ᠤᠯᠤᠰ ᠲᠥᠷᠤ ᠵᠢᠨ ᠵᠥᠪᠯᠡᠯᠭᠡᠨ᠎ᠤ ᠭᠡᠰᠢᠭᠦᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ 《ᠵᠢᠷᠭᠤᠭ᠋ᠠᠨ ᠨᠢᠭᠡ》 ᠪᠣᠯ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠤ ᠵᠢᠨ ᠵᠥᠪᠯᠡᠯᠭᠡᠨ᠎ᠤ ᠰᠢᠨ᠎ᠡ ᠵᠢ ᠡᠭᠦᠳᠦᠭᠰᠡᠨ ᠠᠵᠢᠯᠯᠠᠭ᠎ᠠ ᠪᠣᠯᠣᠨ᠎ᠠ᠃ ᠡᠨᠡ᠎ᠨᠢ ᠳᠠᠷᠤᠢ ᠭᠡᠰᠢᠭᠦᠳ ᠵᠢᠯ ᠪᠦᠷᠢ ᠨᠢᠭᠡ ᠤᠳᠠᠭ᠎ᠠ ᠪᠦᠭᠦᠳᠡ ᠬᠤᠷᠠᠯ᠎ᠳᠤ ᠣᠷᠣᠯᠴᠠᠵᠤ᠂ ᠨᠠᠭ᠋ᠠᠲᠤ ᠵᠠᠬ᠎ᠠ᠎ᠳᠠᠭᠠᠨ ᠨᠢᠭᠡ ᠬᠤᠪᠢ ᠰᠠᠨᠠᠯ ᠳᠤᠷᠠᠳᠤᠯᠭ᠎ᠠ᠂ ᠨᠢᠭᠡ ᠬᠤᠪᠢ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠋ᠠᠨ᠎ᠤ ᠮᠡᠳᠡᠭᠡ ᠵᠠᠩᠭᠢ ᠲᠤᠰᠢᠶᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠤ ᠵᠢᠨ ᠵᠥᠪᠯᠡᠯᠭᠡᠨ ᠪᠤᠶᠤ ᠠᠢ᠌ᠮᠠᠭ ᠬᠤᠳᠠ ᠵᠢᠨ ᠤᠯᠤᠰ ᠲᠥᠷᠤ ᠵᠢᠨ ᠵᠥᠪᠯᠡᠯᠭᠡᠨ᠎ᠤ ᠵᠣᠬᠢᠶᠠᠨ ᠪᠠᠢ᠌ᠭᠤᠯᠤᠭᠰᠠᠨ ᠠᠵᠢᠯ ᠪᠠᠢ᠌ᠴᠠᠭ᠋ᠠᠵᠤ ᠪᠠᠢ᠌ᠴᠠᠭ᠋ᠠᠨ ᠰᠤᠳᠤᠯᠬᠤ᠎ᠳᠤ ᠣᠷᠤᠯᠴᠠᠬᠤ ᠵᠡᠷᠭᠡ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯᠯᠠᠭ᠎ᠠ᠎ᠳᠤ ᠨᠢᠭᠡ ᠤᠳᠠᠭ᠎ᠠ ᠣᠷᠣᠯᠴᠠᠵᠤ᠂ ᠨᠢᠭᠡ ᠤᠳᠠᠭ᠎ᠠ ᠵᠢᠨ ᠰᠤᠷᠤᠯᠴᠠᠯᠭ᠎ᠠ ᠪᠣᠯᠪᠠᠰᠤᠷᠠᠯ ᠪᠠ ᠨᠢᠭᠡ ᠤᠳᠠᠭ᠎ᠠ ᠵᠢᠨ ᠡᠲᠡᠭᠡᠳ ᠢᠯᠭ᠋ᠠᠯ᠎ᠤᠨ ᠠᠵᠢᠯᠯᠠᠭ᠎ᠠ᠎ᠳᠤ ᠣᠷᠤᠯᠴᠠᠬᠤ ᠵᠢᠨ ᠬᠠᠮᠲᠤ ᠨᠠᠭ᠋ᠠᠲᠤ ᠵᠠᠬ᠎ᠠ᠎ᠳᠠᠭᠠᠨ ᠡᠲᠡᠭᠡᠳ ᠢᠯᠭ᠋ᠠᠯ᠎ᠤᠨ 5 ᠤᠯᠠᠨ ᠲᠦᠮᠡᠨ᠎ᠲᠠᠢ ᠬᠠᠷᠢᠯᠴᠠᠬᠤ᠂ ᠵᠦᠢ ᠶᠣᠰᠣᠨ᠎ᠤ ᠰᠢᠯᠲᠠᠭ᠋ᠠᠨ ᠦᠭᠡᠢ᠎ᠪᠠᠷ ᠣᠨ᠎ᠤ ᠡᠭᠦᠷᠭᠡ ᠬᠠᠷᠢᠭᠤᠴᠠᠯᠭ᠎ᠠ᠎ᠪᠠᠨ ᠪᠡᠶᠡᠯᠡᠭᠦᠯᠵᠦ ᠳᠡᠢ᠌ᠯᠦᠭᠰᠡᠨ ᠦᠭᠡᠢ ᠭᠡᠰᠢᠭᠦᠳ ᠰᠠᠨᠠᠭ᠋ᠠᠴᠢᠯᠠᠭ᠎ᠠ᠎ᠠᠴᠠ᠎ᠪᠠᠨ ᠲᠤᠰᠢᠶᠠᠯ᠎ᠠᠴᠠ᠎ᠪᠠᠨ ᠪᠠᠭᠤᠬᠤ ᠵᠢ ᠱᠠᠭ᠋ᠠᠷᠳᠠᠭᠰᠠᠨᠢ ᠬᠡᠯᠡᠵᠦ ᠪᠤᠢ᠃ ᠡᠨᠡ ᠬᠦ᠌ ᠠᠵᠢᠯ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠪᠣᠯᠣᠨ ᠨᠡᠢ᠌ᠲᠡᠯᠢᠭ ᠲᠤᠷᠰᠢᠯᠭ᠎ᠠ ᠵᠢ ᠲᠤᠢ᠌ᠯᠪᠤᠷᠢᠲᠠᠢ ᠪᠠᠢ᠌ᠴᠠᠭ᠋ᠠᠬᠤ ᠵᠦᠢ᠍ᠯ》᠎ᠳᠤ ᠰᠣᠩᠭᠣᠭᠳᠠᠵᠤ᠂ 《ᠠᠷᠠᠳ᠎ᠤᠨ ᠡᠳᠦᠷ᠎ᠤᠨ ᠰᠣᠨᠢᠨ》 ᠭᠦᠨᠵᠡᠭᠡᠢ ᠰᠤᠷᠪᠤᠯᠵᠢᠯᠠᠨ ᠮᠡᠳᠡᠭᠡᠯᠡᠪᠡ᠃
ᠡᠭᠦᠷᠭᠡ ᠬᠠᠷᠢᠭᠤᠴᠠᠯᠭ᠎ᠠ ᠵᠢ ᠬᠡᠮᠵᠢᠶᠡᠯᠡᠵᠦ ᠠᠵᠢᠯ ᠳᠠᠭ᠋ᠠᠭ᠋ᠠᠯᠭ᠋ᠠᠪᠤᠷᠢ ᠵᠢ ᠲᠣᠳᠣᠷᠬᠠᠢ᠌ᠯᠠᠪᠠ
ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ 《ᠳᠡᠭᠡᠷ᠎ᠡ ᠱᠠᠲᠤ᠎ᠲᠠᠢ ᠨᠡᠪᠳᠡᠷᠡᠵᠤ ᠦᠨᠳᠦᠰᠦᠨ ᠱᠠᠲᠤ᠎ᠲᠠᠢ ᠬᠠᠷᠢᠯᠴᠠᠵᠤ》 ᠨᠠᠮ ᠪᠠ ᠵᠠᠰᠠᠭ᠎ᠤᠨ ᠣᠷᠳᠣᠨ ᠬᠢᠭᠡᠳ ᠡᠲᠡᠭᠡᠳ ᠢᠯᠭ᠋ᠠᠯ᠎ᠤᠨ ᠤᠯᠠᠨ ᠲᠦᠮᠡᠨ᠎ᠤ ᠬᠣᠭᠣᠷᠣᠨᠳᠤ ᠴᠢᠬᠤᠯᠠ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠪᠠᠳᠠᠷᠠᠭᠤᠯᠵᠤ ᠪᠠᠢ᠌ᠳᠠᠭ᠃ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ ᠪᠣᠯᠤᠭᠰᠠᠨ᠎ᠤ ᠬᠤᠪᠢ᠎ᠳᠤ᠂ ᠲᠤᠬᠠᠢ᠌ᠯᠠᠭᠰᠠᠨ ᠠᠵᠢᠯ ᠵᠶ᠋ᠡᠨ ᠭᠦᠢ᠍ᠴᠡᠳᠬᠡᠬᠦ ᠳᠤᠮᠳᠠ᠎ᠪᠠᠨ ᠳᠠᠭ᠋ᠠᠭᠤᠯᠬᠤ ᠦᠢ᠍ᠯᠡᠳᠦᠯ ᠦᠵᠡᠭᠦᠯᠵᠦ᠂ ᠤᠯᠤᠰ ᠲᠦᠷᠦ ᠵᠢᠨ ᠵᠥᠪᠯᠡᠯᠭᠡᠨ᠎ᠤ ᠠᠵᠢᠯ ᠳᠤᠮᠳᠠ ᠭᠣᠣᠯ ᠴᠣᠭᠴᠠ ᠵᠢᠨ ᠦᠢ᠍ᠯᠡᠳᠦᠯ᠎ᠢ ᠡᠭᠦᠷᠭᠡᠯᠡᠵᠦ᠂ ᠡᠲᠡᠭᠡᠳ ᠢᠯᠭ᠋ᠠᠯ᠎ᠤᠨ ᠤᠯᠠᠨ ᠲᠦᠮᠡᠨ᠎ᠤ ᠳᠤᠮᠳᠠ ᠲᠥᠯᠥᠭᠡᠯᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠤᠬᠠᠢ᠌ᠯᠠᠭᠰᠠᠨ ᠠᠵᠢᠯ ᠪᠣᠯᠣᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠭᠤᠰᠤᠯᠴᠠᠭᠤᠯᠤᠨ ᠨᠠᠪᠲᠠᠷᠡᠭᠦᠯᠵᠦ᠂ ᠬᠠᠨᠳᠤᠯᠭ᠋ᠠᠲᠤ ᠴᠢᠨᠠᠷᠲᠠᠢ᠎ᠪᠠᠷ ᠨᠠᠮ ᠪᠣᠯᠣᠨ ᠵᠠᠰᠠᠭ᠎ᠤᠨ ᠣᠷᠳᠣᠨ᠎ᠳᠤ ᠪᠠᠢ᠌ᠳᠠᠯ᠎ᠢ ᠲᠤᠰᠬᠠᠵᠤ᠂ ᠰᠠᠨᠠᠭᠤᠯᠭ᠎ᠠ ᠳᠤᠷᠠᠳᠪᠠ᠃ ᠭᠡᠰᠢᠭᠦᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠮᠠᠯᠠᠯᠲᠠ ᠬᠢᠬᠦ ᠠᠮᠠᠯᠠᠯᠲᠠ᠎ᠪᠠᠨ ᠦᠢ᠍ᠯᠡᠳᠦᠯᠭᠡᠵᠢᠭᠦᠯᠬᠦ ᠪᠠ ᠰᠠᠨᠠᠭ᠋ᠠᠴᠢᠯᠠᠭ᠎ᠠ᠎ᠠᠴᠠ᠎ᠪᠠᠨ ᠲᠤᠰᠢᠶᠠᠯ᠎ᠠᠴᠠ᠎ᠪᠠᠨ ᠪᠠᠭᠤᠬᠤ ᠳᠦᠷᠢᠮ᠎ᠤᠨ ᠰᠠᠭᠤᠷᠢᠨ ᠳᠡᠭᠡᠷ᠎ᠡ ᠪᠠᠢ᠌ᠭᠤᠯᠤᠭᠳᠠᠭᠰᠠᠨ 《ᠵᠢᠷᠭᠤᠭ᠋ᠠᠨ ᠨᠢᠭᠡ》 ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠡᠭᠦᠷᠭᠡ ᠵᠢ ᠳᠦᠷᠢᠮ᠎ᠢ ᠵᠢᠷᠤᠵᠤ ᠲᠥᠯᠥᠪᠯᠡᠬᠦ ᠲᠠᠯ᠎ᠠ᠎ᠠᠴᠠ ᠡᠳᠡᠭᠡᠷ ᠬᠠᠷᠢᠭᠤᠴᠠᠯᠭ᠎ᠠ ᠵᠢ ᠦᠨᠡᠨ ᠬᠦ᠌ ᠪᠣᠳᠠᠲᠠᠢ ᠪᠣᠯᠭ᠋ᠠᠨ ᠬᠤᠪᠢᠷᠠᠭᠤᠯᠪᠠ᠃
ᠨᠠᠷᠠᠰᠤ ᠪᠣᠯᠣᠨ ᠪᠠᠢ ᠱᠤᠸᠠᠩ ᠴᠧᠩ ᠪᠣᠯ ᠲᠣᠰ ᠲᠣᠰ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠡᠲᠡᠭᠡᠳ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ᠎ᠤᠨ ᠭᠡᠰᠢᠭᠦᠨ ᠮᠥᠨ᠂ ᠲᠣᠰ ᠲᠣᠰ ᠴᠠᠭ ᠠᠭᠤᠷ ᠪᠠ ᠵᠣᠬᠢᠶᠠᠮᠠᠯ ᠣᠶᠤᠨ ᠴᠢᠳᠠᠪᠤᠷᠢ ᠵᠢᠨ ᠰᠤᠳᠤᠯᠭ᠋ᠠᠨ᠎ᠤ ᠠᠵᠢᠯ ᠬᠢᠵᠦ ᠪᠤᠶ᠃ 2024 ᠣᠨ᠎ᠤ 6 ᠰᠠᠷ᠎ᠠ᠎ᠳᠤ᠂ ᠬᠣᠶᠠᠷ ᠭᠡᠰᠢᠭᠦᠨ ᠬᠠᠮᠲᠤᠷᠠᠨ ᠡᠲᠡᠭᠡᠳ ᠢᠯᠭ᠋ᠠᠯ᠎ᠤᠨ ᠤᠯᠠᠨ ᠲᠦᠮᠡᠨ᠎ᠲᠠᠢ ᠬᠠᠷᠢᠯᠴᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭ᠎ᠠ ᠵᠢᠨ ᠡᠲᠡᠭᠡᠳ ᠢᠯᠭ᠋ᠠᠯ᠎ᠤᠨ ᠠᠵᠢᠯᠯᠠᠭ᠎ᠠ᠎ᠳᠤ᠂ ᠲᠤᠰᠬᠠᠢ ᠮᠡᠷᠭᠡᠵᠢᠯᠲᠡᠳ ᠵᠣᠬᠢᠶᠠᠮᠠᠯ ᠣᠶᠤᠨ ᠴᠢᠳᠠᠪᠤᠷᠢ ᠵᠢ ᠠᠮᠢ ᠠᠬᠤᠢ ᠴᠠᠭ ᠠᠭᠤᠷ᠎ᠤᠨ ᠦᠢ᠍ᠯᠡᠴᠢᠯᠡᠭᠡᠨ᠎ᠤ ᠬᠦᠷᠢᠶᠡᠨ᠎ᠳᠤ ᠭᠦᠨᠵᠡᠭᠡᠢ ᠠᠭᠤᠰᠤᠯᠴᠠᠭᠤᠯᠤᠨ ᠬᠡᠷᠡᠭᠯᠡᠬᠦ ᠵᠡᠷᠭᠡ ᠲᠠᠯ᠎ᠠ᠎ᠪᠠᠷ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠵᠤ᠂ ᠨᠠᠷᠠᠰᠤ ᠪᠣᠯᠣᠨ ᠪᠠᠢ ᠱᠤᠸᠠᠩ ᠴᠧᠩ ᠮᠠᠰᠢ ᠶᠡᠬᠡ ᠣᠯᠣᠯᠲᠠ᠎ᠲᠠᠢ ᠪᠠᠢ᠌ᠵᠤ᠂ ᠵᠣᠬᠢᠶᠠᠮᠠᠯ ᠣᠶᠤᠨ ᠴᠢᠳᠠᠪᠤᠷᠢ᠂ ᠴᠠᠭ ᠠᠭᠤᠷ᠎ᠤᠨ ᠦᠢ᠍ᠯᠡᠴᠢᠯᠡᠭᠡ᠎ᠪᠠᠷ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠬᠦ ᠲᠠᠯ᠎ᠠ᠎ᠪᠠᠷ᠎ᠬᠢ ᠰᠠᠨᠠᠯ ᠳᠤᠷᠠᠳᠤᠯᠭ᠎ᠠ ᠪᠤᠶᠤ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠋ᠠᠨ᠎ᠤ ᠮᠡᠳᠡᠭᠡ ᠵᠠᠩᠭᠢ ᠵᠢ ᠬᠠᠮᠲᠤᠷᠠᠨ ᠳᠤᠷᠠᠳᠬᠤ᠎ᠪᠠᠷ ᠲᠥᠯᠥᠪᠯᠡᠵᠦ ᠪᠠᠢ᠌ᠨ᠎ᠠ᠃ 《ᠦᠨᠡᠨ᠎ᠢ ᠬᠡᠯᠡᠬᠦ᠎ᠳᠤ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠎ᠤ ᠲᠤᠰᠢᠶᠠᠯ᠎ᠢ ᠠᠩᠬ᠎ᠠ ᠡᠭᠦᠷᠭᠡᠯᠡᠬᠦ ᠦᠶ᠎ᠡ᠎ᠳᠤ᠂ ᠨᠠᠮ ᠪᠠ ᠠᠷᠠᠳ ᠲᠦᠮᠡᠨ᠎ᠤ ᠢᠲᠡᠭᠡᠯ᠎ᠢ ᠨᠠᠩ ᠢᠯᠡᠭᠦᠦ ᠣᠢ᠌ᠯᠠᠭ᠋ᠠᠵᠤ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠎ᠤ ᠮᠥᠷᠥᠨ ᠳᠡᠭᠡᠷᠡᠬᠢ ᠬᠠᠷᠢᠭᠤᠴᠠᠯᠭ᠎ᠠ ᠵᠢ ᠭᠦᠨᠵᠡᠭᠡᠢ ᠲᠠᠨᠢᠭ᠋ᠠᠳᠤᠢ ᠪᠠᠢ᠌ᠭᠰᠠᠨ ᠶᠤᠮ᠃ ᠬᠣᠶᠠᠷ ᠵᠢᠯ᠎ᠤᠨ ᠲᠤᠷᠰᠢ᠂ 〈ᠵᠢᠷᠭᠤᠭ᠋ᠠᠨ ᠨᠢᠭᠡ〉 ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠡᠭᠦᠷᠭᠡ᠎ᠨᠢ ᠨᠠᠳᠠ᠎ᠳᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢᠨ ᠳᠡᠭᠡᠭᠰᠢᠯᠡᠯᠲᠡ᠎ᠨᠢ ᠡᠭᠦᠷᠢᠳᠡ ᠵᠣᠭᠰᠣᠰᠢ ᠦᠭᠡᠢ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠠᠯ᠎ᠠ᠎ᠪᠠᠷ ᠴᠢᠨᠠᠷ ᠰᠠᠢ᠌ᠲᠠᠢ ᠪᠠᠢ᠌ᠬᠤ ᠵᠢ ᠬᠥᠭᠡᠭᠡᠴᠡᠯᠳᠦᠬᠦ ᠪᠥᠭᠡᠳ ᠪᠠᠰᠠ ᠰᠠᠬᠢᠯᠭ᠎ᠠ ᠪᠠᠲᠤ ᠣᠪᠣᠷ ᠰᠤᠷᠲᠠᠯ᠎ᠤᠨ ᠲᠠᠯ᠎ᠠ᠎ᠪᠠᠷ ᠥᠯᠢᠭᠡᠷ ᠳᠠᠭᠤᠷᠢᠶᠠᠯ ᠪᠤᠯᠬᠤ ᠬᠡᠷᠡᠭᠲᠡᠢ ᠭᠡᠳᠡᠭ᠎ᠢ ᠭᠦᠨᠵᠡᠭᠡᠢ ᠣᠢ᠌ᠯᠠᠭ᠋ᠠᠵᠠᠢ》 ᠭᠡᠵᠦ ᠨᠠᠷᠠᠰᠤ ᠬᠡᠯᠡᠪᠡ᠃
ᠭᠡᠰᠢᠭᠦᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠮᠠᠯᠠᠯᠲᠠ ᠬᠢᠬᠦ ᠠᠮᠠᠯᠠᠯᠲᠠ᠎ᠪᠠᠨ ᠦᠢ᠍ᠯᠡᠳᠦᠯᠭᠡᠵᠢᠭᠦᠯᠬᠦ ᠪᠠ ᠰᠠᠨᠠᠭ᠋ᠠᠴᠢᠯᠠᠭ᠎ᠠ᠎ᠠᠴᠠ᠎ᠪᠠᠨ ᠲᠤᠰᠢᠶᠠᠯ᠎ᠠᠴᠠ᠎ᠪᠠᠨ ᠪᠠᠭᠤᠬᠤ ᠳᠦᠷᠢᠮ᠎ᠢ ᠠᠮᠵᠢᠯᠲᠠ᠎ᠲᠠᠢ ᠬᠡᠷᠡᠭᠵᠢᠭᠦᠯᠵᠦ᠂ ᠠᠮᠠᠯᠠᠯᠲᠠ ᠬᠢᠬᠦ ᠪᠠ ᠠᠮᠠᠯᠠᠯᠲᠠ᠎ᠪᠠᠨ ᠦᠢ᠍ᠯᠡᠳᠦᠯᠭᠡᠵᠢᠭᠦᠯᠬᠦ ᠵᠢ ᠨᠢᠭᠲᠠ ᠤᠶᠠᠯᠳᠤᠭᠤᠯᠬᠤ᠎ᠪᠠᠷ ᠳᠠᠮᠵᠢᠭᠤᠯᠤᠨ ᠨᠢᠭᠡᠨ ᠰᠠᠢ᠌ᠨ ᠰᠠᠢ᠌ᠬᠠᠨ ᠣᠷᠴᠢᠯ᠎ᠢ ᠪᠤᠶ ᠪᠤᠯᠭ᠋ᠠᠵᠤ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠭᠦ ᠵᠢ ᠤᠷᠮᠠᠰᠢᠭᠤᠯᠤᠨ ᠵᠣᠷᠢᠭᠵᠢᠭᠤᠯᠵᠤ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠡᠩᠨᠡᠭᠡ ᠵᠢᠨ ᠪᠠᠢ᠌ᠭᠤᠯᠤᠯᠲᠠ ᠵᠢᠨ ᠲᠠᠯ᠎ᠠ᠎ᠪᠠᠷ ᠪᠦᠲᠦᠮᠵᠢᠲᠡᠶ ᠰᠦᠪᠡᠭᠴᠢᠯᠡᠯᠲᠡ ᠬᠢᠵᠡᠢ᠃
