ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠲᠢᠩᠬᠢᠮ᠎ᠤᠨ ᠰᠦᠯᠵᠢᠶᠡᠨ᠎ᠤ 《ᠤᠳᠤᠷᠢᠳᠬᠤ ᠪᠠᠭ》᠎ᠤᠨ ᠪᠤᠯᠤᠩ᠎ᠠᠴᠠ ᠦᠵᠡᠪᠡᠯ᠂ ᠮᠢᠶᠣᠣ ᠶᠢᠨ ᠵᠤ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠵᠢᠨ ᠲᠤᠰᠢᠶᠠᠯ ᠡᠭᠦᠷᠭᠡᠯᠡᠪᠡ᠃
ᠨᠢᠳᠤᠨᠤᠨ᠎ᠤ 11 ᠳ᠋ᠦ᠍ᠭᠡᠷ ᠰᠠᠷ᠎ᠠ᠎ᠳᠤ᠂ ᠤᠷᠳᠤᠰ ᠬᠤᠳᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠳᠠᠷᠤᠭ᠎ᠠ ᠯᠢᠶᠠᠨ ᠰᠦ᠍ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠵᠢᠨ ᠲᠤᠰᠢᠶᠠᠯ᠎ᠳᠤ ᠰᠢᠯᠵᠢᠵᠦ᠂ ᠡᠨᠡ ᠵᠢᠯ᠎ᠤᠨ 1 ᠳ᠋ᠦ᠍ᠭᠡᠷ ᠰᠠᠷ᠎ᠠ ᠵᠢᠨ 15᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ 20 ᠳ᠋ᠤᠭ᠋ᠠᠷ ᠤᠳᠠᠭ᠋ᠠᠨ᠎ᠤ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠲᠢᠩᠬᠢᠮ᠎ᠤᠨ ᠳᠠᠷᠤᠭ᠎ᠠ᠎ᠪᠠᠷ ᠲᠣᠮᠢᠯᠠᠭᠳᠠᠪᠠ; 1 ᠳ᠋ᠦ᠍ᠭᠡᠷ ᠰᠠᠷ᠎ᠠ ᠵᠢᠨ 28᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭ᠋ᠠᠨ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠳᠡᠳ᠋ ᠡᠷᠬᠢᠯᠡᠭᠴᠢ᠎ᠪᠠᠷ ᠰᠣᠩᠭᠣᠭᠳᠠᠪᠠ᠃
ᠮᠢᠶᠣᠣ ᠶᠢᠨ ᠵᠤ᠌᠂ ᠡᠷᠡᠭᠲᠡᠶ᠂ 1957 ᠣᠨ᠎ᠤ 10 ᠳ᠋ᠤᠭ᠋ᠠᠷ ᠰᠠᠷ᠎ᠠ᠎ᠳᠤ ᠲᠥᠷᠥᠵᠡᠢ᠂ ᠡᠭᠦᠨ᠎ᠠᠴᠠ ᠡᠮᠦᠨ᠎ᠡ ᠬᠢᠩᠭ᠋ᠠᠨ ᠠᠶ᠋ᠢᠮᠠᠭ᠎ᠤᠨ ᠨᠠᠮ᠎ᠤᠨ ᠬᠣᠷᠢᠶᠠᠨ᠎ᠤ ᠱᠦᠵᠢ ᠵᠢᠨ ᠲᠤᠰᠢᠶᠠᠯ᠎ᠳᠤ ᠪᠠᠢ᠌ᠪᠠ᠃
