ᠲᠤᠰᠢᠶᠠᠯ᠎ᠤᠨ ᠲᠣᠮᠢᠯᠠᠯᠲᠠ   -   ᠲᠣᠰᠢᠶᠠᠯ᠎ᠳᠤ ᠲᠣᠮᠢᠯᠠᠭᠰᠠᠨ ᠮᠡᠳᠡᠭᠳᠡᠯ
ᠵᠠᠩ ᠶᠤᠸᠠᠨ ᠵᠥᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ᠎ᠪᠠᠷ ᠲᠣᠮᠢᠯᠠᠭᠳᠠᠪᠠ
ᠨᠡᠶ᠋ᠢᠲᠡᠯᠡᠭᠰᠡᠨ ᠴᠠᠭ᠄ 2016-03-31

      3 ᠳ᠋ᠤᠭ᠋ᠠᠷ ᠰᠠᠷ᠎ᠠ ᠵᠢᠨ 10᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠬᠦ ᠣᠷᠣᠨ᠎ᠤ ᠳᠠᠩᠰᠠ ᠡᠪᠬᠡᠮᠡᠯ᠎ᠤᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ ᠵᠠᠩ ᠶᠤᠸᠠᠨ ᠵᠥᠩ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠣᠶ᠋ᠢᠯᠠᠭ᠋ᠠᠭᠰᠠᠨ ᠵᠶ᠋ᠠᠷ᠂ ᠡᠨᠡ ᠪᠣᠯ ᠵᠠᠩ ᠶᠤᠸᠠᠨ ᠵᠥᠩ ᠠᠩᠬ᠎ᠠ ᠤᠳᠠᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ ᠵᠢᠨ ᠬᠤᠪᠢ᠎ᠪᠠᠷ ᠵᠠᠭᠤᠴᠢᠯᠠᠭᠤᠷ ᠳᠡᠭᠡᠷ᠎ᠡ ᠢᠯᠡᠷᠡᠭᠰᠡᠨ ᠪᠠᠶ᠋ᠢᠨ᠎ᠠ᠃
    ᠵᠠᠩ ᠶᠤᠸᠠᠨ ᠵᠥᠩ ᠨᠥᠬᠥᠷ᠎ᠤᠨ ᠲᠣᠪᠴᠢ ᠨᠠᠮᠲᠠᠷ




      ᠵᠠᠩ ᠶᠤᠸᠠᠨ ᠵᠥᠩ᠂ ᠡᠷᠡᠭᠲᠡᠶ᠂ ᠬᠢᠲᠠᠳ ᠦᠨᠳᠦᠰᠦᠲᠡᠨ᠂ 1959 ᠣᠨ᠎ᠤ 11 ᠰᠠᠷ᠎ᠠ᠎ᠳᠤ ᠲᠥᠷᠥᠵᠡᠢ᠂ ᠱᠠᠨᠰᠢ ᠮᠤᠵᠢ ᠵᠢᠨ ᠹᠦ᠋ ᠬᠥ᠋ ᠵᠢᠨ ᠬᠥᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠶᠡᠬᠡ ᠰᠤᠷᠭ᠋ᠠᠭᠤᠯᠢ ᠵᠢᠨ ᠵᠢᠩᠬᠢᠨᠢ ᠠᠩᠭᠢ ᠵᠢᠨ ᠰᠤᠷᠤᠯᠭ᠎ᠠ ᠵᠢᠨ ᠨᠠᠮᠲᠠᠷ᠎ᠲᠠᠢ᠃
     1979.09-1983.07 ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠢᠲᠠᠳ ᠬᠡᠯᠡ ᠤᠳᠬ᠎ᠠ ᠵᠣᠬᠢᠶᠠᠯ᠎ᠤᠨ ᠰᠠᠯᠪᠤᠷᠢ ᠵᠢᠨ ᠬᠢᠲᠠᠳ ᠬᠡᠯᠡ ᠤᠳᠬ᠎ᠠ ᠵᠣᠬᠢᠶᠠᠯ᠎ᠤᠨ ᠲᠤᠰᠬᠠᠶ ᠮᠡᠷᠭᠡᠵᠢᠯ᠎ᠳᠤ ᠰᠤᠷᠤᠯᠴᠠᠪᠠ
     1983.07-1985.08 ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠢᠲᠠᠳ ᠬᠡᠯᠡ ᠤᠳᠬ᠎ᠠ ᠵᠣᠬᠢᠶᠠᠯ᠎ᠤᠨ ᠰᠠᠯᠪᠤᠷᠢ ᠵᠢᠨ ᠪᠠᠭᠰᠢ ᠪᠠᠢ᠌ᠪᠠ
     1985.08-1992.01 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠠᠶ᠋ᠢᠮᠠᠭ ᠬᠣᠲᠠ ᠵᠢᠨ ᠺᠠᠳ᠋ᠷ᠎ᠤᠨ ᠭᠠᠵᠠᠷ᠎ᠤᠨ ᠳᠡᠳ᠋ ᠡᠷᠬᠢᠯᠡᠬᠦ ᠬᠡᠰᠢᠭᠦᠨ᠂ ᠡᠷᠬᠢᠯᠡᠬᠦ ᠬᠡᠰᠢᠭᠦᠨ ᠪᠠᠢ᠌ᠪᠠ
     1992.01-1994.03 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠳᠡᠳ᠋ ᠳᠠᠷᠤᠭ᠎ᠠ ᠪᠠᠢ᠌ᠪᠠ
     1994.03-1995.10 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠳᠡᠳ᠋ ᠳᠠᠷᠤᠭ᠎ᠠ ᠪᠥᠭᠡᠳ ᠲᠦᠮᠡᠳ ᠵᠡᠭᠦᠨ ᠬᠣᠰᠢᠭᠤ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ ᠪᠠᠢ᠌ᠪᠠ
     1995.10-1999.01 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠪᠠᠶ᠋ᠢᠪᠠ (ᠬᠣᠭᠣᠷᠣᠨᠳᠤ᠎ᠨᠢ᠄ 1996.07-1998.09 ᠳᠤᠮᠳᠠᠳᠤ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠮᠠᠰᠲ᠋ᠧᠷ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠲᠤᠰᠬᠠᠶ ᠮᠡᠷᠭᠡᠵᠢᠯ᠎ᠤᠨ ᠠᠰᠫᠢᠷᠠᠨᠲ᠎ᠤᠨ ᠠᠩᠬᠢ᠎ᠳᠤ ᠰᠤᠷᠤᠯᠴᠠᠪᠠ)
     1999.01-2004.04 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ ᠪᠠ ᠬᠣᠲᠠ ᠵᠢᠨ ᠳᠡᠳ᠋ ᠳᠠᠷᠤᠭ᠎ᠠ ᠪᠠᠢ᠌ᠪᠠ
     2004.04-2006.09 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠣᠲᠠ ᠵᠢᠨ ᠪᠠᠶ᠋ᠢᠩᠭᠤ ᠵᠢᠨ ᠳᠡᠳ᠋ ᠳᠠᠷᠤᠭ᠎ᠠ ᠪᠠᠢ᠌ᠪᠠ
     2006.09-2007.07 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠪᠠᠢ᠌ᠪᠠ
     2007.07-2010.04 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠪᠠᠢ᠌ᠪᠠ
     2010.04-2013.06 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠳᠠᠷᠤᠭ᠎ᠠ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠵᠢᠨ ᠭᠡᠰᠢᠭᠦᠨ ᠪᠠᠢ᠌ᠪᠠ
     2013.06-2015.02 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢ ᠵᠢᠨ ᠭᠣᠣᠯ ᠠᠶ᠋ᠢᠮᠠᠭ᠎ᠤᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠠᠶ᠋ᠢᠮᠠᠭ᠎ᠤᠨ ᠳᠠᠷᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠵᠢᠨ ᠭᠡᠰᠢᠭᠦᠨ ᠪᠠᠢ᠌ᠪᠠ
     2015.02-2015.04 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢ ᠵᠢᠨ ᠭᠣᠣᠯ ᠠᠶ᠋ᠢᠮᠠᠭ᠎ᠤᠨ ᠨᠠᠮ᠎ᠤᠨ ᠬᠣᠷᠢᠶ᠎ᠠ ᠵᠢᠨ ᠱᠦᠵᠢ᠂ ᠠᠶ᠋ᠢᠮᠠᠭ᠎ᠤᠨ ᠳᠠᠷᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠵᠢᠨ ᠭᠡᠰᠢᠭᠦᠨ ᠪᠠᠢ᠌ᠪᠠ
     2015.04-2016.03 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢ ᠵᠢᠨ ᠭᠣᠣᠯ ᠠᠶ᠋ᠢᠮᠠᠭ᠎ᠤᠨ ᠨᠠᠮ᠎ᠤᠨ ᠬᠣᠷᠢᠶ᠎ᠠ ᠵᠢᠨ ᠱᠦᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠵᠢᠨ ᠭᠡᠰᠢᠭᠦᠨ ᠪᠠᠢ᠌ᠪᠠ
     2016   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ᠎ᠪᠠᠷ ᠲᠣᠮᠢᠯᠠᠭᠳᠠᠪᠠ

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