2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠠᠭᠤᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢᠨ ᠲᠥᠯᠥᠭᠡ ᠡᠷᠡᠮᠡᠬᠡᠢ᠌ᠯᠡᠨ ᠲᠡᠮᠡᠴᠡᠰᠦᠭᠡᠢ — ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ ᠡᠬᠢᠯᠡᠭᠰᠡᠨ᠎ᠳᠤ ᠬᠠᠯᠠᠭᠤᠨ ᠪᠠᠶᠠᠷ ᠬᠦᠷᠭᠡᠶ᠎ᠡ
ᠨᠡᠶ᠋ᠢᠲᠡᠯᠡᠭᠰᠡᠨ ᠴᠠᠭ᠄ 2025-01-13

      ᠣᠨ ᠵᠢᠯ ᠰᠣᠯᠢᠭᠳᠠᠵᠤ᠂ ᠠᠯᠢᠪᠠ ᠪᠦᠭᠦᠨ ᠰᠢᠨᠡᠳᠦᠨ ᠬᠤᠪᠢᠷᠠᠨ᠎ᠠ᠃ ᠥᠨᠥᠳᠥᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ ᠦᠪᠡᠳᠡᠭᠰᠢ ᠶᠡᠬᠡ᠎ᠪᠠᠷ ᠡᠬᠢᠯᠡᠪᠡ! ᠨᠡᠢ᠌ᠭᠡᠮ᠎ᠤᠨ ᠡᠯ᠎ᠡ ᠡᠲᠡᠭᠡᠳ᠎ᠤᠨ ᠬᠦᠰᠡᠯ ᠡᠷᠡᠮᠡᠯᠵᠡᠯ᠎ᠢ ᠠᠪᠴᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠦᠨᠳᠦ ᠨᠠᠢ᠌ᠳᠠᠯᠭ᠎ᠠ ᠵᠢ ᠡᠭᠦᠷᠭᠡᠯᠡᠨ᠂ ᠪᠦᠭᠦ ᠣᠷᠣᠨ᠎ᠤ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠨᠢᠭᠡ ᠵᠢᠯ᠎ᠤᠨ ᠲᠤᠷᠰᠢᠬᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠣᠯᠣᠯᠲᠠ ᠪᠣᠯᠣᠨ ᠪᠠᠶᠠᠷ ᠪᠠᠶᠠᠰᠤᠯ᠎ᠢ ᠡᠪᠦᠷᠯᠡᠨ᠂ ᠨᠢᠭᠡ ᠲᠠᠩᠬᠢᠮ᠎ᠳᠤ ᠴᠤᠭᠯᠠᠷᠠᠵᠤ᠂ ᠬᠥᠭᠵᠢᠯᠲᠡ ᠵᠢᠨ ᠶᠡᠬᠡ ᠪᠣᠳᠣᠯᠭ᠎ᠠ ᠵᠢ ᠬᠠᠮᠲᠤ᠎ᠪᠠᠷ ᠵᠥᠪᠯᠡᠵᠦ᠂ ᠰᠠᠢ᠌ᠨ ᠰᠠᠢ᠌ᠬᠠᠨ ᠢᠷᠡᠭᠡᠳᠦᠢ ᠵᠢ ᠬᠠᠮᠲᠤ᠎ᠪᠠᠷ ᠰᠦᠪᠡᠭᠴᠢᠯᠡᠨ᠎ᠡ᠃ ᠪᠢᠳᠡ ᠶᠡᠬᠡ ᠬᠤᠷᠠᠯ᠎ᠤᠨ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠶ᠎ᠡ!