ᠮᠢᠶᠣᠣ ᠶᠢᠨ ᠵᠤ᠌ ᠵᠢᠨ ᠲᠣᠪᠴᠢ ᠨᠠᠮᠲᠠᠷ

ᠮᠢᠶᠣᠣ ᠶᠢᠨ ᠵᠤ᠌᠂ ᠡᠷᠡᠭᠲᠡᠶ᠂ ᠬᠢᠲᠠᠳ ᠦᠨᠳᠦᠰᠦᠲᠡᠨ᠂ 1957 ᠣᠨ᠎ᠤ 10 ᠳ᠋ᠤᠭ᠋ᠠᠷ ᠰᠠᠷ᠎ᠠ᠎ᠳᠤ ᠲᠥᠷᠥᠵᠡᠢ᠂ ᠤᠭ ᠨᠤᠲᠤᠭ ᠱᠠᠨ ᠰᠢ ᠮᠤᠵᠢ ᠵᠢᠨ ᠾᠧ ᠴᠢᠦᠢ ᠰᠢᠶᠠᠨ᠂ ᠲᠥᠷᠥᠭᠰᠡᠨ ᠨᠤᠲᠤᠭ ᠥᠪᠥᠷ ᠮᠣᠩᠭᠣᠯ᠎ᠤᠨ ᠣᠷᠳᠣᠰ ᠬᠣᠲᠠ ᠵᠢᠨ ᠳᠠᠯᠠᠳ ᠬᠣᠰᠢᠭᠤ᠂ ᠶᠡᠬᠡ ᠰᠤᠷᠭ᠋ᠠᠭᠤᠯᠢ ᠵᠢᠨ ᠵᠢᠩᠬᠢᠨᠢ ᠠᠨᠭ᠌ᠬᠢ ᠵᠢᠨ ᠰᠤᠷᠤᠯᠭ᠎ᠠ ᠵᠢᠨ ᠨᠠᠮᠲᠠᠷ᠎ᠲᠠᠢ᠂ 1975 ᠣᠨ᠎ᠤ 5 ᠳ᠋ᠤᠭ᠋ᠠᠷ ᠰᠠᠷ᠎ᠠ᠎ᠳᠤ ᠠᠵᠢᠯ᠎ᠳᠤ ᠣᠷᠣᠯᠴᠠᠵᠤ᠂ 1978 ᠣᠨ᠎ᠤ 8 ᠳ᠋ᠤᠭ᠋ᠠᠷ ᠰᠠᠷ᠎ᠠ᠎ᠳᠤ ᠨᠠᠮ᠎ᠳᠤ ᠣᠷᠣᠵᠤ᠂ ᠤᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠢᠨ ᠲᠤᠰᠢᠶᠠᠯ᠎ᠳᠤ ᠪᠤᠢ᠃
1975 ᠣᠨ᠎ᠤ 5 ᠳ᠋ᠤᠭ᠋ᠠᠷ ᠰᠠᠷ᠎ᠠ᠎ᠠᠴᠠ 1979 ᠣᠨ᠎ᠤ 8 ᠳ᠋ᠤᠭ᠋ᠠᠷ ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠳᠠᠯᠠᠳ ᠬᠣᠰᠢᠭᠤ ᠵᠢᠨ ᠬᠣᠶᠠᠳᠤᠭ᠋ᠠᠷ ᠬᠦᠩᠭᠡᠨ ᠠᠵᠤ ᠦᠢ᠍ᠯᠡᠳᠪᠦᠷᠢ᠎ᠳᠤ ᠠᠵᠢᠯᠯᠠᠵᠤ ᠪᠠᠢ᠌ᠪᠠ;
1979 ᠣᠨ᠎ᠤ 8 ᠳ᠋ᠤᠭ᠋ᠠᠷ ᠰᠠᠷ᠎ᠠ᠎ᠠᠴᠠ 1983 ᠣᠨ᠎ᠤ 8 ᠳ᠋ᠤᠭ᠋ᠠᠷ ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠢ ᠵᠢᠨ ᠳᠡᠭᠡᠳᠦ ᠰᠤᠷᠭ᠋ᠠᠭᠤᠯᠢ᠎ᠳᠤ ᠰᠤᠷᠤᠯᠴᠠᠪᠠ;
1983 ᠣᠨ᠎ᠤ 8 ᠳ᠋ᠤᠭ᠋ᠠᠷ ᠰᠠᠷ᠎ᠠ᠎ᠠᠴᠠ 1984 ᠣᠨ᠎ᠤ 1 ᠳ᠋ᠦ᠍ᠭᠡᠷ ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠢᠳᠡᠷ ᠵᠠᠯᠠᠭᠤ ᠺᠠᠳ᠋ᠷ᠎ᠤᠨ ᠠᠩᠭᠢ᠎ᠳᠤ ᠰᠤᠷᠤᠯᠴᠠᠪᠠ;
