ᠨᠡᠭᠡᠭᠡᠯᠲᠡ ᠬᠢᠪᠡᠯ ᠰᠠᠶᠢ ᠳᠠᠪᠰᠢᠵᠤ᠂ ᠬᠠᠮᠲᠤᠷᠠᠯᠴᠠᠪᠠᠯ ᠰᠠᠶᠢ ᠠᠰᠢᠭ ᠭᠦᠷᠲᠡᠨᠠ᠃ 2024 ᠣᠨ᠎ᠢ ᠡᠷᠭᠢᠴᠡᠭᠦᠯᠬᠦᠶ᠎ᠡ᠂ ᠭᠠᠳᠠᠭ᠋ᠠᠳᠤ ᠨᠡᠭᠡᠭᠡᠯᠲᠡ ᠬᠢᠬᠦ 20 ᠬᠢᠯᠢ ᠵᠢᠨ ᠪᠣᠭᠣᠮᠲᠠ ᠵᠢᠨ ᠨᠡᠪᠲᠡᠷᠡᠬᠦ ᠵᠠᠮ᠎ᠤᠨ ᠪᠦᠯᠦᠭᠵᠢᠯ᠎ᠤᠨ ᠳᠠᠪᠠᠭᠤᠯᠢᠭ᠎ᠲᠤ ᠲᠦᠰᠢᠭᠯᠡᠨ᠂ ᠰᠢᠨ᠎ᠡ ᠴᠠᠭ ᠦᠶ᠎ᠡ᠎ᠳᠤ ᠪᠦᠭᠦ ᠲᠠᠯ᠎ᠠ᠎ᠪᠠᠷ ᠭᠠᠳᠠᠭ᠋ᠠᠳᠤ ᠨᠡᠭᠡᠭᠡᠯᠲᠡ ᠬᠢᠬᠦ ᠰᠢᠨ᠎ᠡ ᠪᠠᠢ᠌ᠷᠢᠰᠢᠯ᠎ᠢ ᠪᠠᠢ᠌ᠭᠤᠯᠬᠤ ᠴᠢᠬᠤᠯᠠ ᠡᠭᠦᠷᠭᠡ ᠵᠢ ᠡᠭᠦᠷᠭᠡᠯᠡᠵᠦ᠂ ᠥᠪᠥᠷ ᠮᠣᠩᠭᠣᠯ᠎ᠤᠨ ᠨᠡᠭᠡᠭᠡᠯᠲᠡ ᠬᠢᠵᠦ ᠬᠠᠮᠲᠤᠷᠠᠯᠴᠠᠬᠤ ᠵᠠᠮ ᠵᠶ᠋ᠡᠷ ᠲᠦᠷᠭᠡᠨ ᠤᠷᠤᠭᠰᠢᠯᠠᠵᠤ᠂ ᠠᠯᠬᠤᠮ ᠪᠦᠷᠢ᠎ᠳᠤ ᠠᠮᠢᠵᠢᠷᠠᠯ᠎ᠤᠨ ᠬᠦᠴᠦᠨ ᠪᠠ ᠤᠷᠮᠠᠰ ᠵᠣᠷᠢᠭ ᠪᠠᠳᠠᠷᠠᠵᠤ᠂ ᠠᠯᠬᠤᠮ ᠪᠦᠷᠢ᠎ᠳᠤ ᠬᠦᠴᠦᠨ ᠴᠢᠳᠠᠯ ᠪᠠ ᠬᠦᠰᠡᠯ ᠡᠷᠡᠮᠡᠯᠵᠡᠯ᠎ᠢ ᠬᠤᠷᠠᠮᠳᠤᠭᠤᠯᠪᠠ᠃
2024 ᠣᠨ᠎ᠳᠤ᠂ ᠥᠪᠥᠷ ᠮᠣᠩᠭᠣᠯ᠎ᠤᠨ ᠬᠢᠯᠢ ᠵᠢᠨ ᠪᠣᠭᠣᠮᠲᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 1.234 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 14.5%᠎ᠪᠠᠷ ᠨᠡᠮᠡᠭᠳᠡᠨ᠂ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠴᠦ᠂ ᠪᠦᠭᠦ ᠤᠯᠤᠰ᠎ᠤᠨ ᠬᠠᠭᠤᠷᠠᠢ ᠵᠠᠮ᠎ᠤᠨ ᠬᠢᠯᠢ ᠵᠢᠨ ᠪᠣᠭᠣᠮᠲᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ᠎ᠪᠠᠷ ᠵᠶ᠋ᠡᠨ ᠦᠷᠭᠦᠯᠵᠢᠯᠡᠨ ᠲᠦᠷᠦᠭᠦᠯᠡᠪᠡ᠃
2024 ᠣᠨ᠎ᠳᠤ᠂ ᠥᠪᠥᠷ ᠮᠣᠩᠭᠣᠯ᠎ᠤᠨ ᠬᠢᠯᠢ ᠵᠢᠨ ᠪᠣᠭᠣᠮᠲᠠ ᠵᠢᠨ ᠠᠶᠠᠨᠴᠢᠳ᠎ᠤᠨ ᠵᠥᠭᠡᠭᠡᠪᠦᠷᠢ ᠵᠢᠨ ᠬᠡᠮᠵᠢᠶ᠎ᠡ 511 ᠲᠦᠮᠡᠨ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 53%᠎ᠪᠠᠷ ᠨᠡᠮᠡᠭᠳᠡᠵᠦ᠂ ᠬᠢᠯᠢ ᠵᠢᠨ ᠪᠣᠭᠣᠮᠲᠠ ᠦᠷᠭᠦᠯᠵᠢᠯᠡᠨ ᠴᠡᠴᠡᠭᠯᠡᠨ ᠬᠥᠭᠵᠢᠬᠦ ᠪᠠᠢ᠌ᠳᠠᠯ ᠢᠯᠡᠷᠡᠪᠡ᠃
2024 ᠣᠨ᠎ᠳᠤ᠂ ᠥᠪᠥᠷ ᠮᠣᠩᠭᠣᠯ᠎ᠤᠨ ᠬᠢᠯᠢ ᠵᠢᠨ ᠪᠣᠭᠣᠮᠲᠠ ᠵᠢᠨ ᠴᠢᠳᠠᠮᠵᠢ ᠲᠠᠰᠤᠷᠠᠯᠲᠠ ᠦᠭᠡᠢ ᠥᠷᠭᠡᠵᠢᠪᠡ᠃ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠂ ᠬᠢᠯᠢ ᠵᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠣᠷᠣᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠡᠷᠦᠩᠬᠡᠢ᠌ᠯᠡᠭᠰᠡᠨ ᠲᠤᠷᠰᠢᠯᠲᠠ ᠵᠢᠨ ᠣᠷᠣᠨ᠂ B ᠭᠡᠯᠪᠡᠷᠢ ᠵᠢᠨ ᠭᠠᠢ᠌ᠯᠢ ᠪᠠᠲᠤᠯᠠᠬᠤ ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠣᠷᠢᠭ ᠵᠡᠷᠭᠡ ᠡᠯ᠎ᠡ ᠲᠥᠷᠥᠯ᠎ᠤᠨ ᠨᠡᠭᠡᠭᠡᠯᠲᠡ ᠵᠢᠨ ᠲᠠᠪᠴᠠᠩ᠎ᠤᠨ ᠦᠢ᠍ᠯᠡᠳᠦᠯ ᠡᠳᠦᠷ ᠢᠷᠡᠬᠦᠶ᠎ᠡ ᠲᠣᠪᠣᠢ᠌ᠮ᠎ᠠ ᠪᠣᠯᠵᠤ᠂ ᠮᠢᠬᠠᠨ᠎ᠤ ᠵᠦᠢ᠍ᠯ᠂ ᠠᠮᠤ ᠪᠤᠳᠠᠭ᠎ᠠ᠂ ᠡᠪᠡᠰᠦ ᠪᠣᠷᠳᠣᠭ᠎ᠠ ᠵᠡᠷᠭᠡ ᠡᠯ᠎ᠡ ᠲᠥᠷᠥᠯ᠎ᠤᠨ ᠪᠣᠭᠣᠮᠲᠠ ᠵᠢᠨ ᠵᠢᠭ᠋ᠠᠨ ᠲᠣᠭᠲᠠᠭ᠋ᠠᠭᠰᠠᠨ ᠬᠢᠨᠠᠯᠲᠠ ᠬᠠᠮᠢᠶᠠᠷᠤᠯᠲᠠ ᠵᠢᠨ ᠲᠠᠯᠠᠪᠤᠷ ᠭᠠᠵᠠᠷ 19 ᠪᠠᠢ᠌ᠵᠤ᠂ ᠮᠣᠩᠭᠣᠯ ᠤᠯᠤᠰ᠎ᠲᠤ ᠬᠠᠨᠳᠤᠭᠤᠯᠤᠭᠰᠠᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠳᠤ 8 ᠰᠠᠭᠤᠳᠠᠯ᠎ᠠᠴᠠ ᠳᠣᠷᠣᠭᠰᠢᠬᠢ ᠵᠢᠵᠢᠭ ᠭᠡᠯᠪᠡᠷᠢ ᠵᠢᠨ ᠲᠡᠷᠭᠡ ᠵᠢ ᠨᠡᠪᠲᠡᠷᠡᠭᠦᠯᠬᠦ ᠶᠣᠰᠣᠲᠠᠢ ᠵᠢ᠎ᠨᠢ ᠪᠦᠭᠦᠨ᠎ᠢ ᠨᠡᠪᠲᠡᠷᠡᠭᠦᠯᠬᠦ ᠵᠢ ᠪᠡᠶᠡᠯᠡᠭᠦᠯᠪᠡ᠃
2024 ᠣᠨ᠎ᠳᠤ᠂ ᠥᠪᠥᠷ ᠮᠣᠩᠭᠣᠯ᠎ᠤᠨ ᠬᠢᠯᠢ ᠵᠢᠨ ᠪᠣᠭᠣᠮᠲᠠ ᠵᠢᠨ ᠣᠶᠤᠨᠴᠢᠯᠠᠭᠰᠠᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠪᠦᠭᠦ ᠣᠷᠣᠨ᠎ᠤ 12 ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠳᠤ ᠪᠣᠭᠣᠮᠲᠠ᠂ ᠬᠢᠯᠢ ᠵᠢᠨ ᠪᠠᠢ᠌ᠴᠠᠭ᠋ᠠᠯᠲᠠ ᠵᠡᠷᠭᠡ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ 《ᠨᠢᠭᠡ ᠴᠣᠭᠴᠠᠵᠢᠭᠤᠯᠤᠨ ᠴᠤᠭᠯᠠᠭᠤᠯᠵᠤ᠂ ᠨᠢᠭᠡ ᠥᠷᠲᠡᠭᠡᠴᠢᠯᠡᠭᠰᠠᠨ ᠮᠠᠶᠢᠭ ᠵᠶ᠋ᠠᠷ ᠪᠠᠢ᠌ᠴᠠᠭ᠋ᠠᠨ ᠰᠢᠯᠭ᠋ᠠᠬᠤ》 ᠵᠢ ᠪᠡᠶᠡᠯᠡᠭᠦᠯᠵᠦ᠂ ᠡᠳ᠋ ᠪᠠᠷᠠᠭ᠎ᠠ ᠵᠢ ᠬᠢᠯᠢ᠎ᠪᠠᠷ ᠣᠷᠣᠭᠤᠯᠵᠤ ᠭᠠᠷᠭ᠋ᠠᠬᠤ᠎ᠳᠤ 《ᠰᠧᠺᠦ᠋ᠨ᠋ᠳ᠋ ᠲᠣᠭ᠋ᠠᠯᠠᠨ》 ᠥᠩᠭᠡᠷᠡᠭᠦᠯᠬᠦ ᠱᠠᠲᠤᠨ᠎ᠳᠤ ᠣᠷᠣᠵᠠᠢ᠃ AGV ᠵᠢᠯᠣᠭᠣᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ᠎ᠨᠢ ᠭᠠᠭᠴᠠᠮᠣᠳᠤ᠂ ᠴᠡᠭᠡ ᠪᠣᠭᠣᠮᠲᠠ᠎ᠳᠤ ᠬᠣᠶᠠᠷ ᠵᠢᠯ ᠲᠣᠭᠲᠠᠭᠤᠨ ᠵᠶ᠋ᠠᠷ ᠠᠵᠢᠯᠯᠠᠵᠤ᠂ ᠮᠠᠨᠳᠤᠯ᠎ᠠ᠂ ᠵᠡᠭᠦᠨ ᠬᠠᠲᠠᠪᠴᠢ᠂ ᠠᠷᠤᠬᠠᠰᠢᠶᠠᠲᠤ ᠵᠡᠷᠭᠡ ᠬᠢᠯᠢ ᠵᠢᠨ ᠪᠣᠭᠣᠮᠲᠠ᠎ᠳᠤ ᠵᠡᠷᠭᠡ᠎ᠪᠠᠷ ᠲᠡᠷᠡ ᠶᠣᠰᠣᠭ᠋ᠠᠷ᠎ᠨᠢ ᠳᠡᠯᠭᠡᠷᠡᠭᠦᠯᠵᠦ᠂ ᠪᠣᠬᠢᠷᠳᠤᠯ ᠦᠭᠡᠢ ᠵᠢᠯᠣᠭᠣᠴᠢ ᠦᠭᠡᠢ ᠬᠦᠨᠳᠦ ᠠᠴᠢᠶᠠᠨ᠎ᠤ ᠮᠠᠰᠢᠨ ᠲᠡᠷᠭᠡ ᠵᠢ ᠴᠡᠭᠡ ᠪᠣᠭᠣᠮᠲᠠ᠎ᠳᠤ ᠲᠤᠷᠰᠢᠨ ᠠᠵᠢᠯᠯᠠᠭᠤᠯᠵᠤ᠂ ᠨᠢᠭᠡᠨᠲᠡ ᠪᠦᠭᠦ ᠤᠯᠤᠰ᠎ᠤᠨ ᠣᠶᠤᠨᠴᠢᠯᠠᠭᠰᠠᠨ ᠬᠢᠯᠢ ᠠᠯᠤᠰᠯᠠᠭᠰᠠᠨ ᠲᠡᠭᠡᠭᠡᠪᠦᠷᠢ ᠵᠢᠨ ᠰᠢᠨ᠎ᠡ ᠵᠠᠭᠪᠤᠷ᠎ᠤᠨ ᠠᠮᠵᠢᠯᠲᠠ᠎ᠲᠠᠢ ᠥᠯᠢᠭᠡᠷ ᠵᠢᠱ᠌ᠢᠶ᠎ᠡ ᠪᠣᠯᠤᠭᠰᠠᠨ ᠪᠠᠢ᠌ᠨ᠎ᠠ᠃
2024 ᠣᠨ᠎ᠳᠤ᠂ ᠥᠪᠥᠷ ᠮᠣᠩᠭᠣᠯ᠎ᠤᠨ ᠬᠢᠯᠢ ᠵᠢᠨ ᠪᠣᠭᠣᠮᠲᠠ ᠵᠢᠨ ᠠᠵᠤ ᠠᠬᠤᠢ ᠡᠳᠦᠷ ᠢᠷᠡᠬᠦᠶ᠎ᠡ ᠴᠡᠴᠡᠭᠯᠡᠨ ᠬᠥᠭᠵᠢᠪᠡ᠃ ᠮᠠᠨ᠎ᠤ ᠣᠷᠣᠨ᠎ᠤ ᠬᠢᠯᠢ ᠵᠢᠨ ᠪᠣᠭᠣᠮᠲᠠ᠎ᠪᠠᠷ ᠣᠷᠣᠵᠤ ᠭᠠᠷᠤᠭᠰᠠᠨ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠨᠡᠢ᠌ᠲᠡ 6 ᠲᠦᠮᠡ ᠰᠢᠬᠠᠮ ᠴᠤᠪᠤᠭ᠎ᠠ ᠪᠠᠢ᠌ᠵᠤ᠂ ᠠᠶᠠᠯᠠᠯ᠎ᠤᠨ ᠱᠤᠭᠤᠮ 126 ᠵᠤᠷᠪᠤᠰ᠎ᠲᠤ ᠬᠦᠷᠴᠦ᠂ ᠳᠣᠲᠣᠭ᠋ᠠᠳᠤ᠎ᠳᠠᠭᠠᠨ 22 ᠮᠤᠵᠢ (ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠣᠲᠠ) ᠵᠢᠨ 