ᠥᠪᠥᠷ ᠮᠣᠩᠭᠣᠯ᠎ᠤᠨ 《ᠦᠬᠠᠶ ᠵᠢᠨ ᠡᠳᠦᠷ᠎ᠤᠨ ᠰᠣᠨᠢᠨ》᠎ᠤ ᠮᠡᠳᠡᠭᠡ ᠵᠢ ᠦᠨᠳᠦᠰᠦᠯᠡᠪᠡᠯ᠂ 4 ᠳ᠋ᠤᠭᠡᠷ ᠰᠠᠷ᠎ᠠ ᠵᠢᠨ 29᠎ᠤ ᠡᠳᠦᠷ᠂ ᠣᠷᠳᠣᠰ ᠬᠣᠲᠠ ᠵᠢᠨ ᠨᠠᠮ᠎ᠤᠨ ᠬᠣᠷᠢᠶ᠎ᠠ ᠪᠠᠶ᠋ᠢᠩᠭᠤ ᠵᠢᠨ ᠬᠣᠷᠢᠶ᠎ᠠ ᠵᠢᠨ (ᠥᠷᠭᠡᠳᠬᠡᠭᠰᠡᠨ) ᠬᠤᠷᠠᠯ ᠬᠢᠵᠦ᠂ ᠵᠠᠰᠠᠭ᠎ᠤᠨ ᠣᠷᠳᠣᠨ᠎ᠤ ᠭᠣᠣᠯ ᠤᠳᠤᠷᠢᠳᠬᠤ ᠨᠥᠬᠥᠷ᠎ᠢ ᠲᠤᠰᠢᠶᠠᠯ᠎ᠳᠤ ᠲᠣᠮᠢᠯᠠᠵᠤ ᠪᠠᠭᠤᠯᠭ᠋ᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ᠎ᠢ ᠨᠡᠢ᠌ᠲᠡᠯᠡᠪᠡ᠄ ᠱ᠌ᠢ ᠸᠠᠨ ᠵᠢᠶᠦ᠋ᠨ ᠨᠥᠬᠥᠷ ᠦᠬᠠᠶ ᠬᠤᠳᠠ ᠵᠢᠨ ᠨᠠᠮ᠎ᠤᠨ ᠬᠣᠷᠢᠶ᠎ᠠ ᠵᠢᠨ ᠭᠡᠰᠢᠭᠦᠨ᠂ ᠪᠠᠶ᠋ᠢᠩᠭᠤ ᠵᠢᠨ ᠭᠡᠰᠢᠭᠦᠨ᠂ ᠳᠡᠳ᠋ ᠱᠦᠵᠢ᠎ᠪᠠᠷ ᠲᠣᠮᠢᠯᠠᠭᠳᠠᠵᠤ᠂ ᠦᠬᠠᠶ ᠬᠣᠲᠠ ᠵᠢᠨ ᠳᠠᠷᠤᠭ᠎ᠠ ᠵᠢᠨ ᠵᠢᠱ᠌ᠢᠭᠳᠡᠭᠰᠡᠳ ᠵᠶ᠋ᠠᠷ ᠨᠡᠷ᠎ᠡ ᠳᠤᠷᠠᠳᠤᠭᠳᠠᠵᠠᠢ᠃ ᠠᠢ ᠯᠢ ᠬᠣᠸᠠ ᠨᠥᠬᠥᠷ ᠦᠬᠠᠶ ᠬᠣᠲᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠪᠠᠶ᠋ᠢᠩᠭᠤ ᠵᠢᠨ ᠭᠡᠰᠢᠭᠦᠨ᠂ ᠭᠡᠰᠢᠭᠦᠨ᠎ᠤ ᠲᠤᠰᠢᠶᠠᠯ᠎ᠢ ᠦᠷᠭᠦᠯᠵᠢᠯᠡᠨ ᠬᠠᠷᠢᠭᠤᠴᠠᠬᠤ ᠦᠭᠡᠢ᠂ ᠦᠬᠠᠶ ᠬᠣᠲᠠ ᠵᠢᠨ ᠳᠠᠷᠤᠭ᠎ᠠ ᠵᠢᠨ ᠲᠤᠰᠢᠶᠠᠯ᠎ᠠᠴᠠ᠎ᠨᠢ ᠪᠠᠭᠤᠯᠭ᠋ᠠᠬᠤ᠎ᠪᠠᠷ ᠨᠡᠷ᠎ᠡ ᠳᠤᠷᠠᠳᠤᠭᠳᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠭᠡᠷ᠎ᠡ ᠲᠤᠰᠢᠶᠠᠯ᠎ᠳᠤ ᠲᠣᠮᠢᠯᠠᠬᠤ ᠪᠣᠯᠣᠨ᠎ᠠ᠃
ᠤᠯᠠᠭ᠋ᠠᠨᠴᠠᠪ᠎ᠤᠨ ᠷᠠᠳᠢᠣ᠋ ᠨᠡᠪᠲᠡᠷᠡᠭᠦᠯᠭᠡ ᠲᠧᠯᠸᠢᠰ ᠬᠣᠷᠢᠶ᠎ᠠ ᠵᠢᠨ 4 ᠳ᠋ᠤᠭᠡᠷ ᠰᠠᠷ᠎ᠠ ᠵᠢᠨ 29᠎ᠤ ᠡᠳᠦᠷ ᠨᠡᠪᠲᠡᠷᠡᠭᠦᠯᠦᠭᠰᠡᠨ 《ᠤᠯᠠᠭ᠋ᠠᠨᠴᠠᠪ᠎ᠤᠨ ᠰᠣᠨᠢᠨ ᠮᠡᠳᠡᠭᠡᠨ᠎ᠤ ᠨᠡᠪᠲᠡᠷᠡᠭᠦᠯᠭᠡ》 ᠵᠢᠨ ᠮᠡᠳᠡᠭᠡᠯᠡᠭᠰᠡᠨ ᠵᠶ᠋ᠠᠷ᠂ 4 ᠳ᠋ᠤᠭᠡᠷ ᠰᠠᠷ᠎ᠠ ᠵᠢᠨ 29᠎ᠤ ᠡᠳᠦᠷ᠂ ᠤᠯᠠᠭ᠋ᠠᠨᠴᠠᠪ ᠬᠣᠲᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠬᠣᠶᠠᠳᠤᠭ᠋ᠠᠷ ᠬᠤᠷᠠᠯᠳᠤᠭ᠋ᠠᠨ᠎ᠢ ᠬᠤᠷᠠᠯᠳᠤᠭᠤᠯᠵᠤ᠂ ᠬᠤᠷᠠᠯ᠎ᠠᠴᠠ ᠠᠢ ᠯᠢ ᠬᠣᠸᠠ ᠵᠢ ᠤᠯᠠᠭ᠋ᠠᠨᠴᠠᠪ ᠬᠤᠳᠠ ᠵᠢᠨ ᠳᠡᠳ᠋ ᠳᠠᠷᠤᠭ᠎ᠠ᠂ ᠣᠷᠣᠯᠠᠭᠴᠢ ᠬᠣᠲᠠ ᠵᠢᠨ ᠳᠠᠷᠤᠭ᠎ᠠ᠎ᠪᠠᠷ ᠲᠣᠮᠢᠯᠠᠬᠤ᠎ᠪᠠᠷ ᠲᠣᠭᠲᠠᠪᠠ᠃

ᠱ᠌ᠢ ᠸᠠᠨ ᠵᠢᠶᠦ᠋ᠨ ᠨᠥᠬᠥᠷ᠎ᠤᠨ ᠲᠣᠪᠴᠢ ᠨᠠᠮᠲᠠᠷ
ᠱ᠌ᠢ ᠸᠠᠨ ᠵᠢᠶᠦ᠋ᠨ᠂ ᠡᠷᠡᠭᠲᠡᠶ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠮᠣᠩᠭᠣᠯ ᠦᠨᠳᠦᠰᠦᠲᠡᠨ᠂ ᠥᠪᠥᠷ ᠮᠣᠩᠭᠣᠯ᠎ᠤᠨ ᠤᠯᠠᠭ᠋ᠠᠨᠬᠠᠳᠠ ᠬᠣᠲᠠ ᠵᠢᠨ ᠬᠥᠮᠦᠨ᠂ 1963 ᠣᠨ᠎ᠤ 4 ᠳ᠋ᠤᠭᠡᠷ ᠰᠠᠷ᠎ᠠ᠎ᠳᠤ ᠲᠥᠷᠥᠵᠡᠢ᠂ 1985 ᠣᠨ᠎ᠤ 1 ᠳ᠋ᠤᠭᠡᠷ ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠪᠠ᠂ ᠲᠥᠪ᠎ᠤᠨ ᠨᠠᠮ᠎ᠤᠨ ᠰᠤᠷᠭ᠋ᠠᠭᠤᠯᠢ ᠵᠢᠨ ᠠᠵᠤ ᠠᠬᠤᠶ ᠵᠢᠨ ᠬᠠᠮᠢᠶᠠᠷᠤᠯᠲᠠ ᠵᠢᠨ ᠲᠤᠰᠬᠠᠶ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠠᠬᠢ ᠠᠰᠫᠢᠷᠠᠨᠲ᠎ᠤᠨ ᠰᠤᠷᠤᠯᠭ᠎ᠠ ᠵᠢᠨ ᠨᠠᠮᠲᠠᠷ᠎ᠲᠠᠢ᠃
1983.08 —1986.03 ᠤᠯᠠᠭ᠋ᠠᠨᠬᠠᠳᠠ ᠵᠢᠨ ᠲᠠᠷᠢᠶᠠᠯᠠᠩ ᠮᠠᠯ ᠠᠵᠤ ᠠᠬᠤᠶ ᠵᠢᠨ ᠰᠤᠷᠭ᠋ᠠᠭᠤᠯᠢ ᠵᠢᠨ ᠳᠡᠳ᠋ ᠰᠠᠯᠠᠭ᠋ᠠᠨ ᠳᠠᠷᠤᠭ᠎ᠠ᠂ ᠡᠪᠯᠡᠯ᠎ᠤᠨ ᠬᠣᠷᠢᠶ᠎ᠠ ᠵᠢᠨ ᠱᠦᠵᠢ ᠪᠠᠢ᠌ᠪᠠ
