ᠲᠤᠰᠢᠶᠠᠯ᠎ᠤᠨ ᠲᠣᠮᠢᠯᠠᠯᠲᠠ   -   ᠲᠣᠰᠢᠶᠠᠯ᠎ᠳᠤ ᠲᠣᠮᠢᠯᠠᠭᠰᠠᠨ ᠮᠡᠳᠡᠭᠳᠡᠯ
ᠱ᠌ᠢ ᠶᠢᠨ ᠹᠸᠩ᠎ᠢ ᠤᠯᠠᠭ᠋ᠠᠨᠬᠠᠳᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ᠎ᠪᠠᠷ ᠲᠤᠮᠢᠯᠠᠪᠠ
ᠨᠡᠶ᠋ᠢᠲᠡᠯᠡᠭᠰᠡᠨ ᠴᠠᠭ᠄ 2017-09-12

      ᠶᠠᠩ ᠳ᠋ᠦᠩ ᠴᠢ ᠨᠦᠬᠦᠷ᠎ᠤᠨ ᠤᠯᠠᠭ᠋ᠠᠨᠬᠠᠳᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠵᠢᠨ ᠲᠤᠰᠢᠶᠠᠯ᠎ᠠᠴᠠ᠎ᠪᠠᠨ ᠪᠠᠭᠤᠬᠤ ᠭᠤᠶᠤᠴᠢᠯᠠᠯ᠎ᠢ ᠭᠥᠯᠢᠶᠡᠨ ᠠᠪᠬᠤ ᠲᠤᠬᠠᠢ ᠬᠤᠳᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ ᠲᠣᠭᠲᠠᠭ᠋ᠠᠯ
     2017 ᠤᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ ᠤᠯᠠᠭ᠋ᠠᠨᠬᠠᠳᠠ ᠬᠣᠲᠠ ᠵᠢᠨ ᠵᠢᠷᠭᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠭᠤᠴᠢᠨ ᠨᠠᠢ᠍ᠮᠠᠳᠤᠭ᠋ᠠᠷ ᠬᠤᠷᠠᠯ᠎ᠠᠴᠠ ᠪᠠᠲᠤᠯᠠᠪᠠ
     《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠶ᠋ᠢᠭᠤᠯᠬᠤ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ ᠪᠣᠯᠤᠨ ᠲᠤᠰ ᠬᠥᠮᠦᠨ᠎ᠤ ᠲᠤᠰᠢᠶᠠᠯ᠎ᠠᠴᠠ᠎ᠪᠠᠨ ᠪᠠᠭᠤᠬᠤ ᠭᠤᠶᠤᠴᠢᠯᠠᠯ᠎ᠢ ᠦᠨᠳᠦᠰᠦᠯᠡᠨ᠂ ᠤᠯᠠᠭ᠋ᠠᠨᠬᠠᠳᠠ ᠬᠣᠲᠠ ᠵᠢᠨ ᠵᠢᠷᠭᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠭᠤᠴᠢᠨ ᠨᠠᠢ᠍ᠮᠠᠳᠤᠭ᠋ᠠᠷ ᠬᠤᠷᠠᠯ᠎ᠠᠴᠠ᠄ ᠶᠠᠩ ᠳ᠋ᠦᠩ ᠴᠢ ᠨᠦᠬᠦᠷ᠎ᠤᠨ ᠤᠯᠠᠭ᠋ᠠᠨᠬᠠᠳᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠵᠢᠨ ᠲᠤᠰᠢᠶᠠᠯ᠎ᠠᠴᠠ᠎ᠪᠠᠨ ᠪᠠᠭᠤᠬᠤ ᠭᠤᠶᠤᠴᠢᠯᠠᠯ᠎ᠢ ᠬᠦᠯᠢᠶᠡᠨ ᠠᠪᠴᠤ᠂ ᠤᠯᠠᠭ᠋ᠠᠨᠬᠠᠳᠠ ᠬᠣᠲᠠ ᠵᠢᠨ ᠳᠣᠯᠣᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ᠎ᠳᠤ ᠮᠡᠳᠡᠭᠦᠯᠦᠨ ᠳᠠᠩᠰᠠᠯᠠᠭᠤᠯᠬᠤ᠎ᠪᠠᠷ ᠲᠤᠭᠲᠠᠭ᠋ᠠᠪᠠ᠃
      ᠬᠤᠳᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ ᠲᠤᠰᠢᠶᠠᠯ᠎ᠳᠤ ᠲᠣᠮᠢᠯᠠᠬᠤ ᠨᠡᠷᠡᠰ
     2017 ᠤᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ ᠤᠯᠠᠭ᠋ᠠᠨᠬᠠᠳᠠ ᠬᠣᠲᠠ ᠵᠢᠨ ᠵᠢᠷᠭᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠭᠤᠴᠢᠨ ᠨᠠᠢ᠍ᠮᠠᠳᠤᠭ᠋ᠠᠷ ᠬᠤᠷᠠᠯ᠎ᠠᠴᠠ ᠪᠠᠲᠤᠯᠠᠪᠠ
      ᠲᠤᠰᠢᠶᠠᠯ᠎ᠳᠤ ᠲᠣᠮᠢᠯᠠᠬᠤ᠎ᠨᠢ᠄
      ᠱ᠌ᠢ ᠶᠢᠨ ᠹᠸᠩ᠎ᠢ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠵᠢᠨ ᠲᠤᠰᠢᠶᠠᠯ᠎ᠳᠤ ᠲᠤᠮᠢᠯᠠᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