      ᠣᠨ ᠵᠢᠯ᠎ᠤᠨ ᠣᠷᠴᠢᠯ ᠵᠣᠷᠴᠢᠯ ᠡᠷᠡᠮᠡᠬᠡᠢ᠌ᠯᠡᠨ ᠲᠡᠮᠡᠴᠡᠭᠰᠡᠳ᠎ᠤᠨ ᠤᠯᠠ ᠮᠥᠷ᠎ᠢ ᠲᠡᠮᠳᠡᠭᠯᠡᠨ᠎ᠡ᠃ 2024 ᠣᠨ ᠪᠣᠯ ᠰᠢᠨ᠎ᠡ ᠳᠤᠮᠳᠠᠳᠤ ᠤᠯᠤᠰ ᠪᠣᠯᠣᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ ᠪᠠᠢ᠌ᠭᠤᠯᠤᠭᠳᠠᠭᠰᠠᠨ 75 ᠵᠢᠯ᠎ᠤᠨ ᠤᠢ ᠪᠣᠯᠣᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠣᠨ᠎ᠠ᠂ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠴᠢᠬᠤᠯᠠ ᠨᠢᠭᠡ ᠵᠢᠯ ᠪᠣᠯᠣᠨ᠎ᠠ᠃ ᠡᠨᠡ ᠨᠢᠭᠡ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠬᠦᠴᠦᠲᠡᠢ ᠵᠢᠯᠣᠭᠣᠳᠤᠯᠭ᠎ᠠ ᠳᠣᠣᠷ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠦᠴᠦᠲᠡᠢ ᠳᠡᠮᠵᠢᠯᠭᠡ ᠳᠣᠣᠷ᠎ᠠ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ᠎ᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠠᠷᠢᠮᠲᠠᠯᠠᠵᠤ᠂ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭ᠋ᠠᠳᠬᠠᠬᠤ ᠵᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭ᠋ᠠᠨ ᠭᠠᠷᠭ᠋ᠠᠵᠤ ᠵᠠᠰᠠᠭ᠎ᠲᠤ ᠲᠤᠰᠠᠯᠠᠬᠤ ᠪᠠ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ ᠬᠣᠣᠰ ᠴᠢᠭᠯᠡᠯ ᠵᠶ᠋ᠡᠷ ᠬᠦᠴᠦᠯᠡᠬᠦ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠬᠣᠶᠠᠷ ᠶᠡᠬᠡ ᠶᠠᠪᠤᠳᠠᠯ᠎ᠲᠠᠢ ᠨᠢᠭᠲᠠ ᠤᠶᠠᠯᠳᠤᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠵᠦ᠂ ᠤᠯᠤᠰ ᠲᠥᠷᠥ ᠵᠢᠨ ᠵᠥᠪᠯᠡᠯᠭᠡᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯ᠎ᠢ ᠤᠬᠠᠭ᠋ᠠᠯᠠᠨ ᠲᠥᠯᠥᠪᠯᠡᠵᠦ ᠠᠬᠢᠭᠤᠯᠤᠨ᠂ ᠭᠣᠣᠯᠳᠠᠯᠭ᠎ᠠ ᠵᠢᠨ ᠲᠣᠭᠣᠷᠢᠨ᠎ᠳᠤ᠂ ᠶᠡᠬᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠭᠣᠣᠯ ᠠᠵᠢᠯ᠎ᠳᠤ ᠤᠷᠤᠯᠴᠠᠵᠤ᠂ ᠬᠥᠭᠵᠢᠯᠲᠡ᠎ᠳᠤ ᠬᠦᠴᠦᠨ ᠨᠡᠮᠡᠷᠢᠯᠡᠵᠦ᠂ ᠭᠣᠣᠯ ᠠᠵᠢᠯ᠎ᠳᠤ ᠠᠭᠤᠰᠤᠯᠴᠠᠵᠤ᠂ ᠠᠷᠠᠳ᠎ᠤᠨ ᠲᠥᠯᠥᠭᠡ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠲᠤᠰᠬᠠᠢ ᠵᠥᠪᠯᠡᠬᠦ ᠪᠠᠢ᠌ᠭᠤᠯᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠡᠯ᠎ᠡ ᠵᠦᠢ᠍ᠯ᠎ᠤᠨ ᠠᠵᠢᠯ ᠰᠢᠨ᠎ᠡ ᠦᠷ᠎ᠡ ᠪᠦᠲᠦᠮᠵᠢ ᠣᠯᠪᠠ᠃

      ᠢᠲᠡᠭᠡᠯ ᠵᠣᠷᠢᠭ ᠵᠶ᠋ᠠᠨ ᠪᠠᠲᠤᠳᠬᠠᠬᠤ ᠳᠤᠮᠳᠠ ᠬᠦᠴᠦᠨ ᠴᠢᠳᠠᠯ᠎ᠢ ᠨᠢᠬᠳᠠᠷᠠᠭᠤᠯᠤᠨ᠎ᠠ; ᠴᠢᠷᠮᠠᠢ᠌ᠨ ᠲᠡᠮᠡᠴᠡᠬᠦ ᠳᠤᠮᠳᠠ ᠬᠠᠷᠠᠯᠲᠠ᠎ᠪᠠᠨ ᠪᠡᠶᠡᠯᠡᠭᠦᠯᠦᠨ᠎ᠡ᠃ ᠨᠢᠭᠡ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠪᠠᠢ᠌ᠩᠭᠤ ᠵᠢᠨ ᠬᠣᠷᠢᠶ᠎ᠠ ᠡᠯ᠎ᠡ ᠵᠦᠢ᠍ᠯ᠎ᠤᠨ ᠡᠭᠦᠷᠭᠡ ᠴᠢᠳᠠᠪᠬᠢ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠪᠠ᠃ ᠤᠯᠤᠰ ᠲᠦᠷᠦ ᠵᠢ ᠡᠷᠭᠢᠮᠯᠡᠭᠦ᠂ ᠴᠢᠭᠯᠡᠯ᠎ᠢ ᠲᠣᠳᠣᠷᠬᠠᠢ ᠪᠤᠯᠭ᠋ᠠᠬᠤ ᠵᠢ ᠪᠠᠷᠢᠮᠲᠠᠯᠠᠵᠤ᠂ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠳᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠨᠡᠩ ᠬᠦᠴᠦᠲᠡᠢ ᠪᠤᠯᠪᠠ; ᠰᠠᠢ᠌ᠨ ᠠᠷᠭ᠎ᠠ ᠪᠣᠳᠣᠯᠭ᠎ᠠ ᠰᠦᠪᠡᠭᠴᠢᠯᠡᠬᠦ᠂ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠬᠦᠴᠦᠨ ᠨᠡᠮᠡᠷᠢᠯᠡᠬᠦ᠎ᠳᠤ ᠨᠡᠩ ᠵᠢᠳᠬᠦᠯ ᠴᠢᠷᠮᠠᠢ᠌ᠯᠭ᠎ᠠ ᠭᠠᠷᠭ᠋ᠠᠪᠠ; ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ᠂ ᠪᠦᠯᠬᠦᠮᠳᠡᠯ᠎ᠢ ᠴᠢᠩᠭ᠋ᠠᠳᠬᠠᠬᠤ ᠵᠢ ᠪᠠᠷᠢᠮᠲᠠᠯᠠᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠬᠠᠮᠲᠤ ᠵᠢᠨ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ ᠵᠢ ᠨᠡᠩ ᠪᠡᠭᠢᠵᠢᠭᠦᠯᠪᠡ; ᠬᠠᠮᠢᠶᠠᠷᠤᠯᠲᠠ ᠵᠢ ᠠᠳᠬᠤᠬᠤ᠂ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠭᠦ ᠵᠢ ᠪᠠᠷᠢᠮᠲᠠᠯᠠᠵᠤ᠂ ᠤᠯᠤᠰ ᠲᠦᠷᠦ ᠵᠢᠨ ᠵᠥᠪᠯᠡᠯᠭᠡᠨ᠎ᠤ ᠲᠤᠰ ᠪᠡᠶ᠎ᠡ ᠵᠢᠨ ᠪᠠᠢ᠌ᠭᠤᠯᠤᠯᠲᠠ ᠨᠡᠩ ᠪᠠᠲᠤ ᠴᠢᠩᠭ᠎ᠠ ᠪᠤᠯᠪᠠ; ᠰᠠᠭᠤᠷᠢ ᠵᠢ ᠴᠢᠩᠭ᠋ᠠᠳᠬᠠᠬᠤ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠬᠢᠭᠤᠯᠬᠤ ᠵᠢ ᠪᠠᠷᠢᠮᠲᠠᠯᠠᠵᠤ᠂ ᠪᠠᠢ᠌ᠩᠭᠤ ᠵᠢᠨ ᠴᠢᠨᠠᠷᠲᠠᠢ ᠠᠵᠢᠯ᠎ᠢ ᠨᠡᠩ ᠯᠠᠪᠳᠠᠭᠤᠨ ᠪᠠᠲᠤᠲᠠᠢ ᠠᠭᠢᠭᠤᠯᠪᠠ; ᠥᠭᠡᠷᠡᠴᠢᠯᠡᠯᠲᠡ ᠵᠢ ᠠᠳᠬᠤᠬᠤ᠂ ᠰᠢᠨ᠎ᠡ ᠵᠢ ᠡᠭᠦᠳᠬᠦ ᠵᠢ ᠴᠢᠬᠤᠯᠠᠴᠢᠯᠠᠬᠤ ᠵᠢ ᠪᠠᠷᠢᠮᠲᠠᠯᠠᠵᠤ᠂ ᠤᠯᠤᠰ ᠲᠦᠷᠦ ᠵᠢᠨ ᠵᠥᠪᠯᠡᠯᠭᠡᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠠᠪᠴᠠᠩ ᠨᠡᠩ ᠤᠯᠠᠨ ᠡᠰᠢᠵᠢᠪᠡ᠃ ᠪᠦᠭᠦ ᠣᠷᠣᠨ᠎ᠤ ᠡᠯ᠎ᠡ ᠱᠠᠲᠤᠨ᠎ᠤ ᠤᠯᠤᠰ ᠲᠦᠷᠦ ᠵᠢᠨ ᠵᠥᠪᠯᠡᠯᠭᠡᠨ᠎ᠤ ᠵᠣᠬᠢᠶᠠᠨ ᠪᠠᠢ᠌ᠭᠤᠯᠤᠯᠲᠠ ᠪᠣᠯᠣᠨ ᠥᠷᠭᠡᠨ ᠤᠯᠠᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ ᠢᠮᠠᠭᠲᠠ ᠬᠠᠷᠢᠭᠤᠴᠠᠯᠭ᠎ᠠ ᠡᠭᠦᠷᠭᠡᠯᠡᠵᠦ᠂ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠤᠨ ᠲᠥᠯᠥᠭᠡ ᠪᠤᠳᠤᠵᠤ᠂ ᠪᠦᠭᠦ ᠬᠦᠴᠦᠨ ᠵᠶ᠋ᠡᠷ ᠵᠶ᠋ᠡᠨ ᠴᠢᠷᠮᠠᠢ᠌ᠨ᠂ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠲᠤᠰ ᠪᠡᠶ᠎ᠡ ᠵᠢᠨ ᠣᠨᠴᠠᠯᠢᠭ ᠪᠠ ᠳᠠᠪᠠᠭᠤᠯᠢᠭ ᠵᠶ᠋ᠠᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠳᠠᠪᠠᠭᠤᠯᠢᠭ ᠪᠣᠯᠭ᠋ᠠᠨ ᠬᠤᠪᠢᠷᠠᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠵᠦ᠂ ᠰᠢᠨ᠎ᠡ ᠴᠠᠭ ᠦᠶ᠎ᠡ ᠵᠢᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠢ᠌ᠯᠭ᠎ᠠ ᠵᠢ ᠢᠯᠡᠷᠡᠭᠦᠯᠪᠡ᠃

      ᠨᠢᠭᠡ ᠵᠢᠯ᠎ᠤᠨ ᠲᠤᠷᠰᠢ ᠣᠯᠣᠭᠰᠠᠨ ᠠᠵᠢᠯ᠎ᠤᠨ ᠠᠮᠵᠢᠯᠲᠠ ᠪᠦᠲᠦᠮᠵᠢ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠰᠢᠨᠵᠢᠯᠡᠬᠦ ᠤᠬᠠᠭ᠋ᠠᠨᠴᠢ ᠵᠢᠯᠣᠭᠣᠳᠤᠯᠭ᠎ᠠ ᠵᠢ ᠪᠠᠷᠢᠮᠲᠠᠯᠠᠭᠰᠠᠨ᠎ᠤ ᠦᠷ᠎ᠡ ᠳ᠋ᠦᠩ ᠮᠥᠨ᠂ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠬᠦᠴᠦᠲᠡᠢ ᠵᠢᠯᠣᠭᠣᠳᠤᠭᠰᠠᠨ᠎ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠭᠰᠠᠨ᠎ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠠᠷᠠᠳ᠎ᠤᠨ ᠵᠠᠰᠠᠭ᠎ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠡᠢ᠌ᠭᠡᠮ᠎ᠤᠨ ᠡᠯ᠎ᠡ ᠡᠲᠡᠭᠡᠳ᠎ᠤᠨ ᠬᠦᠴᠦᠲᠡᠢ ᠳᠡᠮᠵᠢᠭᠰᠡᠨ᠎ᠤ ᠦᠷ᠎ᠡ ᠳ᠋ᠦᠩ ᠮᠥᠨ᠂ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠡᠯ᠎ᠡ ᠣᠷᠣᠯᠴᠠᠭᠴᠢ ᠨᠢᠭᠡᠴᠢ᠂ ᠡᠯ᠎ᠡ ᠠᠢ᠌ᠮᠠᠭ ᠬᠣᠲᠠ ᠪᠣᠯᠣᠨ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ ᠲᠥᠷᠥ ᠵᠢᠨ ᠵᠥᠪᠯᠡᠯᠭᠡᠨ᠎ᠤ ᠪᠦᠯᠬᠦᠮᠳᠡᠨ ᠲᠡᠮᠡᠴᠡᠭᠰᠡᠨ᠎ᠤ ᠦᠷ᠎ᠡ ᠳ᠋ᠦᠩ ᠮᠥᠨ᠂ ᠥᠷᠭᠡᠨ ᠣᠯᠠᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠎ᠤ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠦᠭᠰᠡᠨ᠎ᠤ ᠦᠷ᠎ᠡ ᠳ᠋ᠦᠩ ᠮᠥᠨ᠃