ᠨᠢᠭᠡ ᠲᠠᠯ᠎ᠠ᠎ᠪᠠᠷ ᠳᠦᠷᠢᠮ ᠲᠣᠭᠲᠠᠴᠠ ᠵᠢ ᠠᠳᠬᠤᠵᠤ ᠨᠥᠭᠦᠭᠡ ᠲᠠᠯ᠎ᠠ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠢ᠍ᠯᠡᠴᠢᠯᠡᠭᠡ ᠵᠢ ᠰᠠᠢ᠌ᠲᠤᠷ ᠬᠢᠪᠡ
2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠨᠢ ᠪᠠᠢ᠌ᠩᠭᠤ ᠵᠢᠨ ᠬᠣᠷᠢᠶ᠎ᠠ ᠵᠢᠨ ᠬᠤᠷᠠᠯ ᠵᠶ᠋ᠡᠷ ᠵᠥᠪᠯᠡᠬᠦ᠂ ᠲᠤᠰᠬᠠᠢ ᠰᠡᠳᠦᠪ ᠵᠶ᠋ᠡᠷ ᠵᠥᠪᠯᠡᠬᠦ᠂ ᠠᠵᠢᠯ ᠲᠦᠷᠦᠯ ᠵᠶ᠋ᠡᠷ ᠵᠥᠪᠯᠡᠬᠦ᠂ ᠡᠲᠡᠭᠡᠳ ᠢᠯᠭ᠋ᠠᠯ ᠵᠶ᠋ᠠᠷ ᠵᠥᠪᠯᠡᠬᠦ᠂ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ᠎ᠪᠠᠷ ᠵᠥᠪᠯᠡᠬᠦ᠂ ᠬᠣᠯᠪᠤᠭ᠋ᠠᠯᠠᠨ ᠵᠥᠪᠯᠡᠬᠦ ᠵᠢᠴᠢ ᠠᠵᠢᠯ ᠪᠠᠢ᠌ᠴᠠᠭ᠋ᠠᠵᠤ ᠰᠢᠨᠵᠢᠯᠡᠨ ᠪᠠᠢ᠌ᠴᠠᠭ᠋ᠠᠬᠤ ᠵᠡᠷᠭᠡ ᠪᠠᠢ᠌ᠴᠠᠭ᠋ᠠᠨ ᠰᠤᠳᠤᠯᠵᠤ ᠵᠥᠪᠯᠡᠬᠦ ᠠᠵᠢᠯᠯᠠᠭ᠎ᠠ ᠵᠢ ᠥᠷᠨᠢᠭᠦᠯᠪᠡ᠃ ᠭᠡᠰᠢᠭᠦᠳ᠎ᠤᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ᠂ ᠭᠡᠰᠢᠭᠦᠳ᠎ᠤᠨ ᠬᠢᠴᠢᠶᠡᠯ᠎ᠤᠨ ᠲᠠᠩᠬᠢᠮ᠂ ᠲᠤᠰᠬᠠᠢ ᠰᠡᠳᠦᠪᠲᠦ ᠲᠠᠢ᠌ᠯᠤᠮᠵᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠬᠤ ᠶᠠᠷᠢᠯᠴᠠᠬᠤ ᠬᠤᠷᠠᠯ ᠵᠡᠷᠭᠡ ᠮᠠᠰᠢ ᠤᠯᠠᠨ ᠰᠤᠷᠤᠯᠴᠠᠯᠭ᠎ᠠ ᠵᠢᠨ ᠠᠵᠢᠯᠯᠠᠭ᠎ᠠ ᠵᠢ ᠡᠷᠭᠢᠯᠡᠵᠦ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠭᠡᠯᠪᠡᠷᠢ ᠵᠢ ᠪᠠᠶᠠᠯᠢᠭᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠠᠢ᠌ᠮᠠᠭ ᠬᠣᠲᠠ᠎ᠳᠤ ᠰᠠᠭᠤᠭ᠎ᠠ ᠤᠯᠤᠰ ᠲᠥᠷᠥ ᠵᠢᠨ ᠵᠥᠪᠯᠡᠯᠭᠡᠨ᠎ᠤ ᠬᠣᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯᠯᠠᠭ᠎ᠠ᠎ᠳᠤ ᠣᠷᠤᠯᠴᠠᠬᠤ᠂ ᠦᠨᠳᠦᠰᠦᠨ ᠱᠠᠲᠤᠨ᠎ᠤ ᠡᠲᠡᠭᠡᠳ ᠢᠯᠭ᠋ᠠᠯ᠎ᠤᠨ ᠭᠡᠰᠢᠭᠦᠳ᠎ᠤᠨ ᠠᠵᠢᠯᠯᠠᠬᠤ ᠥᠷᠲᠡᠭᠡ (ᠲᠠᠰᠤᠭ) ᠵᠢᠨ ᠵᠥᠪᠯᠡᠯᠭᠦᠳᠤ ᠣᠷᠤᠯᠴᠠᠬᠤ᠂ ᠪᠡᠶ᠎ᠡ᠎ᠪᠠᠨ ᠳᠠᠭ᠋ᠠᠭ᠋ᠠᠵᠤ ᠪᠠᠢ᠌ᠴᠠᠭ᠋ᠠᠨ ᠰᠤᠳᠤᠯᠬᠤ ᠪᠠ ᠠᠷᠠᠳ᠎ᠤᠨ ᠲᠥᠯᠥᠭᠡ ᠦᠢ᠍ᠯᠡᠴᠢᠯᠡᠬᠦ ᠵᠡᠷᠭᠡ ᠠᠵᠢᠯᠯᠠᠭ᠎ᠠ ᠵᠢ 《ᠵᠢᠷᠭᠤᠭ᠋ᠠᠨ ᠨᠢᠭᠡ》 ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠣᠭ᠎ᠠ ᠪᠦᠷᠢᠳᠬᠡᠯ᠎ᠳᠤ ᠣᠷᠣᠭᠤᠯᠵᠤ᠂《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠳᠤ ᠤᠯᠤᠰ ᠲᠥᠷᠥ ᠵᠢᠨ ᠵᠥᠪᠯᠡᠯᠭᠡᠨ᠎ᠤ ᠬᠦᠴᠦᠨ ᠴᠢᠳᠠᠯ᠎ᠢ ᠨᠡᠮᠡᠷᠢᠯᠡᠬᠦ》᠂ 《ᠤᠯᠤᠰ ᠲᠥᠷᠥ ᠵᠢᠨ ᠵᠥᠪᠯᠡᠯᠭᠡᠨ + ᠰᠢᠭᠦᠬᠦ ᠬᠣᠷᠢᠶ᠎ᠠ》 ᠵᠢᠨ ᠢᠷᠭᠡᠨ᠎ᠤ ᠪᠠ ᠬᠤᠳᠠᠯᠳᠤᠭ᠋ᠠᠨ᠎ᠤ ᠶᠠᠪᠤᠳᠠᠯ᠎ᠤᠨ ᠵᠠᠭᠤᠷᠠᠯᠳᠤᠭ᠋ᠠᠨ᠎ᠢ ᠣᠯᠠᠨ ᠡᠰᠢᠵᠢᠭᠦᠯᠦᠨ ᠰᠢᠢ᠍ᠳᠪᠦᠷᠢᠯᠡᠬᠦ ᠪᠠ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢ᠍ᠴᠡᠳᠬᠡᠬᠦ ᠠᠵᠢᠯ ᠵᠡᠷᠭᠡ᠎ᠳᠤ ᠣᠷᠤᠯᠴᠠᠬᠤ ᠵᠡᠷᠭᠡ ᠵᠢ ᠭᠡᠰᠢᠭᠦᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠤᠷᠮᠠᠰᠢᠭᠤᠯᠬᠤ ᠴᠢᠨᠠᠷᠲᠠᠢ ᠭᠦᠢ᠍ᠴᠡᠳᠬᠡᠯ ᠲᠣᠭ᠎ᠠ᠎ᠳᠤ ᠣᠷᠣᠭᠤᠯᠵᠤ᠂ ᠣᠯᠠᠨ ᠵᠶ᠋ᠠᠷ ᠵᠶ᠋ᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠤᠬᠠᠢ ᠲᠠᠪᠴᠠᠩ ᠨᠠᠩ ᠣᠯᠠᠨ ᠪᠣᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯᠯᠠᠭ᠎ᠠ ᠨᠠᠩ ᠪᠠᠶᠠᠯᠢᠭ ᠪᠣᠯᠵᠠᠢ ᠭᠡᠵᠦ ᠢᠯᠡᠳᠬᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠨᠢ ᠭᠡᠰᠢᠭᠦᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠮᠠᠯᠠᠯᠲᠠ ᠬᠢᠬᠦ ᠠᠮᠠᠯᠠᠯᠲᠠ᠎ᠪᠠᠨ ᠦᠢ᠍ᠯᠡᠳᠦᠯᠭᠡᠵᠢᠭᠦᠯᠬᠦ ᠪᠠ ᠰᠠᠨᠠᠭ᠋ᠠᠴᠢᠯᠠᠭ᠎ᠠ᠎ᠠᠴᠠ᠎ᠪᠠᠨ ᠲᠤᠰᠢᠶᠠᠯ᠎ᠠᠴᠠ᠎ᠪᠠᠨ ᠪᠠᠭᠤᠬᠤ ᠳᠦᠷᠢᠮ᠎ᠢ ᠨᠠᠢ᠌ᠳᠠᠪᠤᠷᠢᠵᠢᠭᠤᠯᠬᠤ ᠵᠢ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ ᠪᠠ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠭᠣᠣᠯᠳᠠᠯᠭ᠎ᠠ᠎ᠳᠤ ᠣᠷᠣᠭᠤᠯᠵᠤ᠂ ᠳᠦᠷᠢᠮ ᠪᠠ ᠠᠷᠭ᠎ᠠ ᠬᠡᠮᠵᠢᠶ᠎ᠡ ᠲᠣᠭᠲᠠᠭ᠋ᠠᠵᠤ ᠭᠡᠰᠢᠭᠦᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠦᠢ᠍ᠯᠡᠴᠢᠯᠡᠬᠦ ᠠᠵᠢᠯ᠎ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢᠳ᠎ᠤᠨ ᠬᠤᠷᠠᠯ᠎ᠤᠨ ᠪᠦᠷᠢᠯᠳᠦᠭᠦᠨ ᠲᠣᠰ ᠲᠣᠰ᠎ᠲᠠᠭᠠᠨ ᠳᠤᠭᠤᠢ᠌ᠯᠠᠩ ᠳᠠᠭ᠋ᠠᠭᠤᠯᠵᠤ᠂ ᠪᠦᠭᠦ ᠣᠷᠣᠨ᠎ᠤ 12 ᠠᠢ᠌ᠮᠠᠭ ᠬᠣᠲᠠ᠎ᠳᠤ ᠭᠦᠨᠵᠡᠭᠡᠢ᠌ᠷᠡᠵᠦ᠂ ᠰᠢᠨ᠎ᠡ ᠴᠠᠭ ᠦᠶ᠎ᠡ ᠵᠢᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠭᠰᠠᠨ ᠪᠠᠢ᠌ᠳᠠᠯ᠎ᠢ ᠱᠠᠯᠠᠪᠳᠠᠭᠤᠯᠤᠨ ᠵᠢᠯᠣᠭᠣᠳᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠯᠪᠠᠨ ᠲᠢᠩᠬᠢᠮ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠲᠣᠭᠲᠠᠭ᠋ᠠᠵᠤ᠂ ᠡᠯ᠎ᠡ ᠲᠤᠰᠬᠠᠢ ᠵᠥᠪᠯᠡᠯ ᠢᠳᠡᠪᠬᠢᠲᠡᠢ ᠬᠠᠮᠵᠢᠯᠴᠠᠵᠤ᠂ ᠲᠣᠭᠲᠠᠭᠰᠠᠨ ᠬᠤᠭᠤᠴᠠᠭ᠎ᠠ᠎ᠲᠠᠢ᠎ᠪᠠᠷ ᠭᠡᠰᠢᠭᠦᠳ᠎ᠲᠤ ᠰᠠᠨᠠᠭᠤᠯᠵᠤ᠂ ᠴᠥᠭᠡᠨ ᠪᠤᠰᠤ ᠭᠡᠰᠢᠭᠦᠳ 《ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠨᠠᠩ ᠬᠠᠷᠠᠯᠲᠠ᠎ᠲᠠᠢ᠂ ᠨᠠᠩ ᠴᠢᠭᠯᠡᠯ᠎ᠲᠠᠢ ᠪᠣᠯᠵᠠᠢ!》 