1986.03 —1989.08 ᠤᠯᠠᠭ᠋ᠠᠨᠬᠠᠳᠠ ᠬᠣᠲᠠ ᠵᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠺᠠᠳ᠋ᠷ᠎ᠤᠨ ᠰᠠᠯᠠᠭ᠋ᠠᠨ᠎ᠤ ᠠᠵᠢᠯᠳᠡᠨ (ᠳᠡᠳ᠋ ᠰᠠᠯᠠᠭ᠋ᠠᠨ ᠳᠡᠰ) ᠪᠠᠢ᠌ᠪᠠ
1989.08 —1993.02 ᠤᠯᠠᠭ᠋ᠠᠨᠬᠠᠳᠠ ᠬᠤᠳᠠ ᠵᠢᠨ ᠵᠠᠯᠠᠭᠤᠴᠤᠳ᠎ᠤᠨ ᠡᠪᠯᠡᠯ᠎ᠤᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠪᠠᠶ᠋ᠢᠭᠤᠯᠭ᠎ᠠ ᠵᠢᠨ ᠨᠠᠮ᠎ᠤᠨ ᠡᠭᠦᠷ᠎ᠤᠨ ᠱᠦᠵᠢ᠂ ᠪᠠᠶ᠋ᠢᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠪᠠᠢ᠌ᠪᠠ
1993.02 —1995.04 ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭᠴᠢ (ᠡᠨᠡ ᠬᠣᠭᠣᠷᠣᠨᠳᠣ 1993.03 —1993.12 ᠬᠠᠷᠠᠴᠢᠨ ᠬᠣᠰᠢᠭᠤᠨ᠎ᠤ ᠨᠠᠮ᠎ᠤᠨ ᠬᠣᠷᠢᠶ᠎ᠠ᠎ᠳᠤ ᠰᠠᠭᠤᠭ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠠᠭ᠋ᠠᠨᠬᠠᠳᠠ ᠬᠣᠲᠠ ᠵᠢᠨ ᠨᠠᠮ᠎ᠤᠨ ᠬᠣᠷᠢᠶ᠎ᠠ ᠵᠢᠨ ᠨᠡᠶ᠋ᠢᠭᠡᠮ ᠵᠢᠷᠤᠮ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠪᠦᠯᠬᠦᠮ᠎ᠤᠨ ᠳᠠᠷᠤᠭ᠎ᠠ) ᠪᠠᠢ᠌ᠪᠠ
1995.04 —1996.09 ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤᠨ᠎ᠤ ᠳᠡᠳ᠋ ᠬᠣᠰᠢᠭᠤᠨ ᠳᠠᠷᠤᠭ᠎ᠠ ᠪᠠᠢ᠌ᠪᠠ