      2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠣᠨ᠎ᠠ᠂ ᠪᠠᠰᠠ ᠴᠤ᠌ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠴᠢᠬᠤᠯᠠ ᠨᠢᠭᠡ ᠵᠢᠯ ᠮᠥᠨ᠃ ᠰᠢᠨ᠎ᠡ ᠴᠠᠭ ᠬᠤᠭᠤᠴᠠᠭ᠋ᠠᠨ᠎ᠤ ᠪᠠᠢ᠌ᠷᠢᠰᠢᠯ ᠪᠠ ᠠᠶᠠᠨ᠎ᠳᠤ ᠣᠷᠣᠰᠢᠵᠤ ᠪᠠᠢ᠌ᠭ᠎ᠠ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠲᠠᠪᠴᠠᠩ ᠨᠡᠩ ᠥᠷᠭᠡᠨ ᠠᠭᠤᠳᠠᠮ᠂ ᠬᠠᠷᠢᠭᠤᠴᠠᠯᠭ᠎ᠠ ᠨᠡᠩ ᠬᠦᠨᠳᠦ ᠶᠡᠬᠡ᠂ ᠡᠭᠦᠷᠭᠡ ᠨᠡᠩ ᠢᠷᠠᠭᠤ ᠠᠯᠳᠠᠷ᠎ᠲᠠᠢ ᠶᠤᠮ᠃ ᠰᠢᠨ᠎ᠡ ᠨᠢᠭᠡ ᠵᠢᠯ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠡᠨ ᠨᠢᠭᠡᠳᠬᠡᠨ ᠰᠦᠭ ᠰᠦᠨᠡᠰᠦ ᠵᠢ ᠱᠤᠭᠤᠬᠤ ᠵᠢ ᠪᠠᠷᠢᠮᠲᠠᠯᠠᠵᠤ᠂ ᠬᠠᠮᠲᠤ ᠵᠢᠨ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ ᠵᠢ ᠪᠠᠲᠤ ᠴᠣᠭᠴᠠᠯᠠᠬᠤ ᠭᠡᠷᠡᠭᠳᠡᠢ; ᠨᠠᠮ᠎ᠤᠨ ᠬᠣᠷᠢᠶ᠎ᠠ ᠵᠢᠨ ᠭᠣᠣᠯ ᠠᠵᠢᠯ᠎ᠤᠨ ᠲᠣᠭᠣᠷᠢᠨ᠎ᠳᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠠᠩᠬᠠᠷᠤᠯ ᠵᠶ᠋ᠡᠨ ᠲᠥᠪᠯᠡᠷᠡᠭᠦᠯᠦᠨ ᠠᠷᠭ᠎ᠠ ᠤᠬᠠᠭ᠋ᠠᠨ ᠭᠠᠷᠭ᠋ᠠᠨ ᠵᠠᠰᠠᠭ᠎ᠲᠤ ᠲᠤᠰᠠᠯᠠᠵᠤ᠂ 《ᠵᠢᠷᠭᠤᠭ᠋ᠠᠨ ᠢᠨᠵᠧᠨᠧᠷᠢᠩ》᠎ᠢ ᠭᠦᠨᠵᠡᠭᠡᠢ᠌ᠷᠡᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠠᠬᠢᠭᠤᠯᠬᠤ᠂ ᠪᠡᠭᠡᠵᠢᠩ ᠥᠪᠥᠷ ᠮᠣᠩᠭᠣᠯ᠎ᠤᠨ ᠬᠠᠮᠲᠤᠷᠠᠯᠴᠠᠭ᠎ᠠ᠎ᠳᠤ ᠬᠦᠴᠦᠨ ᠨᠡᠮᠡᠷᠢᠯᠡᠬᠦ ᠵᠡᠷᠭᠡ ᠲᠠᠯ᠎ᠠ᠎ᠪᠠᠷ ᠢᠳᠡᠪᠬᠢᠲᠡᠢ ᠦᠢ᠍ᠯᠡᠳᠦᠯ ᠦᠵᠡᠭᠦᠯᠭᠦ ᠭᠡᠷᠡᠭᠳᠡᠢ; ᠬᠠᠮᠲᠤ ᠵᠢᠨ ᠲᠠᠨᠢᠯᠲᠠ ᠵᠢ ᠨᠢᠭᠲᠠᠷᠠᠭᠤᠯᠤᠨ ᠪᠦᠯᠬᠦᠮᠳᠡᠯ᠎ᠢ ᠠᠬᠢᠭᠤᠯᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠬᠠᠮᠤᠭ᠎ᠤᠨ ᠶᠡᠬᠡ ᠢᠵᠢᠯ ᠲᠥᠪᠲᠦ ᠲᠣᠭᠣᠷᠢᠭ᠎ᠢ ᠴᠢᠷᠮᠠᠢ᠌ᠨ ᠵᠢᠷᠤᠭᠯᠠᠬᠤ ᠭᠡᠷᠡᠭᠳᠡᠢ; ᠥᠭᠡᠷᠡᠴᠢᠯᠡᠯᠲᠡ ᠵᠢᠨ ᠵᠣᠷᠢᠭ ᠰᠠᠨᠠᠭ᠎ᠠ᠎ᠪᠠᠷ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠬᠤ ᠵᠢ ᠪᠠᠷᠢᠮᠲᠠᠯᠠᠵᠤ᠂ ᠤᠯᠤᠰ ᠲᠦᠷᠦ ᠵᠢᠨ ᠵᠥᠪᠯᠡᠯᠭᠡᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢᠨ ᠬᠢᠷᠢ ᠲᠦᠪᠰᠢᠨ ᠵᠶ᠋ᠡᠨ ᠳᠡᠭᠡᠭᠰᠢᠯᠡᠭᠦᠯᠭᠦ ᠭᠡᠷᠡᠭᠳᠡᠢ; ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ᠎ᠪᠠᠷ ᠶᠡᠷᠦᠩᠬᠡᠢ᠌ᠯᠡᠨ ᠵᠢᠯᠣᠭᠣᠳᠤᠭᠤᠯᠬᠤ ᠵᠢ ᠪᠠᠷᠢᠮᠲᠠᠯᠠᠵᠤ᠂ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠢ᠃ ᠥᠷᠭᠡᠨ ᠣᠯᠠᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠨᠠᠩ ᠥᠨᠳᠥᠷ ᠵᠣᠭᠰᠣᠴᠠ᠂ ᠨᠠᠩ ᠥᠨᠳᠥᠷ ᠪᠠᠷᠢᠮᠵᠢᠶ᠎ᠠ᠂ ᠨᠠᠩ ᠥᠨᠳᠥᠷ ᠲᠦᠪᠰᠢᠨ᠂ ᠨᠠᠩ ᠴᠢᠨᠠᠷ ᠰᠠᠢ᠌ᠲᠠᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯ᠎ᠳᠤ ᠣᠷᠣᠯᠴᠠᠵᠤ᠂ ᠢᠳᠡᠪᠬᠢᠲᠡᠢ᠎ᠪᠠᠷ ᠠᠷᠭ᠎ᠠ ᠤᠬᠠᠭ᠋ᠠᠨ ᠭᠠᠷᠭ᠋ᠠᠨ ᠵᠠᠰᠠᠭ᠎ᠲᠤ ᠲᠤᠰᠠᠯᠠᠵᠤ᠂ ᠬᠠᠮᠲᠤ ᠵᠢᠨ ᠲᠠᠨᠢᠯᠲᠠ ᠵᠢ ᠥᠷᠭᠡᠨ ᠵᠶ᠋ᠡᠷ ᠨᠢᠭᠲᠠᠷᠠᠭᠤᠯᠵᠤ᠂ ᠡᠯ᠎ᠡ ᠲᠠᠯ᠎ᠠ ᠵᠢᠨ ᠣᠶᠤᠨ ᠤᠬᠠᠭ᠋ᠠᠨ ᠪᠠ ᠬᠦᠴᠦᠨ ᠴᠢᠳᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠬᠥᠭᠵᠢᠭᠡᠵᠦ᠂ ᠰᠢᠨ᠎ᠡ ᠠᠶᠠᠨ᠎ᠳᠤ ᠪᠦᠯᠬᠦᠮᠳᠡᠨ ᠤᠷᠤᠭᠰᠢᠯᠠᠬᠤ 《ᠨᠠᠢ᠌ᠷᠠᠯ ᠳᠠᠭᠤᠤ》 ᠵᠢ ᠬᠠᠮᠲᠤ᠎ᠪᠠᠷ ᠬᠠᠩᠭᠢᠨᠠᠭᠤᠯᠬᠤ ᠬᠡᠷᠡᠭᠲᠡᠢ᠃

      ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠠᠭᠤᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢᠨ ᠲᠥᠯᠥᠭᠡ ᠡᠷᠡᠮᠡᠬᠡᠢ᠌ᠯᠡᠨ ᠲᠡᠮᠡᠴᠡᠨ᠎ᠡ᠃ ᠲᠡᠮᠡᠴᠡᠯ᠎ᠤᠨ ᠰᠢᠨ᠎ᠡ ᠬᠠᠷᠠᠯᠲᠠ ᠵᠢ ᠵᠣᠷᠢᠨ ᠤᠷᠤᠭᠰᠢᠯᠠᠬᠤ᠎ᠳᠤ᠂ ᠮᠥᠨ ᠬᠦ᠌ ᠬᠦᠴᠦ ᠬᠥᠯᠥᠰᠦ ᠤᠷᠤᠰᠬᠠᠨ᠂ ᠦᠨᠡᠨ ᠬᠦ᠌ ᠴᠷᠢᠮᠠᠢ᠌ᠨ ᠪᠣᠳᠠᠲᠠᠢ ᠠᠵᠢᠯᠯᠠᠵᠤ ᠯᠠᠪᠳᠠᠭᠤᠨ ᠵᠶ᠋ᠡᠷ ᠤᠷᠤᠭᠰᠢᠯᠠᠬᠤ ᠬᠡᠷᠡᠭᠲᠡᠢ᠃ ᠬᠤᠷᠠᠯ᠎ᠳᠤ ᠣᠷᠣᠯᠴᠠᠬᠰᠠᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠯᠠᠪᠲᠠᠢ ᠴᠠᠭ ᠦᠶ᠎ᠡ ᠵᠢᠨ ᠢᠷᠠᠭᠤ ᠠᠯᠳᠠᠷ᠎ᠢ ᠬᠥᠰᠡᠷᠳᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ᠎ᠪᠠᠨ ᠭᠤᠲᠤᠭ᠋ᠠᠬᠤ ᠦᠭᠡᠢ᠂ ᠤᠯᠤᠰ ᠲᠦᠷᠦ ᠵᠢᠨ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠵᠶ᠋ᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭ᠋ᠠᠨ ᠭᠠᠷᠭ᠋ᠠᠵᠤ᠂ ᠡᠨᠡ ᠤᠳᠠᠭ᠎ᠠ ᠵᠢᠨ ᠬᠤᠷᠠᠯ᠎ᠢ ᠨᠢᠭᠲᠠᠷᠠᠨ ᠪᠦᠯᠬᠦᠮᠳᠡᠵᠦ ᠡᠷᠴᠢ ᠵᠣᠷᠢᠭ ᠵᠶ᠋ᠠᠨ ᠬᠥᠪᠴᠢᠯᠡᠭᠰᠡᠨ᠂ ᠬᠥᠮᠥᠰ᠎ᠤᠨ ᠰᠡᠳᠬᠢᠯ᠎ᠢ ᠬᠥᠭᠵᠢᠭᠡᠭᠰᠡᠨ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠦᠭᠰᠡᠨ᠂ ᠬᠥᠭᠵᠢᠯᠲᠡ᠎ᠳᠤ ᠬᠦᠴᠦᠨ ᠨᠡᠮᠡᠷᠢᠯᠡᠭᠰᠡᠨ ᠶᠡᠬᠡ ᠬᠤᠷᠠᠯ ᠪᠣᠯᠭ᠋ᠠᠨ ᠬᠤᠷᠠᠯᠳᠤᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠬᠤ ᠵᠢ ᠪᠢᠳᠡ ᠢᠲᠡᠭᠡᠵᠦ ᠪᠠᠢ᠌ᠨ᠎ᠠ᠃

      ᠶᠡᠬᠡ ᠬᠤᠷᠠᠯ᠎ᠤᠨ ᠲᠡᠭᠦᠰ ᠠᠮᠵᠢᠯᠲᠠ᠎ᠲᠠᠢ ᠬᠤᠷᠠᠯᠳᠤᠬᠤ ᠵᠢ ᠵᠥᠩᠨᠡᠶ᠎ᠡ!

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