2 ᠳ᠋ᠤᠭ᠋ᠠᠷ ᠰᠠᠷ᠎ᠠ ᠵᠢᠨ 16᠎ᠤ ᠡᠳᠦᠷ᠂ ᠬᠥᠯᠥᠨ ᠪᠤᠢ᠌ᠷ ᠬᠤᠳᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠬᠤᠷᠠᠯᠳᠤᠭ᠋ᠠᠨ ᠵᠥᠪᠯᠡᠬᠦ ᠵᠦᠢ᠍ᠯ᠎ᠤᠳ ᠵᠶ᠋ᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠢᠥᠢ ᠯᠢ ᠰᠢᠨ ᠬᠥᠯᠥᠨ ᠪᠣᠶ᠋ᠢᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠣᠲᠠ ᠵᠢᠨ ᠳᠠᠷᠤᠭ᠎ᠠ᠎ᠪᠠᠷ ᠰᠤᠩᠭᠤᠭᠳᠠᠪᠠ; ᠰᠢᠤᠢ ᠾᠧ ᠵᠥᠩ ᠬᠥᠯᠥᠨ ᠪᠣᠶ᠋ᠢᠷ ᠬᠣᠲᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ ᠳᠡᠳ᠋ ᠡᠷᠬᠢᠯᠡᠭᠴᠢ᠎ᠪᠠᠷ ᠰᠤᠩᠭᠤᠭᠳᠠᠪᠠ; ᠵᠢᠷᠭ᠋ᠠᠯ᠂ ᠳ᠋ᠦ᠋ ᠽᠸ ᠴᠢᠤᠸᠠᠨ᠂ ᠬᠠᠨ ᠯᠢ ᠵᠢᠶᠧ ᠬᠥᠯᠥᠨ ᠪᠣᠶ᠋ᠢᠷ ᠬᠣᠲᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ ᠭᠡᠰᠢᠭᠦᠨ ᠵᠶ᠋ᠡᠷ ᠰᠤᠩᠭᠤᠭᠳᠠᠪᠠ᠃ ᠶᠡᠬᠡ ᠬᠤᠷᠠᠯ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠶᠣᠰᠣᠯᠠᠯ ᠶᠠᠪᠤᠭᠤᠯᠵᠤ᠂ ᠢᠥᠢ ᠯᠢ ᠰᠢᠨ ᠵᠡᠷᠭᠡ ᠰᠢᠨ᠎ᠡ᠎ᠪᠠᠷ ᠲᠤᠰᠢᠶᠠᠯ᠎ᠳᠤ ᠲᠣᠮᠢᠯᠠᠭᠳᠠᠭᠰᠠᠳ ᠦᠨᠳᠦᠰᠦᠨ ᠬᠠᠤᠯᠢ᠎ᠳᠤ ᠲᠥᠪ ᠴᠢᠩᠭ᠎ᠠ᠎ᠪᠠᠷ ᠲᠠᠩᠭ᠋ᠠᠷᠢᠭᠯᠠᠵᠠᠶ᠃