1996.09 —2001.10 ᠤᠯᠠᠭ᠋ᠠᠨᠬᠠᠳᠠ ᠬᠣᠲᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠪᠠᠶ᠋ᠢᠪᠠ (ᠡᠨᠡ ᠬᠣᠭᠣᠷᠣᠨᠳᠣ 1998 ᠣᠨ᠎ᠤ 6 ᠳ᠋ᠤᠭ᠋ᠠᠷ ᠰᠠᠷ᠎ᠠ —12 ᠳ᠋ᠤᠭ᠋ᠠᠷ ᠰᠠᠷ᠎ᠠ᠎ᠳᠤ ᠪᠡᠭᠡᠵᠢᠩ ᠬᠣᠲᠠ ᠵᠢᠨ ᠹᠸᠨᠭ᠎ᠲᠠᠢ ᠲᠣᠭᠣᠷᠢᠭ᠎ᠤᠨ ᠦᠢ᠍ᠯᠡᠳᠪᠦᠷᠢ ᠬᠤᠳᠠᠯᠳᠤᠭ᠋ᠠᠨ᠎ᠤ ᠲᠣᠪᠴᠢᠶᠠᠨ᠎ᠤ ᠳᠡᠳ᠋ ᠳᠠᠷᠤᠭ᠎ᠠ ᠵᠢᠨ ᠲᠤᠰᠢᠶᠠᠯ ᠡᠭᠦᠷᠭᠡᠯᠡᠨ ᠪᠣᠯᠪᠠᠰᠤᠷᠠᠵᠤ ᠪᠠᠢ᠌ᠪᠠ)
2001.10 —2002.05 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠲᠣᠪᠴᠢᠶ᠎ᠠ ᠵᠢᠨ ᠪᠠᠷᠠᠭᠤᠨ ᠣᠷᠣᠨ᠎ᠤ ᠪᠠᠢ᠌ᠴᠠᠭ᠋ᠠᠯᠲᠠ ᠵᠢᠨ ᠲᠣᠪᠴᠢᠶ᠎ᠠ ᠵᠢᠨ ᠪᠡᠯᠡᠳᠬᠡᠯ ᠠᠵᠢᠯ᠎ᠤᠨ ᠳᠤᠭᠤᠶ᠋ᠢᠯᠠᠩ᠎ᠤᠨ ᠳᠠᠷᠤᠭ᠎ᠠ᠂ ᠤᠯᠠᠭ᠋ᠠᠨᠬᠠᠳᠠ ᠬᠣᠲᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠲᠣᠪᠴᠢᠶ᠎ᠠ ᠵᠢᠨ ᠪᠠᠶ᠋ᠢᠴᠠᠭ᠋ᠠᠨ ᠰᠤᠳᠤᠯᠤᠭᠴᠢ (ᠵᠢᠨᠭᠭᠢᠨᠢ ᠭᠠᠵᠠᠷ᠎ᠤᠨ ᠳᠡᠰ) ᠪᠠᠢ᠌ᠪᠠ᠃
2002.05 —2004.03 ᠬᠥᠯᠥᠨ ᠪᠣᠶ᠋ᠢᠷ ᠬᠣᠲᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠪᠠᠶ᠋ᠢᠩᠭᠤ ᠵᠢᠨ ᠳᠡᠳ᠋ ᠲᠣᠪᠴᠢᠶᠠᠨ ᠳᠠᠷᠤᠭ᠎ᠠ (ᠵᠢᠩᠬᠢᠨᠢ ᠭᠠᠵᠠᠷ᠎ᠤᠨ ᠲᠡᠰ) ᠪᠠᠶ᠋ᠢᠪᠠ
2004.03 —2006.09 ᠬᠥᠯᠥᠨ ᠪᠤᠢ᠍ᠢ᠍ᠷ ᠬᠤᠳᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠪᠠᠶ᠋ᠢᠪᠠ (ᠡᠨᠡ ᠬᠣᠭᠣᠷᠣᠨᠲᠣ 2003 ᠣᠨ᠎ᠤ 11 ᠳ᠋ᠤᠭᠡᠷ ᠰᠠᠷ᠎ᠠ — 2004 ᠣᠨ᠎ᠤ 5 ᠳ᠋ᠤᠭ᠋ᠠᠷ ᠰᠠᠷ᠎ᠠ᠎ᠳᠤ ᠪᠡᠭᠡᠵᠢᠩ᠎ᠤᠨ ᠦᠢ᠍ᠯᠡᠳᠪᠦᠷᠢ ᠬᠤᠳᠠᠯᠳᠤᠭ᠋ᠠᠨ᠎ᠤ ᠲᠣᠪᠴᠢᠶ᠎ᠠ ᠵᠢᠨ ᠴᠤᠤᠶᠠᠩ ᠲᠣᠭᠣᠷᠢᠭ᠎ᠤᠨ ᠬᠤᠪᠢᠶᠠᠷᠢ ᠲᠣᠪᠴᠢᠶᠠᠨ᠎ᠤ ᠳᠡᠳ᠋ ᠲᠣᠪᠴᠢᠶᠠᠨ ᠳᠠᠷᠤᠭ᠎ᠠ ᠵᠢᠨ ᠲᠤᠰᠢᠶᠠᠯ ᠡᠭᠦᠷᠭᠡᠯᠡᠨ ᠪᠣᠯᠪᠠᠰᠤᠷᠠᠵᠤ ᠪᠠᠢ᠌ᠪᠠ)