64 ᠬᠣᠲᠠ ᠵᠢ ᠬᠠᠮᠤᠷᠴᠤ᠂ ᠭᠠᠳᠠᠭᠰᠢ᠎ᠪᠠᠨ 10 ᠤᠯᠤᠰ᠎ᠤᠨ 22 ᠡᠴᠦᠰ᠎ᠤᠨ ᠴᠡᠭ᠎ᠤᠨ ᠬᠣᠲᠠ ᠵᠢ ᠲᠠᠢ᠌ᠴᠢᠯᠠᠨ ᠨᠥᠯᠥᠭᠡᠯᠡᠪᠡ᠃ ᠬᠢᠯᠢ ᠵᠢᠨ ᠪᠣᠭᠣᠮᠲᠠ ᠵᠢᠨ ᠬᠦᠴᠦᠲᠡᠢ ᠳᠠᠢ᠌ᠴᠢᠯᠠᠯᠲᠠ ᠳᠣᠣᠷ᠎ᠠ ᠪᠦᠭᠦ ᠣᠷᠣᠨ᠎ᠤ ᠭᠠᠳᠠᠭ᠋ᠠᠳᠤ ᠠᠷᠠᠯᠵᠢᠶ᠎ᠠ ᠲᠦᠷᠭᠡᠨ ᠬᠥᠭᠵᠢᠵᠦ᠂ 《ᠪᠣᠭᠣᠮᠲᠠ + ᠬᠦᠷᠢᠶᠡᠯᠡᠩ ᠲᠣᠭᠣᠷᠢᠭ》᠂ 《ᠬᠢᠯᠢ ᠵᠢᠨ ᠪᠣᠭᠣᠮᠲᠠ + ᠳᠣᠲᠣᠷ ᠭᠠᠵᠠᠷ》᠎ᠤᠨ ᠬᠣᠯᠪᠤᠭ᠋ᠠᠯᠠᠨ ᠬᠥᠭᠵᠢᠬᠦ ᠰᠢᠨ᠎ᠡ ᠪᠠᠢ᠌ᠷᠢᠰᠢᠯ ᠶᠠᠭ ᠪᠦᠷᠢᠯᠳᠦᠵᠦ ᠪᠤᠶ᠃ ᠨᠡᠭᠦᠷᠡᠰᠦ᠂ ᠲᠡᠮᠦᠷ᠎ᠤᠨ ᠬᠦᠳᠡᠷ᠂ ᠵᠡᠰ᠎ᠤᠨ ᠨᠠᠷᠢᠯᠢᠭ ᠨᠤᠨᠳᠠᠭ᠂ ᠴᠢᠯᠠᠭᠤᠨ ᠲᠣᠰᠣ ᠪᠠᠢ᠌ᠭ᠋ᠠᠯᠢ ᠵᠢᠨ ᠰᠢᠲᠠᠮᠠᠬᠠᠢ ᠬᠡᠢ᠂ ᠬᠠᠢ᠌ᠯᠤᠭᠤᠷ ᠵᠤᠩᠰᠢ ᠵᠡᠷᠭᠡ ᠲᠠᠪᠤᠨ ᠶᠡᠬᠡ ᠲᠥᠷᠥᠯ᠎ᠤᠨ ᠭᠠᠳᠠᠭ᠋ᠠᠳᠤ᠎ᠠᠴᠠ ᠣᠷᠣᠭᠤᠯᠤᠭᠰᠠᠨ ᠪᠥᠭᠡᠮ ᠲᠠᠸᠠᠷ᠎ᠢ ᠬᠥᠮᠥᠷᠭᠡᠯᠡᠬᠦ ᠰᠢᠯᠵᠢᠭᠦᠯᠦᠨ ᠲᠡᠭᠡᠭᠡᠪᠦᠷᠢᠯᠡᠬᠦ ᠬᠦᠷᠢᠶᠡᠯᠡᠩ ᠲᠣᠭᠣᠷᠢᠭ ᠨᠢᠭᠡᠨᠲᠡ ᠠᠩᠬ᠎ᠠ ᠠᠯᠬᠤᠮ ᠪᠠᠢ᠌ᠭᠤᠯᠤᠭᠳᠠᠵᠤ᠂ ᠨᠡᠭᠦᠷᠡᠰᠦ ᠬᠡᠦᠷᠡᠰᠦ ᠵᠢᠨ ᠬᠢᠮᠢ ᠵᠢᠨ ᠠᠵᠤ ᠦᠢ᠍ᠯᠡᠳᠪᠦᠷᠢ᠂ ᠠᠮᠤ ᠪᠤᠳᠠᠭ᠎ᠠ ᠲᠣᠰᠣ ᠵᠢ ᠨᠠᠷᠢᠯᠢᠭ ᠡᠳ᠋ᠰᠢᠭᠦᠯᠬᠦ᠂ ᠬᠠᠢ᠌ᠯᠤᠭᠤᠷ ᠵᠤᠩᠰᠢ ᠵᠢ ᠨᠠᠷᠢᠯᠢᠭ ᠰᠣᠩᠭᠣᠬᠤ᠂ ᠢᠮᠠᠭ᠋ᠠᠨ ᠨᠣᠣᠯᠣᠭᠤᠷ ᠪᠤᠯᠪᠠᠰᠤᠷᠠᠭᠤᠯᠬᠤ ᠵᠡᠷᠭᠡ ᠨᠠᠢ᠍ᠮᠠᠨ ᠶᠡᠬᠡ ᠰᠠᠭᠤᠷᠢᠰᠢᠯ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢ᠍ᠯᠡᠰ ᠲᠠᠰᠤᠷᠠᠯᠲᠠ ᠦᠭᠡᠢ ᠪᠤᠵᠠᠭ᠋ᠠᠢ᠌ᠷᠠᠪᠠ ᠁
ᠥᠩᠭᠡᠷᠡᠭᠰᠡᠨ ᠨᠢᠭᠡ ᠵᠢᠯ᠎ᠳᠤ᠂ ᠴᠠᠭ ᠬᠤᠭᠤᠴᠠᠭ᠎ᠠ ᠪᠣᠯᠣᠨ ᠲᠣᠭ᠎ᠠ ᠪᠠᠷᠢᠮᠲᠠ᠎ᠨᠢ ᠨᠢᠭᠡᠨ ᠰᠦᠷᠯᠢᠭ ᠦᠵᠡᠮᠵᠢᠲᠦ ᠨᠡᠭᠡᠭᠡᠯᠲᠡ ᠬᠢᠬᠦ ᠵᠢᠷᠤᠭ ᠲᠥᠰᠥᠪ᠎ᠢ ᠵᠢᠷᠤᠭᠯᠠᠪᠠ᠄ ᠳᠡᠯᠡᠬᠡᠢ ᠳ᠋ᠠᠬᠢᠨ᠎ᠢ ᠬᠣᠯᠪᠣᠭᠰᠠᠨ ᠶᠡᠬᠡ ᠨᠡᠪᠲᠡᠷᠡᠬᠦ ᠵᠠᠮ᠂ ᠥᠪᠥᠷ ᠮᠣᠩᠭᠣᠯ᠎ᠤᠨ 4200 ᠭᠠᠷᠤᠢ ᠺᠢᠯᠣᠮᠧᠲᠷ᠎ᠤᠨ ᠬᠢᠯᠢ ᠵᠢᠨ ᠱᠤᠭᠤᠮ ᠳᠠᠭ᠋ᠠᠤ ᠰᠤᠨᠤᠯᠵᠠᠨ ᠦᠷᠭᠦᠯᠵᠢᠯᠡᠵᠤ᠂ ᠮᠢᠩᠭ᠋ᠠᠨ ᠤᠷᠤᠰᠬᠠᠯ᠎ᠢ ᠨᠡᠢ᠌ᠯᠡᠭᠦᠯᠦᠨ᠂ ᠬᠥᠭᠵᠢᠯ ᠪᠠᠳᠠᠷᠠᠯ ᠵᠶ᠋ᠡᠷ ᠪᠢᠯᠬᠠᠨ᠎ᠠ᠃ ᠥᠪᠥᠷ ᠮᠣᠩᠭᠣᠯ ᠡᠷᠭᠢᠨ ᠲᠣᠭᠣᠷᠢᠨ᠎ᠤ ᠤᠯᠤᠰ᠎ᠤᠳ᠎ᠤᠨ ᠥᠭᠡᠳᠡ᠎ᠠᠴᠠ ᠨᠥᠬᠥᠷᠯᠡᠯ᠎ᠤᠨ ᠭᠠᠷ ᠰᠤᠩᠭ᠋ᠠᠨ᠂ ᠴᠢᠩᠭ᠎ᠠ ᠠᠳᠬᠤᠯᠴᠠᠵᠤ᠂ ᠡᠶ᠎ᠡ ᠨᠠᠢ᠌ᠷᠠᠮᠳᠠᠭᠤ ᠬᠠᠮᠲᠤᠷᠠᠯᠴᠠᠭ᠋ᠠᠨ᠎ᠤ ᠳᠠᠭᠤᠨ᠎ᠢ ᠴᠤᠤᠷᠢᠶᠠᠲᠤᠭᠤᠯᠪᠠ᠃ ᠡᠢ᠌ᠮᠦᠷᠬᠦᠦ ᠪᠠᠢ᠌ᠳᠠᠯ᠎ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠠᠴᠠ᠄ ᠪᠦᠭᠦ ᠣᠷᠣᠨ᠎ᠤ ᠡᠯ᠎ᠡ ᠱᠠᠲᠤᠨ᠎ᠤ ᠬᠠᠮᠲᠤ ᠵᠢᠨ ᠴᠢᠷᠮᠠᠢ᠌ᠯᠭ᠎ᠠ᠎ᠪᠠᠷ᠂ ᠥᠪᠥᠷ ᠮᠣᠩᠭᠣᠯ ᠨᠡᠭᠡᠭᠡᠯᠲᠡ ᠬᠢᠵᠦ ᠬᠠᠮᠲᠤᠷᠠᠯᠴᠠᠬᠤ ᠲᠦᠷᠭᠡᠨ ᠠᠯᠬᠤᠭ᠎ᠠ ᠵᠢ ᠠᠯᠬᠤᠭᠰᠠᠨ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃
ᠬᠦᠢ᠍ᠲᠡᠨ᠎ᠤ ᠡᠷᠴᠢ ᠴᠢᠩᠭ᠋ᠠᠷᠠᠭᠰᠠᠨ ᠦᠶ᠎ᠡ᠎ᠪᠠᠷ᠂ ᠡᠷᠢᠶᠡᠨ ᠬᠤᠳᠠ᠎ᠳᠠᠬᠢ ᠥᠪᠥᠷ ᠮᠣᠩᠭᠣᠯ᠎ᠤᠨ ᠳ᠋ᠠ ᠹᠧᠩ ᠠᠵᠤ ᠠᠬᠤᠢ ᠠᠷᠠᠯᠵᠢᠶᠠᠨ᠎ᠤ ᠭᠠᠳᠠᠭ᠋ᠠᠳᠤ ᠤᠷᠤᠭᠤᠯᠤᠯᠳᠠ ᠭᠠᠷᠭ᠋ᠠᠯᠲᠠ ᠵᠢᠨ ᠬᠢᠵᠠᠭ᠋ᠠᠷᠲᠤ ᠺᠤᠮᠫᠠᠨᠢ᠎ᠳᠤ ᠭᠦᠷᠪᠠᠯ᠂ ᠮᠠᠰᠢᠨ ᠲᠡᠷᠭᠡᠨ᠎ᠤ ᠬᠥᠳᠡᠯᠭᠡᠭᠦᠷ ᠲᠠᠰᠤᠷᠠᠯᠳᠠ ᠦᠭᠡᠢ ᠬᠦᠷᠴᠢᠭᠢᠨᠡᠵᠦ᠂ 20 ᠰᠡᠦᠬᠡ ᠮᠠᠰᠢᠨ᠂ SUV᠂ ᠫᠢᠺᠠ ᠲᠡᠷᠭᠡ ᠵᠡᠷᠭᠡ ᠭᠠᠷ ᠳᠠᠮᠵᠢᠭᠰᠠᠨ ᠮᠠᠰᠢᠨ ᠲᠡᠷᠭᠡ ᠡᠩᠨᠡᠭᠡ ᠪᠣᠯᠵᠤ ᠬᠤᠸᠠᠨ ᠢᠦᠢ ᠪᠠᠷᠠᠭ᠋ᠠᠨ᠎ᠤ ᠭᠦᠢ᠍ᠯᠭᠡᠭᠡ ᠵᠢᠨ ᠭᠠᠳᠠᠭ᠋ᠠᠳᠤ᠎ᠳᠤ ᠭᠠᠷᠭ᠋ᠠᠬᠤ ᠬᠦᠷᠢᠶᠡᠯᠡᠩ ᠲᠣᠭᠣᠷᠢᠭ᠎ᠲᠤ ᠵᠢᠯᠣᠭᠣᠳᠤᠨ ᠬᠦᠷᠴᠦ᠂ ᠬᠣᠯᠪᠣᠭᠳᠠᠯ ᠪᠦᠬᠦᠢ ᠭᠠᠷᠳᠠᠮ ᠪᠣᠯᠣᠨ ᠭᠠᠳᠠᠭ᠋ᠠᠳᠤ᠎ᠳᠤ ᠭᠠᠷᠭ᠋ᠠᠬᠤ ᠵᠢ ᠭᠤᠶᠤᠴᠢᠯᠠᠨ ᠮᠡᠳᠡᠭᠦᠯᠬᠦ ᠶᠠᠪᠤᠴᠠ ᠵᠢ ᠭᠦᠢ᠍ᠴᠡᠳᠬᠡᠭᠰᠡᠨ᠎ᠤ ᠲᠠᠷᠠᠭ᠎ᠠ᠂ ᠮᠣᠩᠭᠣᠯ ᠤᠯᠤᠰ ᠪᠣᠯᠣᠨ ᠤᠷᠤᠰ᠎ᠲᠤ ᠭᠠᠷᠭ᠋ᠠᠬᠤ ᠪᠣᠯᠣᠨ᠎ᠠ᠃
《ᠡᠷᠢᠶᠡᠨ ᠬᠣᠲᠠ ᠵᠢᠨ ᠬᠢᠯᠢ ᠵᠢᠨ ᠪᠣᠭᠣᠮᠲᠠ ᠭᠠᠷ ᠳᠠᠮᠵᠢᠭᠰᠠᠨ ᠮᠠᠰᠢᠨ ᠲᠡᠷᠭᠡ᠂ ᠲᠠᠸᠠᠷ᠎ᠤᠨ ᠮᠠᠰᠢᠨ ᠲᠡᠷᠭᠡ ᠵᠡᠷᠭᠡ ᠲᠡᠷᠭᠡ ᠬᠥᠰᠬᠡ ᠵᠢ ᠪᠣᠭᠣᠮᠲᠠ ᠥᠩᠭᠡᠷᠡᠭᠦᠯᠬᠦ᠂ ᠬᠢᠨᠠᠨ ᠬᠠᠮᠢᠶᠠᠷᠬᠤ᠂ ᠪᠠᠢ᠌ᠴᠠᠭ᠋ᠠᠨ ᠰᠢᠯᠭ᠋ᠠᠬᠤ ᠴᠢᠳᠠᠪᠤᠷᠢ᠎ᠲᠠᠢ᠂ ᠡᠷᠢᠶᠡᠨ ᠬᠣᠲᠠ ᠵᠢᠨ ᠲᠤᠬᠠᠢ ᠵᠢᠨ ᠭᠠᠵᠠᠷ᠎ᠤᠨ᠎ᠬᠢᠨ ᠴᠦ᠍ ᠠᠵᠤ ᠠᠬᠤᠢ᠌ᠯᠠᠯ᠎ᠤᠨ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠲᠤᠬᠠᠢ᠌ᠯᠠᠭᠰᠠᠨ ᠠᠵᠢᠯ ᠥᠷᠨᠢᠭᠦᠯᠬᠦ ᠵᠢ ᠮᠠᠰᠢ ᠵᠣᠷᠢᠭᠵᠢᠭᠤᠯᠵᠤ ᠪᠤᠢ᠃ ᠡᠢ᠌ᠮᠦ᠎ᠠᠴᠠ ᠨᠢᠳᠤᠨᠤᠨ ᠺᠤᠮᠫᠠᠨᠢ ᠵᠢᠨ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠲᠤᠬᠠᠢ᠌ᠯᠠᠭᠰᠠᠨ ᠠᠵᠢᠯ ᠮᠠᠰᠢ ᠲᠦᠷᠭᠡᠨ ᠬᠥᠭᠵᠢᠵᠡᠢ》 ᠭᠡᠵᠦ ᠺᠤᠮᠫᠠᠨᠢ ᠵᠢᠨ ᠶᠡᠷᠦᠩᠬᠡᠢ ᠳᠠᠭ᠋ᠠᠭ᠋ᠠᠮᠠᠯ ᠼᠦᠢ ᠮᠢᠨ ᠢᠦᠢ ᠬᠡᠯᠡᠵᠦ ᠪᠢᠯᠡ᠃
ᠣᠯᠠᠨ ᠤᠯᠤᠰ᠎ᠤᠨ ᠠᠷᠠᠯᠵᠢᠶᠠᠨ᠎ᠤ ᠣᠯᠠᠨ ᠡᠰᠢᠵᠢᠬᠦ ᠬᠥᠭᠵᠢᠯᠲᠡ ᠵᠢᠨ ᠬᠠᠨᠳᠤᠰᠢ ᠳᠤᠮᠳᠠ᠂ ᠥᠪᠥᠷ ᠮᠣᠩᠭᠣᠯ᠎ᠤᠨ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠲᠤᠬᠠᠢ᠌ᠯᠠᠭᠰᠠᠨ ᠠᠵᠢᠯ ᠲᠦᠷᠭᠡᠨ ᠬᠥᠭᠵᠢᠵᠦ᠂ ᠤᠷᠢᠳ ᠡᠮᠦᠨ᠎ᠡ ᠪᠠᠢ᠌ᠭ᠎ᠠ ᠦᠭᠡᠢ ᠬᠤᠷᠳᠤᠴᠠ᠎ᠪᠠᠷ ᠥᠷᠨᠢᠨ ᠬᠥᠭᠵᠢᠪᠡ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠡᠷ᠂ 2024 ᠣᠨ᠎ᠳᠤ ᠥᠪᠥᠷ ᠮᠣᠩᠭᠣᠯ᠎ᠤᠨ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠭᠰᠠᠨ ᠬᠡᠮᠵᠢᠶ᠎ᠡ ᠨᠡᠢ᠌ᠲᠡ 8357 ᠮᠠᠰᠢᠨ ᠲᠡᠷᠭᠡ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 65%᠎ᠪᠠᠷ ᠨᠡᠮᠡᠭᠳᠡᠪᠡ᠃