1984 ᠣᠨ᠎ᠤ 1 ᠳ᠋ᠦ᠍ᠭᠡᠷ ᠰᠠᠷ᠎ᠠ᠎ᠠᠴᠠ 1984 ᠣᠨ᠎ᠤ 10 ᠳ᠋ᠤᠭ᠋ᠠᠷ ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠦᠶᠤᠸᠠᠨ ᠰᠢᠶᠠᠨ᠎ᠤ ᠹᠦ᠋ ᠰᠢᠩ ᠰᠢᠶᠠᠩ᠎ᠤᠨ ᠨᠠᠮ᠎ᠤᠨ ᠬᠣᠷᠢᠶᠠᠨ᠎ᠤ ᠳᠡᠳ᠋ ᠱᠦᠵᠢ ᠪᠠᠶ᠋ᠢᠪᠠ;
1984 ᠣᠨ᠎ᠤ 10 ᠳ᠋ᠤᠭ᠋ᠠᠷ ᠰᠠᠷ᠎ᠠ᠎ᠠᠴᠠ 1990 ᠣᠨ᠎ᠤ 7 ᠳ᠋ᠤᠭ᠋ᠠᠷ ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠪᠤᠭᠤᠲᠤ ᠬᠣᠲᠠ ᠵᠢᠨ ᠡᠳ᠋᠎ᠤᠨ ᠵᠠᠰᠠᠭ ᠠᠷᠠᠯᠵᠢᠶᠠᠨ᠎ᠤ ᠠᠵᠢᠯ᠎ᠤᠨ ᠤᠳᠤᠷᠢᠳᠬᠤ ᠠᠯᠪᠠᠨ ᠭᠡᠷ᠎ᠤᠨ ᠳᠡᠳ᠋ ᠡᠷᠬᠢᠯᠡᠭᠴᠢ᠂ ᠳᠤᠭᠤᠶ᠋ᠢᠯᠠᠩ᠎ᠤᠨ ᠳᠠᠷᠤᠭ᠎ᠠ ᠵᠢᠨ ᠲᠤᠰᠠᠯᠠᠭᠴᠢ᠂ ᠳᠡᠳ᠋ ᠳᠤᠭᠤᠶ᠋ᠢᠯᠠᠩ᠎ᠤᠨ ᠳᠠᠷᠤᠭ᠎ᠠ ᠪᠠᠶ᠋ᠢᠪᠠ; 1990 ᠣᠨ᠎ᠤ 7 ᠳ᠋ᠤᠭ᠋ᠠᠷ ᠰᠠᠷ᠎ᠠ᠎ᠠᠴᠠ 1992 ᠣᠨ᠎ᠤ 8 ᠳ᠋ᠤᠭ᠋ᠠᠷ ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠪᠤᠭᠤᠲᠤ ᠬᠣᠲᠠ ᠵᠢᠨ ᠡᠳ᠋᠎ᠤᠨ ᠵᠠᠰᠠᠭ ᠠᠷᠠᠯᠵᠢᠶᠠᠨ᠎ᠤ ᠵᠥᠪᠯᠡᠯ᠎ᠤᠨ ᠳᠡᠳ᠋ ᠡᠷᠭᠢᠯᠡᠭᠴᠢ ᠪᠠᠶ᠋ᠢᠪᠠ;
1992 ᠣᠨ᠎ᠤ 8 ᠳ᠋ᠤᠭ᠋ᠠᠷ ᠰᠠᠷ᠎ᠠ᠎ᠠᠴᠠ 1994 ᠣᠨ᠎ᠤ 4 ᠳ᠋ᠦ᠍ᠭᠡᠷ ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠪᠠᠢ᠌ᠪᠠ;
