1 ᠰᠠᠷ᠎ᠠ ᠵᠢᠨ 13᠎ᠤ ᠡᠳᠦᠷ᠂ ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠡᠯ᠎ᠡ ᠵᠦᠢ᠍ᠯ᠎ᠤᠨ ᠪᠡᠯᠡᠳᠬᠡᠯ ᠠᠵᠢᠯ ᠨᠢᠭᠡᠨᠲᠡ ᠪᠡᠯᠡᠬᠡᠨ ᠪᠣᠯᠵᠤ᠂ 1 ᠰᠠᠷ᠎ᠠ ᠵᠢᠨ 14᠎ᠤ ᠡᠳᠦᠷ᠎ᠠᠴᠠ ᠭᠦᠭᠡᠬᠣᠲᠠ᠎ᠳᠤ ᠬᠤᠷᠠᠯᠳᠤᠨ᠎ᠠ᠂ ᠬᠤᠷᠠᠯ᠎ᠤᠨ ᠬᠤᠭᠤᠴᠠᠭ᠎ᠠ᠎ᠨᠢ 4 ᠡᠳᠦᠷ ᠪᠣᠯᠣᠨ᠎ᠠ᠃
ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ ᠪᠣᠯ ᠣᠷᠣᠨ ᠳᠠᠶᠠᠭ᠋ᠠᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ ᠪᠠᠢ᠌ᠭ᠎ᠠ ᠵᠠᠩᠭᠢᠯᠠᠭ᠎ᠠ ᠵᠢᠨ ᠦᠶ᠎ᠡ᠎ᠳᠤ ᠬᠤᠷᠠᠯᠳᠤᠬᠤ ᠨᠢᠭᠡ ᠤᠳᠠᠭ᠎ᠠ ᠵᠢᠨ ᠮᠠᠰᠢ ᠴᠢᠬᠤᠯᠠ ᠬᠤᠷᠠᠯ ᠪᠣᠯᠣᠨ᠎ᠠ᠂ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠤᠯᠤᠰ ᠲᠥᠷᠥ ᠵᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠪᠣᠯᠣᠨ᠎ᠠ᠃ ᠡᠨᠡ ᠤᠳᠠᠭ᠎ᠠ ᠵᠢᠨ ᠶᠡᠬᠡ ᠬᠤᠷᠠᠯ᠎ᠢ ᠰᠠᠢ᠌ᠲᠤᠷ ᠬᠤᠷᠠᠯᠳᠤᠬᠤ᠎ᠨᠢ ᠦᠵᠡᠯ ᠰᠠᠨᠠᠭ᠎ᠠ ᠵᠢ ᠤᠯᠠᠮ ᠨᠢᠭᠡ ᠠᠯᠬᠤᠮ ᠨᠢᠭᠡᠳᠬᠡᠵᠦ᠂ ᠬᠦᠴᠦᠨ ᠴᠢᠳᠠᠯ᠎ᠢ ᠨᠡᠩ ᠨᠢᠭᠲᠠᠷᠠᠭᠤᠯᠤᠨ᠂ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠲᠠᠢ᠌ᠴᠢᠯᠠᠨ ᠤᠶᠤᠨ ᠤᠬᠠᠭ᠋ᠠᠨ ᠪᠣᠯᠣᠨ ᠬᠦᠴᠦᠨ ᠴᠢᠳᠠᠯ ᠵᠢᠡᠨ ᠨᠠᠮ᠎ᠤᠨ ᠲᠥᠪ ᠬᠣᠷᠢᠶ᠎ᠠ ᠵᠢᠨ ᠴᠢᠭᠯᠡᠯᠲᠡ ᠲᠦᠷᠦ ᠵᠢᠨ ᠪᠣᠳᠣᠯᠭ᠎ᠠ ᠪᠣᠯᠣᠨ ᠠᠵᠢᠯ᠎ᠤᠨ ᠪᠠᠢ᠌ᠷᠢᠯᠠᠭᠤᠯᠤᠯᠲᠠ ᠳᠡᠭᠡᠷ᠎ᠡ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠭᠰᠠᠨ ᠬᠠᠷᠠᠯᠲᠠ ᠡᠭᠦᠷᠭᠡ ᠵᠢ ᠴᠢᠷᠮᠠᠢ᠌ᠨ ᠪᠡᠶᠡᠯᠡᠭᠦᠯᠬᠦ᠎ᠳᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠭᠡᠵᠦ ᠲᠠᠨᠢᠯᠴᠠᠭᠤᠯᠵᠠᠢ᠃

