ᠠᠯᠠᠱ᠌ᠠ ᠠᠶ᠋ᠢᠮᠠᠭ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠮᠡᠳᠡᠭᠡ ᠵᠢ ᠦᠨᠳᠦᠰᠦᠯᠡᠪᠡᠯ᠂ ᠣᠷᠴᠢᠮᠬᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠤᠯᠤᠰ ᠳᠣᠢ᠍ᠷᠤ ᠬᠠᠤᠯᠢ ᠴᠠᠭ᠋ᠠᠵᠠ ᠵᠢᠨ ᠬᠣᠷᠢᠶᠠᠨ᠎ᠤ ᠱᠦᠵᠢ᠂ ᠲᠣᠭᠣᠷᠢᠨ ᠪᠠᠶ᠋ᠢᠴᠠᠭ᠋ᠠᠬᠤ ᠠᠵᠢᠯ᠎ᠤᠨ ᠠᠯᠪᠠᠨ ᠭᠡᠷ᠎ᠤᠨ ᠡᠷᠬᠢᠯᠡᠭᠴᠢ ᠯᠢᠦ ᠬᠣᠢ ᠠᠯᠠᠱ᠌ᠠ ᠠᠶ᠋ᠢᠮᠠᠭ᠎ᠲᠤ ᠭᠦᠨᠵᠡᠭᠡᠢ᠌ᠷᠡᠵᠦ᠂ ᠤᠯᠤᠰ ᠲᠥᠷᠥ ᠬᠠᠤᠯᠢ ᠴᠠᠭ᠋ᠠᠵᠠ ᠵᠢᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ ᠡᠯ᠎ᠡ ᠵᠦᠢ᠍ᠯ᠎ᠤᠨ ᠠᠵᠢᠯ᠎ᠢ ᠥᠷᠨᠢᠭᠦᠯᠵᠦ ᠪᠠᠶ᠋ᠢᠭ᠎ᠠ ᠪᠠᠶ᠋ᠢᠳᠠᠯ ᠪᠣᠯᠣᠨ ᠲᠣᠭᠣᠷᠢᠨ ᠪᠠᠶ᠋ᠢᠴᠠᠭ᠋ᠠᠵᠤ ᠴᠡᠭᠴᠡᠯᠡᠨ ᠥᠭᠡᠷᠡᠴᠢᠯᠡᠬᠦ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠲᠤᠬᠠᠶ ᠪᠠᠶ᠋ᠢᠴᠠᠭ᠋ᠠᠨ ᠰᠤᠳᠤᠯᠤᠯᠲᠠ ᠬᠢᠪᠡ᠃ ᠣᠶ᠋ᠢᠯᠠᠭ᠋ᠠᠭᠰᠠᠨ ᠵᠶ᠋ᠠᠷ᠂ ᠡᠭᠦᠨ᠎ᠠᠴᠠ ᠡᠮᠦᠨ᠎ᠡ ᠯᠢᠦ ᠬᠣᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠵᠢᠨ ᠲᠣᠭᠣᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠡᠷᠬᠢᠯᠡᠭᠴᠢ ᠵᠢᠨ ᠲᠤᠰᠢᠶᠠᠯ᠎ᠢ ᠡᠭᠦᠷᠭᠡᠯᠡᠵᠦ ᠪᠠᠢ᠌ᠪᠠ᠃
ᠯᠢᠦ ᠬᠣᠢ ᠨᠥᠬᠥᠷ᠎ᠤᠨ ᠲᠣᠪᠴᠢ ᠨᠠᠮᠲᠠᠷ

ᠯᠢᠦ ᠬᠣᠢ᠂ ᠡᠷᠡᠭᠲᠡᠶ᠂ ᠬᠢᠲᠠᠳ ᠦᠨᠳᠦᠰᠦᠲᠡᠨ᠂ 1966 ᠣᠨ᠎ᠤ 9 ᠰᠠᠷ᠎ᠠ᠎ᠳᠤ ᠲᠥᠷᠥᠵᠠᠢ᠂ ᠬᠤᠨᠠᠨ᠎ᠤ ᠯᠢ ᠰᠢᠶᠠᠨ᠎ᠤ ᠬᠥᠮᠦᠨ᠂ 1985 ᠣᠨ᠎ᠤ 7 ᠳ᠋ᠤᠭ᠋ᠠᠷ ᠰᠠᠷ᠎ᠠ᠎ᠳᠤ ᠠᠵᠢᠯ᠎ᠳᠤ ᠣᠷᠣᠵᠣ᠂ 1995 ᠣᠨ᠎ᠤ 10 ᠳ᠋ᠤᠭ᠋ᠠᠷ ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠪᠠ᠃
1985.07 ᠪᠡᠭᠡᠵᠢᠩ᠎ᠤᠨ ᠪᠤᠯᠤᠳ ᠰᠢᠯᠢ ᠰᠤᠳᠤᠯᠬᠤ ᠵᠢᠷᠤᠭ ᠲᠥᠯᠥᠪᠯᠡᠭᠡᠨ᠎ᠤ ᠬᠦᠷᠢᠶᠡᠯᠡᠩ᠎ᠤᠨ ᠪᠠᠭᠰᠢ ᠪᠠᠢ᠌ᠪᠠ
1987.09 ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭ᠋ᠠᠭᠤᠯᠢ ᠵᠢᠨ ᠠᠵᠤ ᠠᠬᠤᠶ ᠵᠢᠨ ᠰᠠᠯᠪᠤᠷᠢ ᠵᠢᠨ ᠠᠰᠫᠢᠷᠠᠨᠲ ᠪᠠᠢ᠌ᠪᠠ
1990.07 ᠬᠤᠳᠠᠯᠳᠤᠭ᠋ᠠᠨ᠎ᠤ ᠶᠠᠮᠤᠨ᠎ᠤ ᠬᠠᠩᠭ᠋ᠠᠨ ᠪᠣᠷᠣᠯᠠᠭᠤᠯᠬᠤ ᠬᠠᠮᠲᠤᠷᠠᠯᠴᠠᠭ᠋ᠠᠨ᠎ᠤ ᠬᠠᠮᠢᠶᠠᠷᠤᠯᠲᠠ ᠵᠢᠨ ᠵᠤᠷᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠵᠢᠯᠣᠭᠣᠳᠬᠤ ᠭᠠᠵᠠᠷ᠎ᠤᠨ ᠺᠠᠳ᠋ᠷ ᠪᠠᠢ᠌ᠪᠠ
1991.07 ᠬᠤᠳᠠᠯᠳᠤᠭ᠋ᠠᠨ᠎ᠤ ᠶᠠᠮᠤᠨ᠎ᠤ ᠬᠠᠩᠭ᠋ᠠᠨ ᠪᠣᠷᠣᠯᠠᠭᠤᠯᠬᠤ ᠬᠠᠮᠲᠤᠷᠠᠯᠴᠠᠭ᠋ᠠᠨ᠎ᠤ ᠬᠠᠮᠢᠶᠠᠷᠤᠯᠲᠠ ᠵᠢᠨ ᠵᠤᠷᠭ᠋ᠠᠨ᠂ ᠤᠯᠤᠰ᠎ᠤᠨ ᠳᠣᠲᠣᠭ᠋ᠠᠳᠤ ᠵᠢᠨ ᠠᠷᠠᠯᠵᠢᠶᠠᠨ᠎ᠤ ᠶᠠᠮᠤᠨ᠎ᠤ ᠬᠠᠩᠭ᠋ᠠᠨ ᠪᠣᠷᠣᠯᠠᠭᠤᠯᠬᠤ ᠶᠡᠷᠦᠩᠬᠡᠶ ᠬᠣᠷᠰᠢᠶᠠᠨ᠎ᠤ ᠬᠡᠷᠡᠭ ᠡᠷᠬᠢᠯᠡᠭᠴᠢᠳ᠎ᠤᠨ ᠵᠣᠬᠢᠶᠠᠨ ᠪᠠᠶ᠋ᠢᠭᠤᠯᠤᠨ ᠵᠢᠯᠣᠭᠣᠳᠬᠤ ᠭᠠᠵᠠᠷ᠎ᠤᠨ ᠡᠷᠬᠢᠯᠡᠬᠥ ᠭᠡᠰᠢᠭᠦᠴᠢ ᠪᠠᠢ᠌ᠪᠠ
1995.05 ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠵᠢᠨ ᠣᠯᠠᠨ ᠤᠯᠤᠰ᠎ᠤᠨ ᠬᠠᠮᠲᠤᠷᠠᠨ ᠠᠵᠢᠯᠯᠠᠬᠤ ᠬᠡᠯᠲᠡᠰ᠎ᠤᠨ ᠭᠠᠳᠠᠭ᠋ᠠᠳᠤ ᠠᠵᠤ ᠠᠬᠤᠶ ᠵᠢᠨ ᠬᠠᠷᠢᠯᠴᠠᠭ᠋ᠠᠨ᠎ᠤ ᠭᠠᠵᠠᠷ᠎ᠤᠨ ᠡᠷᠬᠢᠯᠡᠬᠥ ᠭᠡᠰᠢᠭᠦᠴᠢ ᠪᠠᠢ᠌ᠪᠠ
1996.09 ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠬᠡᠯᠲᠡᠰ᠎ᠤᠨ ᠭᠠᠳᠠᠭ᠋ᠠᠳᠤ ᠶᠠᠪᠤᠳᠠᠯ᠎ᠤᠨ ᠭᠠᠵᠠᠷ᠎ᠤᠨ ᠳᠡᠳ᠋ ᠳᠠᠷᠤᠭ᠎ᠠ ᠪᠠᠢ᠌ᠪᠠ
2001.05 ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠬᠡᠯᠲᠡᠰ᠎ᠤᠨ ᠭᠠᠳᠠᠭ᠋ᠠᠳᠤ ᠶᠠᠪᠤᠳᠠᠯ᠎ᠤᠨ ᠭᠠᠵᠠᠷ᠎ᠤᠨ ᠪᠠᠶ᠋ᠢᠴᠠᠭ᠋ᠠᠨ ᠰᠤᠳᠤᠯᠤᠭᠴᠢ ᠪᠠᠢ᠌ᠪᠠ
2001.07 ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠵᠢᠨ ᠬᠠᠮᠲᠤᠷᠠᠯᠴᠠᠭ᠋ᠠᠨ᠎ᠤ ᠵᠢᠯᠣᠭᠣᠳᠬᠤ ᠬᠡᠯᠲᠡᠰ᠎ᠤᠨ ᠳᠡᠳ᠋ ᠳᠠᠷᠤᠭ᠎ᠠ ᠪᠠᠢ᠌ᠪᠠ
