ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠠᠷᠠᠳ᠎ᠤᠨ
ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠬᠣᠷᠢᠨ ᠭᠤᠷᠪᠠᠳᠤᠭ᠋ᠠᠷ ᠤᠳᠠᠭ᠎ᠠ ᠵᠢᠨ
ᠬᠤᠷᠠᠯ᠎ᠢ ᠬᠤᠷᠠᠯᠳᠤᠭᠤᠯᠵᠤ
ᠵᠢᠶᠠᠨ ᠰᠢᠶᠣᠣ ᠸᠸᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠣᠷᠢᠶᠠᠨ᠎ᠤ
ᠳᠡᠳ᠋ ᠪᠠᠶ᠋ᠢᠴᠠᠭ᠋ᠠᠬᠤ ᠳᠠᠷᠤᠭ᠎ᠠ᠎ᠪᠠᠷ ᠲᠣᠮᠢᠯᠠᠪᠠ
6 ᠳ᠋ᠤᠭ᠋ᠠᠷ ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠬᠣᠷᠢᠨ ᠭᠤᠷᠪᠠᠳᠤᠭ᠋ᠠᠷ ᠤᠳᠠᠭ᠎ᠠ ᠵᠢᠨ ᠬᠤᠷᠠᠯ᠎ᠢ ᠬᠤᠷᠠᠯᠳᠤᠭᠤᠯᠪᠠ᠃
ᠬᠤᠷᠠᠯ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠬᠤᠷᠠᠯᠳᠤᠭ᠋ᠠᠨ᠎ᠢ ᠬᠤᠷᠠᠯᠳᠤᠭᠤᠯᠬᠤ ᠴᠠᠭ᠎ᠤᠨ ᠲᠤᠬᠠᠶ ᠲᠣᠭᠲᠠᠭ᠋ᠠᠯ᠂ ᠬᠤᠷᠠᠯ᠎ᠤᠨ ᠵᠥᠪᠯᠡᠬᠦ ᠵᠦᠢ᠍ᠯ᠂ ᠬᠤᠷᠠᠯ᠎ᠤᠨ ᠡᠳᠦᠷ᠎ᠤᠨ ᠳᠠᠷᠠᠭ᠋ᠠᠯᠠᠯ᠂ ᠲᠡᠷᠢᠭᠦᠯᠡᠭᠴᠢᠳ᠎ᠤᠨ ᠪᠦᠯᠬᠦᠮ ᠪᠠ ᠨᠠᠷᠢᠨ ᠪᠢᠴᠢᠭ᠎ᠤᠨ ᠳᠠᠷᠤᠭ᠎ᠠ ᠵᠢᠨ ᠨᠡᠷᠡᠰ ᠵᠡᠷᠭᠡ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠬᠤᠷᠠᠯᠳᠤᠭ᠋ᠠᠨ᠎ᠤ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠪᠠᠲᠤᠯᠠᠪᠠ᠂ ᠠᠵᠢᠯᠲᠠᠨ᠎ᠢ ᠲᠤᠰᠢᠶᠠᠯ᠎ᠳᠤ ᠲᠣᠮᠢᠯᠠᠬᠤ ᠲᠤᠰᠢᠶᠠᠯ᠎ᠠᠴᠠ᠎ᠨᠢ ᠪᠠᠭᠤᠯᠭ᠋ᠠᠬᠤ ᠵᠦᠢ᠍ᠯ᠎ᠢ ᠪᠠᠲᠤᠯᠠᠭᠰᠠᠨ᠎ᠤ ᠬᠠᠮᠲᠤ ᠰᠢᠨ᠎ᠡ᠎ᠪᠠᠷ ᠲᠤᠰᠢᠶᠠᠯ᠎ᠳᠤ ᠲᠣᠮᠢᠯᠠᠭᠳᠠᠭᠰᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠣᠷᠢᠶ᠎ᠠ ᠵᠢᠨ ᠳᠡᠳ᠋ ᠪᠠᠶ᠋ᠢᠴᠠᠭ᠋ᠠᠬᠤ ᠳᠠᠷᠤᠭ᠎ᠠ ᠵᠢᠶᠠᠨ ᠰᠢᠶᠣᠣ ᠸᠸᠨ᠎ᠳᠤ ᠲᠤᠰᠢᠶᠠᠯ᠎ᠳᠤ ᠲᠣᠮᠢᠯᠠᠬᠤ ᠪᠢᠴᠢᠭ᠎ᠢ ᠭᠠᠷᠳᠠᠭᠤᠯᠵᠠᠶ᠃