1 ᠰᠠᠷ᠎ᠠ ᠵᠢᠨ 10᠎ᠤ 14 ᠴᠠᠭ 02 ᠮᠢᠨᠦ᠋ᠲ᠎ᠲᠤ ᠨᠢᠭᠡᠨ ᠨᠢᠰᠬᠡᠯ᠂ ᠥᠪᠥᠷ ᠮᠣᠩᠭᠣᠯ᠎ᠤᠨ ᠪᠤᠭᠤᠲᠤ ᠵᠢᠨ ᠳ᠋ᠦᠩ ᠾᠧ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠠᠴᠠ ᠤᠷᠤᠭᠰᠢᠲᠠᠢ᠎ᠪᠠᠷ ᠨᠢᠰᠴᠦ᠂ 2 ᠴᠠᠭ ᠭᠠᠷᠤᠢ ᠵᠢᠨ ᠳᠠᠷᠠᠭ᠎ᠠ ᠮᠣᠩᠭᠣᠯ ᠤᠯᠤᠰ᠎ᠤᠨ ᠰᠢᠨ᠎ᠡ ᠴᠢᠩᠭᠢᠰ ᠬᠠᠭ᠋ᠠᠨ ᠨᠢᠰᠬᠡᠯ᠎ᠤᠨ ᠪᠠᠭᠤᠳᠠᠯ᠎ᠳᠤ ᠭᠦᠷᠪᠡ᠃
2024 ᠣᠨ᠎ᠳᠤ ᠤᠮᠠᠷᠠᠲᠤ ᠣᠷᠣᠨ᠎ᠤ ᠠᠭ᠋ᠠᠷ᠎ᠤᠨ ᠠᠶᠠᠯᠠᠯ᠎ᠤᠨ ᠬᠠᠮᠢᠶᠠᠷᠤᠯᠲᠠ ᠵᠢᠨ ᠲᠣᠪᠴᠢᠶ᠎ᠠ ᠵᠡᠷᠭᠡ ᠳᠡᠭᠡᠳᠦ ᠱᠠᠲᠤᠨ᠎ᠤ ᠨᠢᠭᠡᠴᠢ᠎ᠠᠴᠠ ᠪᠤᠭᠤᠲᠤ ᠵᠢᠨ ᠨᠢᠰᠬᠡᠯ᠎ᠤᠨ ᠪᠠᠭᠤᠳᠠᠯ᠎ᠢ 2024 ᠣᠨ᠎ᠤ 10 ᠰᠠᠷ᠎ᠠ ᠵᠢᠨ 31᠎ᠠᠴᠠ ᠡᠬᠢᠯᠡᠨ ᠵᠢᠩᠬᠢᠨᠢ᠎ᠪᠠᠷ ᠭᠠᠳᠠᠭᠰᠢ ᠨᠡᠭᠡᠭᠡᠬᠦ ᠵᠢ ᠴᠣᠬᠣᠯᠠᠪᠤᠷᠢᠯᠠᠨ ᠵᠥᠪᠰᠢᠶᠡᠷᠡᠪᠡ᠃ ᠲᠤᠰ ᠵᠢᠯ᠎ᠤᠨ 9 ᠰᠠᠷ᠎ᠠ᠎ᠳᠤ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠲᠣᠪᠴᠢᠶ᠎ᠠ ᠵᠢᠨ ᠵᠥᠪᠰᠢᠶᠡᠷᠡᠯ ᠵᠶ᠋ᠡᠷ᠂ 《ᠪᠤᠭᠤᠲᠤ ᠵᠢᠨ ᠳ᠋ᠦᠩ ᠾᠧ ᠨᠢᠰᠬᠡᠯ᠎ᠤᠨ ᠪᠠᠭᠤᠳᠠᠯ》᠎ᠢ ᠵᠢᠩᠬᠢᠨᠢ᠎ᠪᠠᠷ 《ᠪᠤᠭᠤᠲᠤ ᠵᠢᠨ ᠳ᠋ᠦᠩ ᠾᠧ ᠣᠯᠠᠨ ᠤᠯᠤᠰ᠎ᠤᠨ ᠨᠢᠰᠬᠡᠯ᠎ᠤᠨ ᠪᠠᠭᠤᠳᠠᠯ》 ᠭᠡᠵᠦ ᠬᠠᠯᠠᠪᠠ᠂ 12 ᠰᠠᠷ᠎ᠠ ᠵᠢᠨ 27᠎ᠤ ᠡᠳᠦᠷ᠂ ᠪᠤᠭᠤᠲᠤ — ᠤᠯᠠᠭ᠋ᠠᠨᠪᠠᠭ᠋ᠠᠲᠤᠷ ᠬᠦᠷᠬᠦ ᠣᠯᠠᠨ ᠤᠯᠤᠰ᠎ᠤᠨ ᠠᠭ᠋ᠠᠷ᠎ᠤᠨ ᠠᠶᠠᠯᠠᠯ᠎ᠤᠨ ᠱᠤᠭᠤᠮ ᠠᠮᠵᠢᠯᠲᠠ᠎ᠲᠠᠢ ᠨᠡᠪᠲᠡᠷᠡᠵᠦ᠂ ᠪᠤᠭᠤᠲᠤ ᠵᠢᠨ ᠠᠭ᠋ᠠᠷ᠎ᠤᠨ ᠠᠶᠠᠯᠠᠯ᠎ᠤᠨ ᠬᠢᠯᠢ ᠵᠢᠨ ᠪᠣᠭᠣᠮᠲᠠ ᠵᠢᠩᠬᠢᠨᠢ᠎ᠪᠠᠷ ᠭᠠᠳᠠᠭᠰᠢ ᠨᠡᠭᠡᠭᠡᠯᠲᠡ ᠬᠢᠭᠰᠡᠨ᠎ᠤ ᠳᠠᠷᠠᠭ᠋ᠠᠬᠢ ᠠᠩᠬᠠᠳᠠᠭᠴᠢ ᠣᠯᠠᠨ ᠤᠯᠤᠰ᠎ᠤᠨ ᠠᠭ᠋ᠠᠷ᠎ᠤᠨ ᠠᠶᠠᠯᠠᠯ᠎ᠤᠨ ᠱᠤᠭᠤᠮ ᠪᠣᠯᠪᠠ᠃ ᠰᠢᠨ᠎ᠡ ᠠᠭ᠋ᠠᠷ᠎ᠤᠨ ᠠᠶᠠᠯᠠᠯ᠎ᠤᠨ ᠱᠤᠭᠤᠮ᠎ᠢ ᠨᠡᠪᠲᠡᠷᠡᠭᠦᠯᠦᠭᠰᠡᠨ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠ ᠮᠣᠩᠭᠣᠯ ᠤᠯᠤᠰ᠎ᠤᠨ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ ᠵᠢᠨ ᠬᠤᠷᠳᠤᠴᠠ ᠵᠢ ᠤᠯᠠᠮ ᠨᠢᠭᠡ ᠠᠯᠬᠤᠮ ᠲᠦᠷᠭᠡᠳᠬᠡᠪᠡ᠃
ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ ᠬᠣᠯᠪᠣᠯᠳᠤᠭᠤᠯᠤᠨ ᠨᠡᠪᠲᠡᠷᠡᠭᠦᠯᠬᠦ ᠳᠤᠮᠳᠠ ᠨᠠᠩ ᠶᠡᠬᠡ ᠦᠢ᠍ᠯᠡᠳᠦᠯ ᠵᠶ᠋ᠡᠨ ᠪᠠᠳᠠᠷᠠᠭᠤᠯᠵᠤ ᠪᠠᠢ᠌ᠨ᠎ᠠ᠂ ᠡᠨᠡ ᠬᠦ᠌ ᠶᠠᠪᠤᠴᠠ᠎ᠳᠤ᠂ ᠥᠪᠥᠷ ᠮᠣᠩᠭᠣᠯ ᠴᠤ᠌ 《ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠪᠣᠯ ᠮᠥᠨ ᠴᠦ᠍ ᠨᠡᠭᠡᠭᠡᠯᠲᠡ ᠬᠢᠵᠦ ᠪᠠᠢ᠌ᠭ᠎ᠠ ᠶᠠᠪᠤᠳᠠᠯ ᠮᠥᠨ》 ᠭᠡᠬᠦ ᠦᠵᠡᠯᠲᠡ ᠵᠢ ᠪᠤᠶ ᠪᠣᠯᠭ᠋ᠠᠪᠠ᠃ ᠳᠣᠲᠣᠭ᠋ᠠᠳᠤ ᠬᠠᠭᠤᠷᠠᠢ ᠵᠢᠨ ᠬᠢᠯᠢ ᠳᠠᠭ᠋ᠠᠤ ᠭᠠᠵᠠᠷ ᠣᠷᠣᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠤᠮᠤ ᠪᠤᠯᠤᠩ᠎ᠤᠨ ᠣᠷᠣᠨ ᠪᠣᠯᠣᠨ ᠵᠡᠭᠦᠨ ᠭᠤᠷᠪᠠᠨ ᠮᠤᠵᠢ᠎ᠯᠤᠭ᠎ᠠ ᠨᠡᠪᠲᠡᠷᠡᠯᠴᠡᠬᠦ ᠵᠢ ᠲᠦᠷᠭᠡᠳᠬᠡᠵᠦ᠂ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠠᠵᠤ ᠦᠢ᠍ᠯᠡᠰ᠎ᠤᠨ ᠰᠢᠯᠵᠢᠯᠲᠡ ᠵᠢ ᠢᠳᠡᠪᠬᠢᠲᠡᠢ᠎ᠪᠠᠷ ᠵᠣᠯᠭ᠋ᠠᠭᠤᠯᠵᠤ᠂ ᠮᠠᠨ᠎ᠤ ᠣᠷᠣᠨ᠎ᠢ ᠪᠦᠭᠦ ᠤᠯᠤᠰ᠎ᠤᠨ ᠲᠣᠮᠣ ᠵᠠᠬ᠎ᠠ ᠳᠡᠯᠭᠡᠭᠦᠷ᠎ᠯᠦᠭᠡ ᠪᠦᠭᠦ ᠲᠠᠯ᠎ᠠ᠎ᠪᠠᠷ ᠵᠣᠯᠭ᠋ᠠᠭᠤᠯᠵᠤ᠂ ᠭᠦᠨᠵᠡᠭᠡᠢ ᠠᠭᠤᠰᠤᠯᠴᠠᠬᠤ ᠵᠢ ᠠᠬᠢᠭᠤᠯᠪᠠ᠃