2006.09 —2009.10 ᠳᠤᠮᠳᠠᠳᠤ ᠤᠯᠤᠰ᠎ᠤᠨ ᠠᠷᠠᠯᠵᠢᠶ᠎ᠡ ᠵᠢ ᠠᠬᠢᠭᠤᠯᠬᠤ ᠵᠦᠪᠯᠡᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠵᠦᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ ᠪᠠᠢ᠌ᠪᠠ
2009.10 —2010.11 ᠱᠠᠩᠬᠠᠶ ᠵᠢᠨ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠭᠣᠣᠯ ᠵᠢᠯᠣᠭᠣᠳᠬᠤ ᠭᠠᠵᠠᠷ᠎ᠤᠨ (ᠱᠠᠩᠬᠠᠶ ᠬᠣᠲᠠ ᠵᠢᠨ ᠵᠠᠰᠠᠭ᠎ᠤᠨ ᠣᠷᠳᠣᠨ) ᠵᠢᠭᠤᠯᠴᠢᠯᠠᠯ᠎ᠤᠨ ᠬᠦᠯᠢᠶᠡᠨ ᠠᠪᠬᠤ ᠳᠤᠭᠤᠶ᠋ᠢᠯᠠᠩ᠎ᠤᠨ ᠳᠡᠳ᠋ ᠳᠠᠷᠤᠭ᠎ᠠ ᠵᠢᠨ ᠲᠤᠰᠢᠶᠠᠯ ᠡᠭᠦᠷᠭᠡᠯᠡᠵᠦ ᠪᠠᠢ᠌ᠪᠠ
2010.09 —2012.12 ᠤᠯᠠᠭ᠋ᠠᠨᠴᠠᠪ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠣᠲᠠ ᠵᠢᠨ ᠳᠡᠳ᠋ ᠳᠠᠷᠤᠭ᠎ᠠ ᠪᠠᠢ᠌ᠪᠠ
2012.12 —2015.03 ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠤᠳᠠ ᠵᠢᠨ ᠳᠡᠳ᠋ ᠳᠠᠷᠤᠭ᠎ᠠ ᠪᠠᠢ᠌ᠪᠠ
2015.06 —2016.03 ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠣᠲᠠ ᠵᠢᠨ ᠪᠠᠶ᠋ᠢᠩᠭᠤ ᠵᠢᠨ ᠳᠡᠳ᠋ ᠳᠠᠷᠤᠭ᠎ᠠ ᠪᠠᠢ᠌ᠪᠠ
2016.03 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ᠂ ᠬᠦᠯᠢᠶᠡᠨ ᠠᠪᠬᠤ ᠠᠯᠪᠠᠨ ᠭᠡᠷ᠎ᠤᠨ ᠡᠷᠬᠢᠯᠡᠭᠴᠢ ᠪᠠᠢ᠌ᠪᠠ
2016.04 ᠣᠷᠳᠣᠰ ᠬᠣᠲᠠ ᠵᠢᠨ ᠨᠠᠮ᠎ᠤᠨ ᠬᠣᠷᠢᠶ᠎ᠠ ᠵᠢᠨ ᠭᠡᠰᠢᠭᠦᠨ᠂ ᠪᠠᠶ᠋ᠢᠩᠭᠤ ᠵᠢᠨ ᠭᠡᠰᠢᠭᠦᠨ᠂ ᠳᠡᠳ᠋ ᠱᠦᠵᠢ ᠪᠠᠢ᠌ᠵᠤ᠂ ᠦᠬᠠᠶ ᠬᠣᠲᠠ ᠵᠢᠨ ᠳᠠᠷᠤᠭ᠎ᠠ ᠵᠢᠨ ᠵᠢᠱ᠌ᠢᠭᠳᠡᠭᠰᠡᠳ ᠵᠶ᠋ᠠᠷ ᠨᠡᠷ᠎ᠡ ᠳᠤᠷᠠᠳᠤᠭᠳᠠᠪᠠ

ᠠᠢ ᠯᠢ ᠬᠣᠸᠠ ᠨᠥᠬᠥᠷ᠎ᠤᠨ ᠲᠣᠪᠴᠢ ᠨᠠᠮᠲᠠᠷ
ᠠᠢ ᠯᠢ ᠬᠣᠸᠠ᠂ ᠡᠮᠡᠭᠲᠡᠶ᠂ ᠮᠣᠩᠭᠣᠯ ᠦᠨᠳᠦᠰᠦᠲᠡᠨ᠂ 1964 ᠣᠨ᠎ᠤ 10 ᠰᠠᠷ᠎ᠠ᠎ᠳᠤ ᠲᠥᠷᠥᠵᠡᠢ᠂ ᠣᠩᠨᠢᠭᠤᠳ ᠬᠣᠰᠢᠭᠤᠨ᠎ᠤ ᠬᠥᠮᠦᠨ᠂ 1986 ᠣᠨ᠎ᠤ 6 ᠳ᠋ᠤᠭ᠋ᠠᠷ ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠵᠣ᠂ 1987 ᠣᠨ᠎ᠤ 7 ᠳ᠋ᠤᠭ᠋ᠠᠷ ᠰᠠᠷ᠎ᠠ᠎ᠳᠤ ᠠᠵᠢᠯ᠎ᠳᠤ ᠣᠷᠣᠪᠠ᠂ 1987 ᠣᠨ᠎ᠤ 7 ᠳ᠋ᠤᠭ᠋ᠠᠷ ᠰᠠᠷ᠎ᠠ᠎ᠳᠤ ᠥᠪᠥᠷ ᠮᠣᠩᠭᠣᠯ᠎ᠤᠨ ᠦᠨᠳᠦᠰᠦᠲᠡᠨ᠎ᠤ ᠪᠠᠭᠰᠢ ᠵᠢᠨ ᠳᠡᠭᠡᠳᠦ ᠰᠤᠷᠭ᠋ᠠᠭᠤᠯᠢ ᠵᠢᠨ ᠤᠯᠤᠰ ᠲᠦᠷᠦ ᠲᠡᠦᠬᠡ ᠵᠢᠨ ᠰᠠᠯᠪᠤᠷᠢ᠎ᠠᠴᠠ ᠲᠡᠭᠦᠰᠴᠡᠢ᠂ ᠶᠡᠬᠡ ᠰᠤᠷᠭ᠋ᠠᠭᠤᠯᠢ ᠵᠢᠨ ᠰᠤᠷᠤᠯᠭ᠎ᠠ ᠵᠢᠨ ᠨᠠᠮᠲᠠᠷ᠎ᠲᠠᠢ᠂ ᠰᠤᠷᠤᠯᠭ᠋ᠠᠲᠠᠨ᠎ᠤ ᠴᠣᠯᠠ᠎ᠲᠠᠢ᠃
1987.07 ᠤᠯᠠᠭ᠋ᠠᠨᠬᠠᠳᠠ ᠬᠣᠲᠠ ᠵᠢᠨ ᠪᠣᠷᠣᠬᠣᠲᠠ ᠵᠢᠨ ᠪᠠᠭᠰᠢ ᠵᠢᠨ ᠰᠤᠷᠭ᠋ᠠᠭᠤᠯᠢ ᠵᠢᠨ ᠪᠠᠭᠰᠢ᠂ ᠡᠪᠯᠡᠯ᠎ᠤᠨ ᠬᠣᠷᠢᠶ᠎ᠠ ᠵᠢᠨ ᠱᠦᠵᠢ ᠪᠠᠢ᠌ᠪᠠ
1991.08 ᠤᠯᠠᠭ᠋ᠠᠨᠬᠠᠳᠠ ᠬᠣᠲᠠ ᠵᠢᠨ ᠣᠩᠨᠢᠭᠤᠳ ᠬᠣᠰᠢᠭᠤᠨ᠎ᠤ ᠡᠪᠯᠡᠯ᠎ᠤᠨ ᠬᠣᠷᠢᠶ᠎ᠠ ᠵᠢᠨ ᠳᠡᠳ᠋ ᠱᠦᠵᠢ᠂ ᠱᠦᠵᠢ ᠪᠠᠢ᠌ᠪᠠ
