ᠲᠤᠰᠢᠶᠠᠯ᠎ᠤᠨ ᠲᠣᠮᠢᠯᠠᠯᠲᠠ   -   ᠲᠣᠰᠢᠶᠠᠯ᠎ᠳᠤ ᠲᠣᠮᠢᠯᠠᠭᠰᠠᠨ ᠮᠡᠳᠡᠭᠳᠡᠯ
ᠥᠪᠥᠷ ᠮᠣᠩᠭᠣᠯ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠍ᠢ᠍ᠡᠭᠭᠤ ᠵᠢᠨ ᠬᠤᠷᠢᠶ᠎ᠠ᠎ᠠᠴᠠ ᠵᠠᠡᠭ ᠱᠤᠤ ᠴᠦᠨ᠂ ᠶᠠᠡᠭ ᠸᠸᠢ ᠳ᠋ᠦᠡᠭ᠎ᠢ ᠦᠪᠡᠷᠳᠡᠭᠡᠨ ᠵᠠᠰᠠᠬᠤ ᠤᠷᠤᠨ᠎ᠤ ᠲᠡᠳ᠋ ᠲᠡᠷᠢᠭᠦᠯᠡᠭᠴᠢ ᠵᠢᠨ ᠲᠤᠰᠢᠶᠠᠯ᠎ᠳᠤ ᠲᠤᠮᠢᠯᠠᠬᠤ᠎ᠪᠠᠷ ᠲᠣᠭᠲᠠᠪᠠ
ᠨᠡᠶ᠋ᠢᠲᠡᠯᠡᠭᠰᠡᠨ ᠴᠠᠭ᠄ 2018-01-30

     1 ᠳ᠋ᠦ᠍ᠭᠡᠷ ᠰᠠᠷ᠎ᠠ ᠵᠢᠨ 20᠎ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠍ᠢ᠍ᠡᠭᠭᠤ ᠵᠢᠨ ᠬᠤᠷᠢᠶ᠎ᠠ ᠵᠢᠨ ᠭᠤᠴᠢᠨ ᠲᠤᠯᠤᠳᠤᠭ᠋ᠠᠷ ᠬᠤᠷᠠᠯ ᠬᠦᠬᠡᠬᠤᠳᠠ᠎ᠳᠤ ᠬᠤᠷᠠᠯᠳᠤᠪᠠ᠃
      ᠬᠤᠷᠠᠯ᠎ᠠᠴᠠ ᠵᠠᠡᠭ ᠱᠤᠤ ᠴᠦᠨ᠂   ᠶᠠᠡᠭ ᠸᠸᠢ ᠳ᠋ᠦᠡᠭ᠎ᠢ ᠦᠪᠡᠷᠳᠡᠭᠡᠨ ᠵᠠᠰᠠᠬᠤ ᠤᠷᠤᠨ᠎ᠤ ᠲᠡᠳ᠋ ᠲᠡᠷᠢᠭᠦᠯᠡᠭᠴᠢ ᠵᠢᠨ ᠲᠤᠰᠢᠶᠠᠯ᠎ᠳᠤ ᠲᠤᠮᠢᠯᠠᠬᠤ᠎ᠪᠠᠷ ᠲᠣᠭᠲᠠᠵᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠍ᠢ᠍ᠡᠭᠭᠤ ᠵᠢᠨ ᠬᠤᠷᠢᠶ᠎ᠠ ᠵᠢᠨ ᠡᠷᠬᠢᠯᠡᠭᠴᠢ ᠯᠢ ᠵᠢᠢ ᠾᠸᠡᠭ ᠰᠢᠨ᠎ᠠ᠎ᠪᠠᠷ ᠲᠤᠰᠢᠶᠠᠯ᠎ᠳᠤ ᠲᠤᠮᠢᠯᠠᠬᠳᠠᠬᠰᠠᠳ᠎ᠲᠤ ᠲᠤᠰᠢᠶᠠᠯ᠎ᠳᠤ ᠲᠤᠮᠢᠯᠠᠬᠤ ᠪᠢᠴᠢᠭ ᠭᠠᠷᠳᠠᠭᠤᠯᠵᠠᠢ᠃
      ᠬᠤᠷᠠᠯ᠎ᠤᠨ ᠲᠠᠷᠠᠭ᠎ᠠ᠂ ᠰᠢᠨ᠎ᠠ᠎ᠪᠠᠷ ᠲᠤᠰᠢᠶᠠᠯ᠎ᠳᠤ ᠲᠤᠮᠢᠯᠠᠬᠳᠠᠬᠰᠠᠳ ᠬᠠᠮᠳᠣᠪᠠᠷ ᠦᠨᠳᠦᠰᠦᠨ ᠬᠠᠤᠯᠢ᠎ᠳᠤ ᠲᠦᠪ ᠴᠢᠡᠭᠭ᠎ᠠ᠎ᠪᠠᠷ ᠲᠠᠡᠭᠭ᠋ᠠᠷᠢᠬᠯᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