠲᠤᠮᠢᠯᠠᠬᠤ᠎ᠪᠠᠷ ᠪᠤᠢ᠃
      ᠴᠸᠨ ᠯᠢ ᠶᠠᠨ᠂ ᠡᠮᠡᠭᠳᠡᠢ᠂ 1960 ᠤᠨ᠎ᠤ 12 ᠰᠠᠷ᠎ᠠ᠎ᠳᠤ ᠲᠦᠷᠦᠵᠡᠢ᠂ ᠮᠤᠩᠭᠤᠯ ᠦᠨᠳᠦᠰᠦᠳᠡᠨ᠂ ᠴᠢᠴᠢᠬᠠᠷ᠎ᠤᠨ ᠪᠠᠭᠰᠢ ᠵᠢᠨ ᠳᠡᠭᠡᠳᠦ ᠰᠤᠷᠭ᠋ᠠᠭᠤᠯᠢ᠎ᠠᠴᠠ ᠳᠡᠬᠦᠰᠦᠭᠰᠡᠨ ᠶᠡᠬᠡ ᠰᠤᠷᠭ᠋ᠠᠭᠤᠯᠢ ᠵᠢᠨ ᠰᠤᠷᠤᠯᠭ᠎ᠠ ᠵᠢᠨ ᠨᠠᠮᠳᠠᠷ᠎ᠲᠠᠢ᠂ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠭᠡᠰᠢᠬᠦᠨ᠂ ᠤᠳᠤ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠪᠡᠯᠡᠳᠭᠡᠯ ᠭᠡᠰᠢᠬᠦᠨ᠂ ᠬᠠᠭᠤᠴᠢᠨ ᠪᠠᠷᠭᠤ ᠬᠤᠰᠢᠭᠤᠨ᠎ᠤ ᠨᠠᠮ᠎ᠤᠨ ᠬᠤᠷᠢᠶ᠎ᠠ ᠵᠢᠨ ᠱᠦᠵᠢ ᠵᠢᠨ ᠲᠤᠰᠢᠶᠡᠯ᠎ᠲᠠᠢ᠂ ᠠᠢ᠍ᠢ᠍ᠮᠠᠬ ᠬᠤᠳᠠ ᠵᠢᠨ ᠳᠡᠳ᠋ ᠲᠢᠩᠬᠢᠮ᠎ᠤᠨ ᠲᠡᠰ᠎ᠤᠨ ᠤᠳᠤᠷᠢᠳᠬᠤ ᠲᠤᠰᠢᠶᠡᠯ᠎ᠳᠤ ᠲᠡᠪᠰᠢᠬᠦᠯᠦᠨ ᠲᠤᠮᠢᠯᠠᠬᠤ᠎ᠪᠠᠷ ᠪᠤᠢ᠃
      ᠬᠤᠶᠠᠷ᠂ ᠢᠯᠡ ᠨᠡᠢ᠍ᠢ᠍ᠳᠡᠯᠡᠬᠦ ᠴᠠᠭ
     2016 ᠤᠨ᠎ᠤ 12 ᠳ᠋ᠤᠭ᠋ᠠᠷ ᠰᠠᠷ᠎ᠠ ᠵᠢᠨ 28᠎ᠤ ᠡᠳᠤᠷ᠎ᠠᠴᠠ 2017 ᠤᠨ᠎ᠤ 1 ᠳ᠋ᠤᠭᠡᠷ ᠰᠠᠷ᠎ᠠ ᠵᠢᠨ 4᠎ᠤ ᠡᠳᠤᠷ ᠪᠤᠯᠳᠠᠯ᠎ᠠ᠃
      ᠭᠤᠷᠪᠠ᠂ ᠬᠦᠯᠢᠶᠡᠨ ᠠᠪᠬᠤ ᠠᠷᠭ᠎ᠠ
      ᠨᠢᠬᠡᠴᠡ ᠪᠤᠯᠤᠨ ᠬᠤᠪᠢ ᠬᠦᠮᠥᠨ ᠰᠤᠷᠪᠤᠯᠵᠢᠯᠠᠬᠤ᠎ᠪᠠᠷ ᠢᠷᠡᠬᠦ᠂ ᠵᠠᠬᠢᠳᠠᠯ ᠢᠷᠡᠬᠦᠯᠬᠦ᠂ ᠤᠳᠠᠰᠤᠳᠠᠬᠤ ᠵᠡᠷᠬᠡ ᠬᠡᠯᠪᠡᠷᠢ᠎ᠪᠠᠷ ᠲᠡᠭᠡᠷᠡᠬᠢ ᠢᠯᠡ᠎ᠪᠠᠷ ᠨᠡᠢ᠍ᠢ᠍ᠳᠡᠯᠡᠭᠰᠡᠡ ᠬᠦᠮᠥᠰ᠎ᠤᠨ ᠬᠤᠯᠪᠤᠭᠳᠠᠯ ᠪᠦᠬᠦᠢ ᠪᠠᠢ᠍ᠢ᠍ᠳᠠᠯ ᠪᠤᠯᠤᠨ ᠠᠰᠠᠭᠤᠳᠠᠯ᠎ᠢ ᠲᠤᠰᠬᠠᠵᠥ ᠪᠤᠯᠤᠨ᠎ᠠ᠃ ᠲᠤᠰᠬᠠᠭᠰᠠᠠ ᠠᠰᠠᠭᠤᠳᠠᠯ᠎ᠢ ᠪᠠᠢ᠍ᠢ᠍ᠴᠠᠭ᠋ᠠᠬᠤ᠎ᠳᠤ ᠬᠡᠷᠡᠴᠢᠯᠡᠬᠦ ᠬᠦᠮᠥᠨ ᠵᠢᠴᠢ ᠪᠤᠰᠤᠳ ᠬᠤᠯᠪᠤᠭᠳᠠᠯ ᠪᠦᠬᠦᠢ ᠰᠦᠪᠡᠭᠴᠢ ᠬᠠᠩᠭ᠋ᠠᠬᠤ ᠬᠡᠷᠡᠭᠳᠡᠢ᠃ ᠪᠢᠳᠡ ᠠᠰᠠᠭᠤᠳᠠᠯ᠎ᠢ ᠲᠤᠰᠬᠠᠭᠰᠠᠤᠠ ᠵᠢᠴᠢ ᠲᠤᠰᠬᠠᠭᠰᠠᠠ ᠠᠰᠠᠭᠤᠳᠠᠯ᠎ᠤᠨ ᠨᠢᠭᠤᠴᠠ ᠵᠢ ᠬᠠᠮᠠᠭ᠋ᠠᠯᠠᠨ᠎ᠠ᠃
      ᠨᠡᠢ᠍ᠢ᠍ᠳᠡ᠎ᠳᠤ ᠵᠠᠷᠯᠠᠬᠤ ᠠᠯᠪᠠᠨ ᠭᠡᠷ᠎ᠢ ᠦᠪᠤᠷ ᠮᠤᠩᠭᠤᠯ᠎ᠤᠨ ᠨᠠᠮ ᠵᠠᠰᠠᠭ᠎ᠤᠨ ᠪᠠᠢ᠌ᠭᠤᠯᠭ᠎ᠠ ᠵᠢᠨ ᠠᠯᠪᠠᠨ ᠠᠰᠠᠷ᠎ᠤᠨ 401 ᠲᠠᠰᠤᠭ᠎ᠲᠤ ᠳᠤᠬᠢᠷᠠᠭᠤᠯᠪᠠ᠃
      ᠬᠦᠯᠢᠶᠡᠨ ᠠᠪᠬᠤ ᠴᠠᠭ᠄
      ᠡᠳᠤᠷ ᠪᠦᠷᠢ ᠵᠢᠨ ᠦᠳᠡ ᠵᠢᠨ ᠡᠮᠤᠨᠡᠬᠢ 9᠄ 00 — 12᠄ 00
      ᠦᠳᠡ ᠵᠢᠨ ᠬᠤᠢ᠍ᠢ᠍ᠨᠠᠬᠢ 13᠄ 30 — 17᠄ 00
      ᠬᠦᠯᠢᠶᠡᠨ ᠠᠪᠬᠤ ᠤᠳᠠᠰᠤ᠄ (0471) 12380


    ᠤᠨᠴᠠᠭ᠋ᠠᠢ᠍ᠢ᠍ᠯᠠᠨ ᠵᠠᠷᠯᠠᠪᠠ
    ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠵᠤᠬᠢᠶᠠᠨ ᠪᠠᠢ᠍ᠢ᠍ᠭᠤᠯᠬᠤ ᠬᠡᠯᠳᠡᠰ
                         2016 ᠤᠨ᠎ᠤ 12 ᠳ᠋ᠤᠭ᠋ᠠᠷ ᠰᠠᠷ᠎ᠠ ᠵᠢᠨ 27᠎ᠤ ᠡᠳᠤᠷ

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