2003.12 ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠵᠢᠨ ᠬᠠᠮᠲᠤᠷᠠᠯᠴᠠᠭ᠋ᠠᠨ᠎ᠤ ᠵᠢᠯᠣᠭᠣᠳᠬᠤ ᠬᠡᠯᠲᠡᠰ᠎ᠤᠨ ᠳᠡᠳ᠋ ᠳᠠᠷᠤᠭ᠎ᠠ ᠪᠥᠭᠡᠳ ᠶᠡᠷᠦᠩᠬᠡᠶ ᠬᠣᠷᠰᠢᠶ᠎ᠡ ᠵᠢᠨ ᠨᠡᠶ᠋ᠢᠭᠡᠮ᠎ᠤᠨ ᠪᠦᠯᠬᠦᠮ᠎ᠤᠨ ᠬᠠᠮᠢᠶᠠᠷᠤᠯᠲᠠ ᠵᠢᠨ ᠠᠯᠪᠠᠨ ᠭᠡᠷ᠎ᠤᠨ ᠡᠷᠬᠢᠯᠡᠭᠴᠢ ᠪᠠᠢ᠌ᠪᠠ
2005.11 ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠵᠢᠨ ᠬᠠᠮᠲᠤᠷᠠᠯᠴᠠᠭ᠋ᠠᠨ᠎ᠤ ᠵᠢᠯᠣᠭᠣᠳᠬᠤ ᠬᠡᠯᠲᠡᠰ᠎ᠤᠨ ᠳᠠᠷᠤᠭ᠎ᠠ ᠪᠠᠢ᠌ᠪᠠ
2010.04 ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠬᠡᠯᠲᠡᠰ᠎ᠤᠨ ᠳᠠᠷᠤᠭ᠎ᠠ (ᠶᠡᠷᠦᠩᠬᠡᠶ ᠬᠣᠷᠰᠢᠶ᠎ᠡ ᠵᠢᠨ ᠲᠠᠶ᠋ᠢᠸᠠᠨ᠎ᠤ ᠬᠡᠷᠡᠭ ᠡᠷᠬᠢᠯᠡᠬᠦ ᠠᠯᠪᠠᠨ ᠬᠡᠷ᠎ᠤᠨ ᠡᠷᠬᠢᠯᠡᠭᠴᠢ) ᠪᠠᠢ᠌ᠪᠠ
2010.10 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠰᠢᠨ᠎ᠡ ᠬᠣᠲᠠ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠪᠠᠢ᠌ᠪᠠ
2013.12 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠠᠢ ᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠱᠦᠵᠢ ᠪᠠᠢ᠌ᠪᠠ
2014.08 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠭᠣᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠡᠷᠬᠢᠯᠡᠭᠴᠢ ᠪᠠᠢ᠌ᠪᠠ
2016.01 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠭᠣᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠡᠷᠬᠢᠯᠡᠭᠴᠢ ᠪᠠᠢ᠌ᠪᠠ
2016.03 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠᠨ᠎ᠤ ᠱᠦᠵᠢ᠂ ᠲᠣᠭᠣᠷᠢᠨ ᠪᠠᠶ᠋ᠢᠴᠠᠭ᠋ᠠᠬᠤ ᠠᠵᠢᠯ᠎ᠤᠨ ᠠᠯᠪᠠᠨ ᠭᠡᠷ᠎ᠤᠨ ᠡᠷᠬᠢᠯᠡᠭᠴᠢ᠎ᠪᠠᠷ ᠪᠣᠢ