ᠭᠡᠵᠦ ᠢᠯᠡᠳᠬᠡᠵᠡᠭᠡᠪᠡ᠃ ᠬᠠᠷᠢᠯᠴᠠᠨ ᠤᠷᠤᠯᠳᠤᠵᠤ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠲᠡᠢ ᠭᠦᠢ᠍ᠴᠡᠳᠬᠡᠬᠦ ᠠᠭᠤᠷ ᠠᠮᠢᠰᠬᠤᠯ ᠭᠡᠰᠢᠭᠦᠳ᠎ᠤᠨ ᠳᠤᠮᠳᠠ ᠠᠭ᠋ᠠᠵᠢᠮ ᠵᠶ᠋ᠡᠷ ᠪᠦᠷᠢᠯᠳᠦᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯᠯᠠᠭ᠎ᠠ᠎ᠳᠤ ᠣᠷᠤᠯᠴᠠᠬᠤ ᠵᠢ ᠰᠠᠨᠠᠭ᠋ᠠᠴᠢᠯᠠᠭ᠎ᠠ᠎ᠠᠴᠠ᠎ᠪᠠᠨ ᠱᠠᠭ᠋ᠠᠷᠳᠠᠬᠤ ᠭᠡᠰᠢᠭᠦᠳ ᠨᠡᠡᠭ ᠤᠯᠡᠠ ᠪᠣᠯᠵᠤ᠂ ᠵᠥᠪᠳᠡᠯᠴᠡᠨ ᠶᠠᠷᠢᠯᠴᠠᠬᠤ᠎ᠨᠢ ᠨᠡᠡᠭ ᠢᠳᠡᠪᠬᠢᠲᠡᠢ ᠪᠣᠯᠵᠤ᠂ ᠰᠠᠨᠠᠯ ᠳᠤᠷᠠᠳᠤᠯᠭ᠎ᠠ ᠪᠠ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠋ᠠᠨ᠎ᠤ ᠲᠤᠬᠠᠢ ᠮᠡᠳᠡᠭᠡ ᠵᠠᠩᠭᠢ ᠵᠢᠨ ᠲᠣᠭ᠎ᠠ ᠬᠡᠮᠵᠢᠶ᠎ᠡ ᠣᠯᠠᠰᠢᠷᠠᠵᠤ᠂ ᠶᠠᠰᠤ ᠴᠢᠨᠠᠷ ᠳᠡᠭᠡᠭᠰᠢᠯᠡᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠭᠦᠭᠡᠬᠣᠲᠠ ᠵᠢᠨ ᠤᠯᠠᠨ ᠤᠯᠤᠰ᠎ᠤᠨ ᠠᠷᠠᠯᠵᠢᠶ᠎ᠠ ᠵᠢ ᠠᠬᠢᠭᠤᠯᠬᠤ ᠵᠥᠪᠯᠡᠯ᠎ᠤᠨ ᠳᠠᠷᠤᠭ᠎ᠠ ᠵᠠᠩ ᠵᠢᠶᠦ᠋ᠨ 2024 ᠣᠨ᠎ᠳᠤ 10 ᠬᠤᠪᠢ ᠰᠠᠨᠠᠯ ᠳᠤᠷᠠᠳᠤᠯᠭ᠎ᠠ ᠳᠡᠪᠰᠢᠭᠦᠯᠪᠡ᠂ ᠡᠭᠦᠨ᠎ᠳᠤ 9 ᠬᠤᠪᠢ ᠵᠢ᠎ᠨᠢ ᠬᠡᠷᠡᠭ ᠪᠣᠯᠭ᠋ᠠᠨ ᠲᠠᠩᠰᠠᠯᠠᠪᠠ; ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠋ᠠᠨ᠎ᠤ ᠮᠡᠳᠡᠭᠡ ᠵᠠᠩᠭᠢ ᠵᠢ 18 ᠬᠤᠪᠢ ᠳᠡᠪᠰᠢᠭᠦᠯᠪᠡ᠃ ᠲᠡᠷᠡ 2024 ᠣᠨ᠎ᠤ ᠳᠡᠭᠡᠷ᠎ᠡ ᠬᠠᠭ᠋ᠠᠰ ᠵᠢᠯ᠎ᠳᠤ ᠳᠠᠷᠤᠢ 《ᠵᠢᠷᠭᠤᠭ᠋ᠠᠨ ᠨᠢᠭᠡ》 ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠡᠭᠦᠷᠭᠡ᠎ᠪᠠᠨ ᠪᠡᠶᠡᠯᠡᠭᠦᠯᠪᠡ᠃ 《〈ᠵᠢᠷᠭᠤᠭ᠋ᠠᠨ ᠨᠢᠭᠡ〉᠎ᠨᠢ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠨᠢᠭᠡᠪᠦᠷᠢ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠨᠳᠦᠰᠦᠨ ᠵᠦᠢ᠍ᠯ ᠪᠤᠯᠬᠤ᠎ᠪᠠᠷ ᠪᠠᠷᠠᠬᠤ ᠦᠭᠡᠢ᠂ ᠪᠠᠰᠠ ᠴᠤ᠌ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠤᠨ ᠲᠣᠭᠲᠠᠴᠠ ᠪᠠ ᠠᠵᠢᠯ᠎ᠤᠨ ᠨᠠᠷᠢᠨ ᠵᠦᠢ᠍ᠯᠡᠰ᠎ᠤᠨ ᠬᠤᠷᠢᠶᠠᠩᠭᠤᠢ ᠪᠠᠢ᠌ᠳᠠᠯ ᠪᠠᠢ᠌ᠵᠤ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠨᠢᠭᠡᠪᠦᠷᠢ ᠵᠢ ᠢᠳᠡᠪᠬᠢ ᠣᠪᠣᠷ᠎ᠲᠠᠢ᠂ ᠲᠦᠷᠭᠡᠨ᠂ ᠡᠷᠴᠢᠮ᠎ᠲᠠᠢ᠂ ᠬᠠᠢ᠌ᠷ᠎ᠠ ᠰᠡᠳᠬᠢᠯᠭᠡ᠎ᠲᠠᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠨᠠᠩ ᠰᠢᠯᠢᠳᠡᠭ ᠬᠠᠷᠢᠭᠤᠯᠲᠠ ᠵᠢᠨ ᠬᠠᠭᠤᠳᠠᠰᠤ ᠲᠤᠰᠢᠶᠠᠯᠭ᠋ᠠᠬᠤ ᠪᠣᠯᠣᠨ᠎ᠠ》 ᠭᠡᠵᠦ ᠵᠠᠩ ᠵᠢᠶᠦ᠋ᠨ ᠬᠡᠯᠡᠪᠡ᠃