1996.08 ᠤᠯᠠᠭ᠋ᠠᠨᠬᠠᠳᠠ ᠬᠣᠲᠠ ᠵᠢᠨ ᠣᠩᠨᠢᠭᠤᠳ ᠬᠣᠰᠢᠭᠤᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠠᠷᠤᠭ᠎ᠠ ᠪᠠᠢ᠌ᠪᠠ
1997.08 ᠤᠯᠠᠭ᠋ᠠᠨᠬᠠᠳᠠ ᠬᠣᠲᠠ ᠵᠢᠨ ᠣᠩᠨᠢᠭᠤᠳ ᠬᠣᠰᠢᠭᠤᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠪᠠᠢ᠌ᠪᠠ
(ᠡᠨᠡ ᠬᠣᠭᠣᠷᠣᠨᠲᠣ᠄ 1997.07 —1999.09 ᠪᠡᠭᠡᠵᠢᠩ ᠶᠡᠬᠡ ᠰᠤᠷᠭ᠋ᠠᠭᠤᠯᠢ ᠵᠢᠨ ᠬᠣᠲᠠ ᠪᠣᠯᠣᠨ ᠣᠷᠴᠢᠨ ᠲᠣᠭᠣᠷᠢᠨ᠎ᠤ ᠰᠠᠯᠪᠤᠷᠢ ᠵᠢᠨ ᠣᠷᠣᠨ ᠪᠦᠰᠡ ᠵᠢᠨ ᠠᠵᠤ ᠠᠬᠤᠶ ᠵᠢᠨ ᠬᠠᠮᠢᠶᠠᠷᠤᠯᠲᠠ ᠵᠢᠨ ᠲᠤᠰᠬᠠᠶ ᠮᠡᠷᠭᠡᠵᠢᠯ᠎ᠤᠨ ᠠᠰᠫᠢᠷᠠᠨᠲ᠎ᠤᠨ ᠠᠩᠬᠢ᠎ᠳᠤ ᠰᠣᠷᠣᠯᠴᠠᠪᠠ᠂ 2000.05 —2000.11 ᠦᠬᠠᠨ ᠬᠣᠲᠠ ᠵᠢᠨ ᠵᠢᠶᠠᠨᠭ᠌ ᠠᠨ ᠲᠣᠭᠣᠷᠢᠭ᠎ᠤᠨ ᠲᠥᠯᠥᠪᠯᠡᠭᠡᠲᠦ ᠦᠷᠡᠵᠢᠯ᠎ᠤᠨ ᠵᠦᠪᠯᠡᠯ᠎ᠳᠤ ᠳᠡᠳ᠋ ᠡᠷᠬᠢᠯᠡᠭᠴᠢ ᠵᠢᠨ ᠲᠣᠰᠢᠶᠠᠯ ᠡᠭᠦᠷᠭᠡᠯᠡᠨ ᠪᠣᠯᠪᠠᠰᠤᠷᠠᠵᠤ ᠪᠠᠢ᠌ᠪᠠ)
2000.10 ᠣᠩᠨᠢᠭᠤᠳ ᠬᠣᠰᠢᠭᠤᠨ᠎ᠤ ᠵᠠᠰᠠᠭ᠎ᠤᠨ ᠣᠷᠳᠣᠨ᠎ᠤ ᠳᠡᠳ᠋ ᠬᠣᠰᠢᠭᠤᠨ ᠳᠠᠷᠤᠭ᠎ᠠ ᠪᠠᠢ᠌ᠪᠠ
2002.01 ᠤᠯᠠᠭ᠋ᠠᠨᠬᠠᠳᠠ ᠬᠣᠲᠠ ᠵᠢᠨ ᠡᠮᠡᠭᠲᠡᠶ᠋ᠢᠴᠦᠳ᠎ᠤᠨ ᠬᠣᠯᠪᠤᠭ᠋ᠠᠲᠤ ᠬᠤᠷᠠᠯ᠎ᠤᠨ ᠳᠡᠳ᠋ ᠲᠡᠷᠢᠭᠦᠯᠡᠭᠴᠢ ᠪᠠᠢ᠌ᠪᠠ
2002.09 ᠤᠯᠠᠭ᠋ᠠᠨᠴᠠᠪ ᠠᠶ᠋ᠢᠮᠠᠭ᠎ᠤᠨ ᠵᠠᠬᠢᠷᠭ᠎ᠠ ᠵᠢᠨ ᠳᠡᠳ᠋ ᠠᠢ᠌ᠮᠠᠭ᠎ᠤᠨ ᠳᠠᠷᠤᠭ᠎ᠠ ᠪᠠᠢ᠌ᠪᠠ (ᠡᠨᠡ ᠬᠣᠭᠣᠷᠣᠨᠲᠣ᠄ 2002.10 —2003.01 ᠪᠡᠭᠡᠵᠢᠩ ᠬᠤᠳᠠ ᠵᠢᠨ ᠲᠦᠨᠭᠵᠸᠦ ᠲᠣᠭᠣᠷᠢᠭ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠵᠢᠨ ᠲᠤᠰᠢᠶᠠᠯ ᠡᠭᠦᠷᠭᠡᠯᠡᠵᠦ ᠪᠠᠢ᠌ᠪᠠ᠂ 2003.07 —2003.12 ᠤᠯᠤᠰ᠎ᠤᠨ ᠰᠣᠶᠣᠯ᠎ᠤᠨ ᠶᠠᠮᠤᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠳᠡᠳ᠋ ᠳᠠᠷᠤᠭ᠎ᠠ ᠵᠢᠨ ᠲᠤᠰᠢᠶᠠᠯ ᠡᠭᠦᠷᠭᠡᠯᠡᠨ ᠪᠣᠯᠪᠠᠰᠤᠷᠠᠵᠤ ᠪᠠᠢ᠌ᠪᠠ)
2003.11 ᠤᠯᠠᠭ᠋ᠠᠨᠴᠠᠪ ᠠᠶ᠋ᠢᠮᠠᠭ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠪᠠᠢ᠌ᠪᠠ
2004.04 ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠪᠠᠢ᠌ᠪᠠ
2007.06 ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠵᠢᠨ ᠱᠦᠵᠢ ᠪᠠᠢ᠌ᠪᠠ
2011.01 ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠲᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠵᠢᠨ ᠱᠦᠵᠢ ᠪᠠᠢ᠌ᠪᠠ
2012.03 ᠥᠪᠥᠷ ᠮᠣᠩᠭᠣᠯ᠎ᠤᠨ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠪᠠᠢ᠌ᠪᠠ
2015.01 ᠦᠬᠠᠢ ᠬᠣᠲᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠤᠳᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ᠂ ᠣᠷᠣᠯᠠᠭᠴᠢ ᠬᠤᠳᠠ ᠵᠢᠨ ᠳᠠᠷᠤᠭ᠎ᠠ᠂ ᠬᠤᠳᠠ ᠵᠢᠨ ᠳᠠᠷᠤᠭ᠎ᠠ ᠪᠠᠢ᠌ᠪᠠ
2016.04 ᠤᠯᠠᠭ᠋ᠠᠨᠴᠠᠪ ᠬᠤᠳᠠ ᠵᠢᠨ ᠳᠡᠳ᠋ ᠳᠠᠷᠤᠭ᠎ᠠ᠂ ᠣᠷᠣᠯᠠᠭᠴᠢ ᠬᠣᠲᠠ ᠵᠢᠨ ᠳᠠᠷᠤᠭ᠎ᠠ ᠪᠠᠢ᠌ᠪᠠ