1994 ᠣᠨ᠎ᠤ 4 ᠳ᠋ᠦ᠍ᠭᠡᠷ ᠰᠠᠷ᠎ᠠ᠎ᠠᠴᠠ 1997 ᠣᠨ᠎ᠤ 5 ᠳ᠋ᠤᠭ᠋ᠠᠷ ᠰᠠᠷ᠎ᠠ ᠪᠣᠯᠲᠠᠯ᠎ᠠ᠂ ᠪᠤᠭᠤᠲᠤ ᠬᠣᠲᠠ ᠵᠢᠨ ᠣᠷᠣᠨ ᠨᠤᠲᠤᠭ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠪᠠᠶ᠋ᠢᠪᠠ;
1997 ᠣᠨ᠎ᠤ 5 ᠳ᠋ᠤᠭ᠋ᠠᠷ ᠰᠠᠷ᠎ᠠ᠎ᠠᠴᠠ 2000 ᠣᠨ᠎ᠤ 3 ᠳ᠋ᠤᠭ᠋ᠠᠷ ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠪᠠᠶ᠋ᠢᠪᠠ;
2000 ᠣᠨ᠎ᠤ 3 ᠳ᠋ᠤᠭ᠋ᠠᠷ ᠰᠠᠷ᠎ᠠ᠎ᠠᠴᠠ 2001 ᠣᠨ᠎ᠤ 9 ᠳ᠋ᠦ᠍ᠭᠡᠷ ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠲᠥᠯᠥᠪᠯᠡᠭᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠪᠠᠶ᠋ᠢᠪᠠ;
2001 ᠣᠨ᠎ᠤ 9 ᠳ᠋ᠦ᠍ᠭᠡᠷ ᠰᠠᠷ᠎ᠠ᠎ᠠᠴᠠ 2013 ᠣᠨ᠎ᠤ 8 ᠳ᠋ᠤᠭ᠋ᠠᠷ ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠪᠠᠶ᠋ᠢᠪᠠ;
2013 ᠣᠨ᠎ᠤ 8 ᠳ᠋ᠤᠭ᠋ᠠᠷ ᠰᠠᠷ᠎ᠠ᠎ᠳᠤ᠂ ᠬᠢᠩᠭ᠋ᠠᠨ ᠠᠶ᠋ᠢᠮᠠᠭ᠎ᠤᠨ ᠨᠠᠮ᠎ᠤᠨ ᠬᠣᠷᠢᠶᠠᠨ᠎ᠤ ᠱᠦᠵᠢ ᠪᠣᠯᠪᠠ᠃
2016 ᠣᠨ᠎ᠤ 2 ᠳ᠋ᠤᠭ᠋ᠠᠷ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠎ᠪᠠᠷ ᠲᠣᠮᠢᠯᠠᠭᠳᠠᠪᠠ᠃
ᠤᠤᠯ ᠭᠠᠷᠴᠠᠭ᠄ ᠬᠢᠩᠭ᠋ᠠᠨ ᠠᠶ᠋ᠢᠮᠠᠭ᠎ᠤᠨ ᠨᠠᠮ᠎ᠤᠨ ᠬᠣᠷᠢᠶᠠᠨ᠎ᠤ ᠱᠦᠵᠢ ᠮᠢᠶᠣᠣ ᠶᠢᠨ ᠵᠤ᠌ ᠥᠪᠥᠷ ᠮᠣᠩᠭᠣᠯ᠎ᠤᠨ ᠵᠠᠮ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠵᠢᠨ ᠲᠤᠰᠢᠶᠠᠯ᠎ᠳᠤ ᠰᠢᠯᠵᠢᠵᠦ ᠯᠢᠶᠠᠨ ᠰᠦ᠍ ᠦᠷᠭᠦᠯᠵᠢᠯᠡᠨ ᠲᠤᠰᠢᠶᠠᠯ ᠬᠠᠷᠢᠭᠤᠴᠠᠬᠤ ᠦᠭᠡᠢ