ᠠᠷᠠᠳ ᠤᠯᠠᠨ᠎ᠤ ᠲᠦᠪᠡᠭᠳᠡᠵᠦ ᠪᠠᠢ᠌ᠭ᠎ᠠ ᠶᠠᠪᠤᠳᠠᠯ ᠪᠣᠯ ᠭᠡᠰᠢᠭᠦᠳ᠎ᠤᠨ ᠰᠠᠨᠠᠭ᠋ᠠᠰᠢᠷᠠᠬᠤ ᠶᠠᠪᠤᠳᠠᠯ ᠮᠥᠨ
《ᠲᠠᠨ᠎ᠤ ᠲᠦᠪᠡᠭᠳᠡᠵᠦ ᠪᠠᠢ᠌ᠭ᠎ᠠ ᠶᠠᠪᠤᠳᠠᠯ ᠪᠣᠯ ᠮᠢᠨᠤ ᠰᠡᠳᠬᠢᠯ᠎ᠤᠨ ᠶᠠᠪᠤᠳᠠᠯ ᠮᠥᠨ᠂ ᠨᠢᠭᠤᠷᠲᠠᠨ ᠠᠭᠤᠯᠵᠠᠵᠤ᠂ ᠦᠨᠡᠨᠴᠢ ᠰᠡᠳᠬᠢᠯ᠎ᠢ ᠡᠪᠦᠷᠯᠡᠨ᠂ ᠡᠨᠳᠡᠬᠢ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠲᠡᠨᠳᠡᠬᠢ ᠵᠢᠨ ᠬᠥᠷᠰᠢ ᠵᠡᠷᠭᠡᠯᠡᠳᠡᠭᠡ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠬᠥᠭᠥᠷᠭᠡ ᠬᠣᠯᠪᠣᠭ᠋ᠠᠰᠤ ᠪᠣᠯᠵᠤ᠂ ᠤᠴᠢᠷ ᠶᠠᠪᠤᠳᠠᠯ ᠪᠠᠢ᠌ᠪᠠᠯ ᠣᠯᠠᠨ ᠵᠶ᠋ᠠᠷ ᠵᠶ᠋ᠠᠨ ᠵᠥᠪᠳᠡᠯᠴᠡᠨ᠎ᠡ ᠁》
2024 ᠣᠨ᠎ᠤ 9 ᠰᠠᠷ᠎ᠠ ᠵᠢᠨ 20᠎ᠤ ᠣᠷᠣᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠣᠶ ᠪᠠ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠬᠤᠷᠠᠯ ᠪᠠᠢ᠌ᠭᠤᠯᠤᠭᠳᠠᠭᠰᠠᠨ 75 ᠵᠢᠯ᠎ᠤᠨ ᠣᠶ ᠵᠢ ᠪᠡᠯᠭᠡᠯᠡᠬᠦ ᠤᠷᠠᠨ ᠰᠠᠢ᠌ᠬᠠᠨ᠎ᠤ ᠲᠣᠬᠯᠠᠯᠲᠠ ᠶᠠᠬᠭᠦᠷ ᠬᠥᠭᠵᠢᠶᠡᠨ᠎ᠲᠠᠢ ᠶᠠᠪᠤᠭᠳᠠᠵᠤ ᠪᠠᠢ᠌ᠯ᠎ᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠪᠠᠢ᠌ᠩᠭᠤ ᠵᠢᠨ ᠭᠡᠰᠢᠭᠦᠨ᠂ ᠵᠠᠯᠠᠭᠤ ᠳᠠᠭᠤᠴᠢᠨ ᠲᠢᠶᠠᠨ ᠵᠢᠶᠦ᠋ᠨ᠎ᠤ ᠳᠠᠭᠤᠯᠠᠭᠰᠠᠨ 《ᠨᠢᠭᠤᠷᠳᠠᠨ ᠠᠭᠤᠯᠵᠠᠵᠤ ᠬᠠᠮᠲᠤ᠎ᠪᠠᠷ ᠵᠥᠪᠳᠡᠯᠴᠡᠶᠡ》 ᠭᠡᠬᠦ ᠳᠠᠭᠤᠤ᠎ᠨᠢ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠠᠳ ᠲᠦᠮᠡᠨ᠎ᠤ ᠲᠥᠯᠥᠭᠡ ᠭᠡᠬᠦ ᠴᠢᠩ ᠦᠨᠡᠨᠴᠢ ᠬᠠᠢ᠌ᠷ᠎ᠠ ᠰᠡᠳᠬᠢᠯᠭᠡ ᠵᠢ ᠪᠢᠯᠬᠠᠮ᠎ᠠ ᠢᠯᠡᠷᠡᠭᠦᠯᠪᠡ᠃ ᠡᠨᠡ ᠰᠢᠨ᠎ᠡ᠎ᠪᠠᠷ ᠵᠣᠬᠢᠶᠠᠨ ᠪᠦᠲᠦᠭᠡᠭᠰᠡᠨ ᠳᠠᠭᠤᠤ ᠵᠢᠨ ᠨᠣᠲ᠎ᠢ ᠲᠢᠶᠠᠨ ᠵᠢᠶᠦ᠋ᠨ ᠥᠪᠡᠷ ᠵᠶ᠋ᠡᠨ ᠵᠣᠬᠢᠶᠠᠭᠰᠠᠨ ᠶᠤᠮ᠂ ᠲᠤᠰ ᠳᠠᠭᠤᠤ ᠵᠢ ᠵᠣᠬᠢᠶᠠᠭᠰᠠᠨ ᠣᠩᠭᠣᠳ ᠭᠡᠪᠡᠯ ᠲᠡᠷᠡ᠎ᠪᠠᠷ ᠪᠤᠭᠤᠲᠤ ᠬᠤᠳᠠ ᠵᠢᠨ ᠡᠯ᠎ᠡ ᠭᠡᠰᠢᠭᠦᠨ᠎ᠤ ᠠᠵᠢᠯᠯᠠᠬᠤ ᠲᠠᠰᠤᠭ᠎ᠤᠨ ᠠᠷᠠᠳᠴᠢᠯᠠᠯ ᠵᠶ᠋ᠠᠷ ᠵᠥᠪᠯᠡᠬᠦ ᠠᠵᠢᠯ᠎ᠳᠤ ᠤᠯᠠᠨ ᠤᠳᠠᠭ᠎ᠠ ᠣᠷᠣᠯᠴᠠᠵᠤ᠂ ᠤᠯᠠᠨ ᠲᠦᠮᠡᠨ᠎ᠤ ᠬᠦᠴᠢᠷᠳᠡᠯ᠎ᠢ ᠰᠢᠢ᠍ᠳᠪᠦᠷᠢᠯᠡᠵᠦ ᠥᠭᠭᠦᠭᠰᠡᠨ᠎ᠢ ᠨᠢᠳᠦ᠎ᠪᠠᠷ ᠵᠶ᠋ᠡᠨ ᠦᠵᠡᠵᠦ ᠴᠢᠬᠢ᠎ᠪᠠᠷ ᠵᠶ᠋ᠡᠨ ᠰᠣᠨᠣᠰᠤᠭᠰᠠᠨ᠎ᠠᠴᠠ ᠢᠷᠡᠭᠰᠡᠨ ᠶᠤᠮ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠂ ᠪᠦᠭᠦ ᠣᠷᠣᠨ᠎ᠤ ᠡᠯ᠎ᠡ ᠱᠠᠲᠤᠨ᠎ᠤ ᠤᠯᠤᠰ ᠲᠥᠷᠥ ᠵᠢᠨ ᠵᠥᠪᠯᠡᠯᠭᠡᠨ 2300 ᠭᠠᠷᠤᠢ ᠭᠡᠰᠢᠭᠦᠳ᠎ᠤᠨ ᠠᠵᠢᠯᠯᠠᠬᠤ ᠥᠷᠲᠡᠭᠡ (ᠲᠠᠰᠤᠭ) ᠵᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠰᠠᠨᠠᠭ᠋ᠠᠴᠢᠯᠠᠭ᠎ᠠ᠎ᠠᠴᠠ᠎ᠪᠠᠨ ᠳᠣᠷᠣᠭᠰᠢ ᠪᠠᠭᠤᠵᠤ᠂ ᠭᠡᠰᠢᠭᠦᠳ᠎ᠤᠨ ᠠᠷᠠᠳ᠎ᠤᠨ ᠲᠥᠯᠥᠭᠡ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠬᠦ ᠵᠢ ᠰᠠᠨᠠᠭ᠋ᠠᠴᠢᠯᠠᠭᠰᠠᠨ ᠶᠤᠮ᠃ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠳ᠎ᠢ ᠰᠢᠢ᠍ᠳᠪᠦᠷᠢᠯᠡᠬᠦ᠎ᠨᠢ ᠤᠷᠮ᠎ᠠ ᠰᠡᠳᠬᠢᠯᠭᠡ ᠵᠢ ᠠᠷᠭ᠋ᠠᠳᠠᠵᠤ᠂ ᠵᠥᠷᠢᠴᠡᠯ᠎ᠢ ᠨᠠᠮᠳᠠᠭᠤᠯᠵᠤ᠂ ᠤᠯᠤᠰ ᠲᠦᠷᠦ ᠵᠢᠨ ᠵᠥᠪᠯᠡᠯᠭᠡᠨ᠎ᠤ ᠵᠥᠪᠯᠡᠬᠦ ᠠᠵᠢᠯ᠎ᠤᠨ ᠦᠨᠳᠦᠰᠦᠨ ᠱᠠᠲᠤᠨ᠎ᠤ ᠵᠠᠰᠠᠯᠲᠠ ᠳᠤᠮᠳᠠᠬᠢ ᠴᠢᠬᠤᠯᠠ ᠦᠢ᠍ᠯᠡᠳᠦᠯ᠎ᠢ ᠢᠯᠡᠷᠡᠭᠦᠯᠵᠦ᠂ ᠥᠷᠭᠡᠨ ᠤᠯᠠᠨ ᠲᠦᠮᠡᠨ᠎ᠳᠤ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ ᠳᠡᠷᠭᠡᠳᠡ᠎ᠨᠢ ᠪᠠᠢ᠌ᠬᠤ᠂ ᠤᠯᠤᠰ ᠲᠦᠷᠦ ᠵᠢᠨ ᠵᠥᠪᠯᠡᠯᠭᠡᠨ ᠥᠪᠡᠷᠠᠴᠠᠨᠢ ᠮᠠᠰᠢ ᠣᠢ᠌ᠷᠠᠬᠠᠨ ᠪᠠᠢ᠌ᠬᠤ ᠵᠢ ᠮᠡᠳᠡᠷᠡᠭᠦᠯᠪᠡ᠃
ᠭᠡᠰᠢᠭᠦᠳ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠢᠳᠡᠪᠬᠢᠵᠢᠯ᠎ᠢ ᠭᠦᠢ᠍ᠴᠡᠳ ᠲᠠᠢ᠌ᠴᠢᠯᠠᠵᠤ᠂ ᠭᠡᠰᠢᠭᠦᠳ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠦᠨ᠂ ᠭᠡᠰᠢᠭᠦᠳ᠎ᠤᠨ ᠡᠩᠨᠡᠭᠡ᠎ᠳᠤ ᠰᠠᠢ᠌ᠲᠤᠷ ᠦᠢ᠍ᠯᠡᠴᠢᠯᠡᠨ ᠬᠠᠮᠢᠶᠠᠷᠬᠤ ᠪᠣᠯ ᠤᠯᠤᠰ ᠲᠦᠷᠦ ᠵᠢᠨ ᠵᠥᠪᠯᠡᠯᠭᠡᠨ᠎ᠤ ᠵᠣᠬᠢᠶᠠᠨ ᠪᠠᠢ᠌ᠭᠤᠯᠤᠯᠲᠠ ᠵᠢᠨ ᠲᠤᠰᠢᠶᠠᠯ ᠬᠠᠷᠢᠭᠤᠴᠠᠯᠭ᠎ᠠ ᠮᠥᠨ᠃ 《ᠵᠢᠷᠭᠤᠭ᠋ᠠᠨ ᠨᠢᠭᠡ》 ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠡᠭᠦᠷᠭᠡ᠎ᠨᠢ ᠭᠡᠰᠢᠭᠦᠳ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠢᠳᠡᠪᠬᠢᠵᠢᠯ᠎ᠢ ᠳᠠᠢ᠌ᠴᠢᠯᠠᠭᠰᠠᠨ ᠪᠠ ᠭᠦᠢ᠍ᠴᠡᠳ ᠭᠦᠨᠳᠦᠳᠭᠡᠵᠦ᠂ ᠤᠯᠤᠰ ᠲᠦᠷᠦ ᠵᠢᠨ ᠵᠥᠪᠯᠡᠯᠭᠡᠨ᠎ᠤ ᠪᠠᠢ᠌ᠭᠤᠯᠭ᠎ᠠ ᠵᠢᠨ ᠭᠡᠰᠢᠭᠦᠳ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠦᠢ᠍ᠯᠡᠴᠢᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠦᠷᠭᠦᠯᠵᠢᠯᠡᠨ ᠠᠬᠢᠭᠤᠯᠵᠤ᠂ ᠭᠡᠰᠢᠭᠦᠳ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠨᠠᠩ ᠥᠷᠭᠡᠨ ᠠᠭᠤᠳᠠᠮ ᠣᠷᠣᠨ ᠵᠠᠢ ᠵᠢ ᠪᠤᠶ ᠪᠤᠯᠭ᠋ᠠᠵᠤ ᠥᠭᠭᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠮᠠᠯᠠᠯᠲᠠ ᠵᠢ ᠤᠯᠠᠮ ᠨᠢᠭᠡ ᠠᠯᠬᠤᠮ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠲᠡᠮᠡᠴᠡᠬᠦ ᠬᠠᠷᠠᠯᠲᠠ ᠵᠢ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠨ᠎ᠡ᠃