ᠪᠡᠭᠡᠵᠢᠩ ᠲᠢᠶᠠᠨᠵᠢᠨ ᠾᠧᠪᠧᠢ ᠵᠢ ᠬᠠᠮᠵᠢᠯᠴᠠᠭᠤᠯᠤᠨ ᠬᠥᠭᠵᠢᠭᠦᠯᠬᠦ ᠲᠠᠯ᠎ᠠ᠎ᠪᠠᠷ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ 2024 ᠣᠨ᠎ᠤ 《ᠵᠢᠷᠭᠤᠭ᠋ᠠᠨ ᠳᠠᠭᠢᠨ ᠵᠶ᠋ᠠᠷ ᠨᠡᠮᠡᠭᠳᠡᠭᠦᠯᠬᠦ》 ᠲᠥᠯᠥᠪᠯᠡᠭᠡ ᠵᠢ ᠦᠷᠭᠦᠯᠵᠢᠯᠡᠨ ᠭᠦᠨᠵᠡᠭᠡᠢ᠌ᠷᠡᠭᠦᠯᠦᠨ ᠬᠡᠷᠡᠭᠵᠢᠭᠦᠯᠵᠦ᠂ ᠰᠤᠷᠭ᠋ᠠᠨ ᠬᠥᠮᠦᠵᠢᠯ᠂ ᠡᠮ ᠡᠮᠨᠡᠯᠭᠡ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠤᠯᠠᠭᠤᠯᠭ᠎ᠠ᠂ ᠵᠢᠭᠤᠯᠴᠢᠯᠠᠯ᠂ ᠠᠵᠤ ᠦᠢ᠍ᠯᠡᠰ᠎ᠤᠨ ᠬᠠᠮᠲᠤᠷᠠᠯᠴᠠᠭ᠎ᠠ ᠪᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠡᠷᠭᠡ ᠬᠦᠷᠢᠶᠡᠨ᠎ᠳᠤ ᠴᠥᠮ ᠦᠯᠡᠮᠵᠢ ᠦᠷ᠎ᠡ ᠪᠦᠲᠦᠭᠡᠯ ᠤᠯᠪᠠ; ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠬᠤᠯᠪᠤᠭ᠎ᠠ ᠪᠠᠢ᠌ᠭᠤᠯᠤᠬᠳᠠᠪᠠ; ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ ᠬᠢᠭᠡᠳ ᠪᠡᠭᠡᠵᠢᠩ ᠲᠢᠶᠠᠨᠵᠢᠨ ᠾᠧᠪᠧᠢ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠬᠦ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷᠤᠨ ᠦᠰᠦᠭ ᠵᠢᠷᠤᠪᠠ᠃
ᠬᠥᠬᠡᠮᠥ᠋ᠷᠡᠨ᠎ᠤ ᠭᠤᠷᠪᠠᠯᠵᠢᠨ ᠬᠣᠢ᠌ᠭ᠎ᠤᠨ ᠭᠠᠵᠠᠷ ᠣᠷᠣᠨ᠎ᠯᠤᠭ᠎ᠠ ᠬᠠᠮᠲᠤᠷᠠᠯᠴᠠᠬᠤ ᠲᠠᠯ᠎ᠠ᠎ᠪᠠᠷ᠂ 2024 ᠣᠨ᠎ᠳᠤ 《ᠱᠠᠩᠬᠠᠢ ᠥᠪᠥᠷ ᠮᠣᠩᠭᠣᠯ᠎ᠤᠨ ᠬᠠᠢ᠌ᠷ᠎ᠠ ᠰᠡᠳᠬᠢᠯᠭᠡ ᠵᠤᠵᠠᠭ᠋ᠠᠨ 〈ᠬᠡᠦᠬᠡᠳ〉᠎ᠤᠨ ᠬᠠᠷᠠᠭ᠋ᠠᠨ᠎ᠳᠠᠬᠢ ᠥᠪᠥᠷ ᠮᠣᠩᠭᠣᠯ》 ᠭᠣᠣᠯ ᠰᠡᠳᠦᠪᠲᠦ ᠵᠤᠰᠠᠯᠠᠩ᠎ᠤᠨ ᠠᠵᠢᠯᠯᠠᠭ᠎ᠠ ᠥᠷᠨᠢᠭᠦᠯᠪᠡ; ᠥᠪᠥᠷ ᠮᠣᠩᠭᠣᠯ᠎ᠤᠨ ᠶᠡᠬᠡ ᠳᠡᠭᠡᠳᠦ ᠰᠤᠷᠭ᠋ᠠᠭᠤᠯᠢ ᠬᠢᠭᠡᠳ ᠱᠠᠩᠬᠠᠢ ᠬᠣᠲᠠ ᠵᠢᠨ ᠶᠡᠬᠡ ᠳᠡᠭᠡᠳᠦ ᠰᠤᠷᠭ᠋ᠠᠭᠤᠯᠢ᠂ ᠰᠠᠯᠠᠭ᠎ᠠ ᠮᠥᠴᠢᠷ ᠠᠯᠢ ᠣᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢ᠍ᠯ᠎ᠤᠨ ᠬᠠᠮᠲᠤᠷᠠᠯᠴᠠᠭ᠎ᠠ ᠥᠷᠨᠢᠭᠦᠯᠪᠡ; ᠱᠠᠩᠬᠠᠢ ᠬᠣᠲᠠ ᠵᠢᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠣᠯᠪᠤᠭᠠᠯᠤᠭᠠ 《ᠥᠪᠥᠷ ᠮᠣᠩᠭᠣᠯ ᠱᠠᠩᠬᠠᠢ ᠬᠣᠶᠠᠷ ᠭᠠᠵᠠᠷ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠣᠯᠪᠤᠭ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ》 ᠲᠣᠬᠲᠠᠪᠠ; ᠱᠠᠩᠬᠠᠢ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠱᠠᠩᠬᠠᠢ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠨᠡᠢ᠌ᠭᠡᠮᠯᠢᠭᠯᠦᠭᠡ ᠣᠷᠳᠣ ᠬᠤᠭᠤᠴᠠᠭ᠋ᠠᠨ᠎ᠤ ᠬᠠᠮᠲᠤᠷᠠᠯᠴᠠᠭ᠋ᠠᠨ᠎ᠤ ᠲᠣᠭᠲᠠᠴᠠ ᠵᠢ ᠪᠠᠢ᠌ᠭᠤᠯᠪᠠ᠃
ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠯᠤᠭ᠎ᠠ ᠬᠠᠮᠲᠤᠷᠠᠯᠴᠠᠬᠤ ᠲᠠᠯ᠎ᠠ᠎ᠪᠠᠷ᠂ ᠭᠤᠸᠠᠩᠳᠦ᠋ᠩ ᠥᠪᠥᠷ ᠮᠣᠩᠭᠣᠯ ᠬᠣᠶᠠᠷ ᠭᠠᠵᠠᠷ ᠲᠣᠰ ᠲᠣᠰ᠎ᠤᠨ ᠣᠨᠴᠠᠯᠢᠭ ᠪᠠ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠳᠠᠭᠠᠨ ᠰᠠᠭᠤᠷᠢᠯᠠᠵᠤ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠰᠣᠯᠢᠯᠴᠠᠭ᠎ᠠ ᠵᠣᠯᠭ᠋ᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ 2024 ᠣᠨ᠎ᠳᠤ ᠡᠨᠧᠷᠭᠢ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠨ᠎ᠳᠤ 3 ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠪᠠᠷᠤᠭ 15 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠬᠦᠷᠢᠶᠡᠨ᠎ᠳᠠᠬᠢ ᠬᠠᠮᠲᠤᠷᠠᠯᠴᠠᠭ᠎ᠠ ᠵᠢᠨ ᠲᠠᠯ᠎ᠠ᠎ᠪᠠᠷ᠂ ᠥᠪᠥᠷ ᠮᠣᠩᠭᠣᠯ᠎ᠤᠨ 1 ᠠᠵᠤ ᠠᠬᠤᠢ᠌ᠯᠠᠯ᠎ᠤᠨ ᠱᠧᠨᠵᠧᠨ᠎ᠤ ᠠᠷᠠᠯᠵᠢᠶᠠᠨ᠎ᠤ ᠭᠠᠵᠠᠷ᠎ᠲᠤ ᠰᠲ᠋ᠣᠺ ᠵᠶ᠋ᠡᠨ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠠᠬᠢᠭᠤᠯᠪᠠ᠃
ᠥᠪᠡᠷ᠎ᠢ᠎ᠪᠠᠨ ᠬᠦᠴᠦᠷᠬᠡᠭᠵᠢᠭᠦᠯᠵᠦ ᠪᠤᠰᠤᠳ᠎ᠢ ᠬᠠᠪᠰᠤᠷᠤᠨ ᠡᠶ᠎ᠡ ᠨᠠᠢ᠌ᠷᠲᠠᠢ ᠬᠠᠮᠲᠤ᠎ᠪᠠᠷ ᠣᠷᠣᠰᠢᠨ᠎ᠠ᠃ 2024 ᠣᠨ᠎ᠳᠤ᠂ ᠥᠪᠥᠷ ᠮᠣᠩᠭᠣᠯ ᠭᠠᠳᠠᠭ᠋ᠠᠳᠤ ᠨᠡᠭᠡᠭᠡᠯᠲᠡ ᠪᠣᠯᠣᠨ ᠣᠷᠣᠨ ᠪᠦᠰᠡ ᠵᠢᠨ ᠬᠠᠮᠲᠤᠷᠠᠯᠴᠠᠭ᠎ᠠ᠎ᠪᠠᠨ ᠲᠦᠷᠭᠡᠳᠬᠡᠵᠦ᠂ ᠰᠠᠨᠠᠭ᠋ᠠᠴᠢᠯᠠᠭ᠎ᠠ᠎ᠠᠴᠠ᠎ᠪᠠᠨ ᠨᠡᠭᠡᠭᠡᠯᠲᠡ ᠬᠢᠬᠦ ᠳᠤᠮᠳᠠ ᠥᠪᠥᠷ ᠮᠣᠩᠭᠣᠯ᠎ᠤᠨ 《ᠨᠠᠢ᠌ᠵᠠ ᠵᠢᠨ ᠲᠣᠭᠣᠷᠢᠭ》 ᠵᠶ᠋ᠡᠨ ᠥᠷᠭᠡᠳᠬᠡᠵᠦ᠂ ᠴᠢᠨᠠᠷ ᠰᠠᠢ᠌ᠲᠠᠢ ᠬᠥᠭᠵᠢᠯᠲᠡ ᠵᠢᠨ ᠵᠠᠮ ᠳᠡᠭᠡᠷ᠎ᠡ᠂ 《ᠰᠠᠢ᠌ᠨ ᠬᠠᠨᠢᠲᠠᠨ》 ᠶᠠᠪᠤᠬᠤ ᠲᠤᠲᠤᠮ ᠣᠯᠠᠰᠢᠷᠠᠵᠤ᠂ ᠬᠥᠭᠵᠢᠯᠲᠡ ᠵᠢᠨ ᠢᠷᠡᠭᠡᠳᠦᠢ ᠶᠠᠪᠤᠬᠤ ᠲᠤᠲᠤᠮ ᠭᠡᠭᠡᠨ ᠰᠠᠷᠠᠭᠤᠯ ᠪᠣᠯᠪᠠ᠃
2025 ᠣᠨ᠎ᠳᠤ᠂ ᠣᠷᠣᠰ ᠮᠣᠩᠭᠣᠯ ᠲᠡᠢ᠌ᠰᠢ ᠨᠡᠭᠡᠭᠡᠯᠲᠡ ᠬᠢᠬᠦ ᠵᠢ ᠤᠯᠠᠮ ᠨᠢᠭᠡ ᠠᠯᠬᠤᠮ ᠥᠷᠭᠡᠳᠬᠡᠬᠦ ᠲᠠᠯ᠎ᠠ᠎ᠪᠠᠷ᠂ ᠥᠪᠥᠷ ᠮᠣᠩᠭᠣᠯ ᠬᠢᠯᠢ ᠵᠢᠨ ᠠᠷᠠᠳ᠎ᠤᠨ ᠵᠠᠬ᠎ᠠ ᠵᠢᠨ ᠠᠷᠠᠯᠵᠢᠶ᠎ᠠ ᠵᠢᠨ ᠰᠠᠭᠤᠷᠢᠰᠢᠯ ᠡᠳ᠋ᠰᠢᠭᠦᠯᠦᠨ ᠪᠤᠯᠪᠠᠰᠤᠷᠠᠭᠤᠯᠬᠤ ᠵᠢ ᠦᠷᠭᠦᠯᠵᠢᠯᠡᠨ ᠰᠠᠢ᠌ᠲᠤᠷ ᠬᠢᠵᠦ᠂ ᠠᠷᠠᠯᠵᠢᠶᠠᠨ᠎ᠤ ᠬᠡᠪᠴᠢᠶ᠎ᠡ ᠵᠢ ᠦᠷᠭᠦᠯᠵᠢᠯᠡᠨ ᠥᠷᠭᠡᠳᠭᠡᠨ᠎ᠡ; ᠣᠷᠣᠰ ᠮᠣᠩᠭᠣᠯ᠎ᠯᠤᠭ᠎ᠠ ᠵᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠭᠠᠷ ᠳᠠᠮᠵᠢᠭᠰᠠᠨ ᠮᠠᠰᠢᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠲᠤᠬᠠᠢ᠌ᠯᠠᠭᠰᠠᠨ ᠠᠵᠢᠯ᠎ᠢ ᠥᠷᠭᠡᠳᠬᠡᠨ᠎ᠡ; 《ᠭᠠᠷ ᠲᠠᠮᠵᠢᠪᠠᠴᠤ ᠠᠰᠢᠭ ᠭᠦᠷᠳᠡᠭᠦ ᠦᠭᠡᠢ》 ᠠᠰᠠᠭᠤᠳᠠᠯ᠎ᠢ ᠨᠢᠭᠡ ᠴᠣᠭᠴᠠᠵᠢᠭᠤᠯᠤᠨ ᠠᠬᠢᠭᠤᠯᠵᠤ ᠰᠢᠢᠳᠪᠦᠷᠢᠯᠡᠨ᠎ᠡ; ᠣᠷᠣᠰ ᠮᠣᠩᠭᠣᠯ᠎ᠯᠤᠭ᠎ᠠ ᠵᠢᠨ ᠣᠯᠣᠯᠴᠠᠭ᠎ᠠ ᠵᠣᠬᠢᠴᠠᠭᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠠᠳᠠᠯᠢ ᠲᠡᠭᠰᠢ᠎ᠪᠠᠷ ᠬᠥᠭᠵᠢᠬᠦ ᠵᠢ ᠠᠭᠢᠭᠤᠯᠤᠨ᠎ᠠ; ᠥᠪᠥᠷ ᠮᠣᠩᠭᠣᠯ᠎ᠤᠨ ᠲᠠᠸᠠᠷ᠎ᠤᠨ ᠮᠣᠩᠭᠣᠯ ᠤᠯᠤᠰ᠎ᠤᠨ ᠵᠠᠬ᠎ᠠ ᠳᠡᠯᠭᠡᠭᠦᠷ᠎ᠲᠠᠬᠢ ᠬᠠᠩᠭ᠋ᠠᠯᠭ᠎ᠠ ᠵᠢ ᠨᠡᠮᠡᠭᠳᠡᠭᠦᠯᠦᠨ᠎ᠡ; ᠣᠷᠣᠰ ᠮᠣᠩᠭᠣᠯ᠎ᠤᠨ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠨ᠎ᠠ; ᠭᠠᠳᠠᠭ᠋ᠠᠳᠤ᠎ᠲᠠᠢ ᠬᠠᠮᠲᠤᠷᠠᠯᠴᠠᠨ ᠰᠣᠯᠢᠯᠴᠠᠭ᠎ᠠ ᠬᠢᠬᠦ ᠲᠠᠪᠴᠠᠩ᠎ᠢ ᠪᠠᠢ᠌ᠭᠤᠯᠤᠨ ᠰᠠᠢ᠌ᠲᠤᠷ ᠬᠡᠷᠡᠭᠯᠡᠵᠦ᠂ ᠣᠷᠣᠰ ᠮᠣᠩᠭᠣᠯ᠎ᠯᠤᠭ᠎ᠠ ᠵᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠦᠨ᠎ᠡ᠃ ᠣᠷᠣᠨ ᠪᠦᠰᠡ ᠵᠢᠨ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ ᠲᠠᠯ᠎ᠠ᠎ᠪᠠᠷ᠂ ᠥᠪᠥᠷ ᠮᠣᠩᠭᠣᠯ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠪᠠ ᠵᠡᠭᠦᠨ ᠬᠣᠢ᠌ᠲᠤ ᠵᠢᠨ ᠭᠤᠷᠪᠠᠨ ᠮᠤᠵᠢ ᠵᠡᠷᠭᠡ ᠭᠠᠵᠠᠷ ᠣᠷᠣᠨ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠡᠭᠡᠵᠢᠩ ᠥᠪᠥᠷ ᠮᠣᠩᠭᠣᠯ᠎ᠤᠨ ᠪᠦᠭᠦ ᠲᠠᠯ᠎ᠠ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠂ ᠥᠪᠥᠷ ᠮᠣᠩᠭᠣᠯ᠎ᠤᠨ ᠵᠡᠭᠦᠨ ᠳᠤᠮᠳᠠ ᠪᠠᠷᠠᠭᠤᠨ ᠬᠡᠰᠡᠭ᠎ᠤᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠵᠢ ᠠᠬᠢᠭᠤᠯᠤᠨ᠎ᠠ᠃
ᠵᠠᠭᠤᠨ ᠵᠢᠯ᠎ᠳᠤ ᠲᠤᠭᠢᠶᠯᠠᠳᠤᠭᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ ᠪᠠᠢ᠌ᠨ᠎ᠠ᠂ ᠴᠠᠭ ᠦᠶ᠎ᠡ ᠵᠢᠨ ᠰᠠᠯᠬᠢ ᠳᠠᠪᠠᠯᠭ᠋ᠠᠨ᠎ᠤ ᠡᠮᠦᠨ᠎ᠡ᠂ ᠥᠪᠥᠷ ᠮᠣᠩᠭᠣᠯ᠎ᠤᠨ ᠨᠡᠭᠡᠭᠡᠯᠲᠡ ᠬᠢᠬᠦ ᠡᠷᠡᠰ ᠵᠣᠷᠢᠭ ᠬᠤᠪᠢᠷᠠᠬᠤ ᠦᠭᠡᠢ᠂ ᠬᠠᠮᠲᠤᠷᠠᠯᠴᠠᠬᠤ ᠢᠲᠡᠭᠡᠯ ᠵᠣᠷᠢᠭ ᠪᠠᠭᠤᠷᠠᠬᠤ ᠦᠭᠡᠢ᠂ ᠤᠷᠤᠭᠰᠢᠯᠠᠯᠲᠠ ᠵᠢᠨ ᠠᠯᠬᠤᠭ᠎ᠠ ᠵᠣᠭᠰᠣᠰᠢ ᠦᠭᠡᠢ᠂ ᠡᠯ᠎ᠡ ᠲᠠᠯ᠎ᠠ ᠵᠢᠨ᠎ᠬᠢᠨ᠎ᠲᠠᠢ ᠨᠡᠩ ᠨᠢᠭᠲᠠᠷᠠᠨ ᠪᠦᠯᠬᠦᠮᠳᠡᠵᠦ᠂ ᠦᠷᠭᠦᠯᠵᠢᠯᠡᠨ ᠨᠡᠭᠡᠭᠡᠯᠲᠡ ᠬᠢᠬᠦ ᠰᠦᠷ ᠳᠠᠯᠠᠢ᠌ᠴᠠᠲᠠᠢ ᠥᠷᠭᠡᠨ ᠳᠠᠷᠳᠠᠩ ᠵᠠᠮ ᠵᠶ᠋ᠠᠷ᠂ ᠰᠠᠢ᠌ᠨ ᠰᠠᠢ᠌ᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠬᠤ ᠪᠣᠯᠣᠨ᠎ᠠ᠃