1 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠥᠪᠥᠷ ᠮᠣᠩᠭᠣᠯ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠶᠠᠪᠤᠭᠳᠠᠭᠤᠯᠪᠠ᠃ ᠰᠤᠷᠪᠤᠯᠵᠢᠯᠠᠭᠴᠢ ᠸᠠᠩ ᠰᠢᠶᠣᠣ ᠪᠦᠸᠸ ᠰᠡᠭᠦᠳᠡᠷᠯᠡᠪᠡ᠃
ᠡᠨᠡ ᠤᠳᠠᠭ᠎ᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠢ ᠰᠠᠢ᠌ᠲᠤᠷ ᠤᠬᠠᠭᠤᠯᠤᠨ ᠮᠡᠳᠡᠭᠡᠯᠡᠬᠦ᠎ᠳᠡᠭᠡᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠭᠤᠯᠤᠯ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠡᠷᠭᠡ ᠭᠤᠷᠪᠠᠨ ᠲᠠᠯ᠎ᠠ ᠵᠢᠨ ᠲᠣᠭᠣᠷᠢᠨ᠎ᠳᠤ ᠮᠡᠳᠡᠭᠡᠯᠡᠵᠦ ᠪᠣᠯᠣᠨ᠎ᠠ᠃ ᠥᠩᠭᠡᠷᠡᠭᠰᠡᠨ ᠨᠢᠭᠡ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠣᠣᠯ ᠠᠵᠢᠯ ᠶᠡᠬᠡ ᠲᠠᠯ᠎ᠠ᠎ᠲᠠᠢ ᠨᠢᠭᠲᠠ ᠤᠶᠠᠯᠳᠤᠭᠤᠯᠤᠨ᠂ ᠦᠨᠳᠦᠰᠦᠨ ᠬᠠᠤᠯᠢ ᠬᠠᠤᠯᠢ ᠴᠠᠭ᠋ᠠᠵᠠ᠎ᠠᠴᠠ ᠣᠯᠭᠣᠭᠰᠠᠨ ᠲᠤᠰᠢᠶᠠᠯ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ᠂ ᠮᠠᠰᠢ ᠣᠯᠠᠨ ᠭᠣᠣᠯᠳᠠᠯᠭ᠎ᠠ᠎ᠲᠠᠢ ᠭᠢᠯᠠᠰ ᠴᠡᠭ ᠪᠦᠬᠦᠢ ᠠᠵᠢᠯ᠎ᠢ ᠥᠷᠨᠢᠭᠦᠯᠪᠡ᠃ ᠪᠦᠭᠦ ᠵᠢᠯ᠎ᠳᠤ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ 9 ᠬᠤᠪᠢ ᠲᠣᠭᠲᠠᠭ᠋ᠠᠵᠤ᠂ 16 ᠬᠤᠪᠢ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠤᠯᠭ᠋ᠠᠵᠤ᠂ 76 ᠬᠤᠪᠢ ᠬᠠᠤᠯᠢ ᠲᠣᠭᠲᠠᠭ᠋ᠠᠯ᠎ᠢ ᠬᠢᠨᠠᠨ ᠪᠠᠢ᠌ᠴᠠᠭ᠋ᠠᠵᠤ ᠵᠥᠪᠰᠢᠶᠡᠷᠡᠪᠡ᠃ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ 6 ᠤᠳᠠᠭ᠎ᠠ ᠵᠣᠬᠢᠶᠠᠨ ᠪᠠᠢ᠌ᠭᠤᠯᠵᠤ᠂ 42 ᠵᠦᠢ᠍ᠯ᠎ᠤᠨ ᠲᠤᠰᠬᠠᠢ ᠠᠵᠢᠯ᠎ᠤᠨ ᠮᠡᠳᠡᠭᠦᠯᠦᠯᠲᠡ ᠵᠢ ᠰᠣᠨᠣᠰᠤᠨ ᠬᠢᠨᠠᠨ ᠵᠥᠪᠯᠡᠵᠦ᠂ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ᠎ᠢ ᠥᠷᠨᠢᠭᠦᠯᠵᠦ᠂ ᠬᠠᠨᠤᠮᠵᠢ ᠵᠢᠨ ᠬᠡᠮᠵᠢᠶ᠎ᠡ ᠵᠢᠨ ᠰᠢᠯᠭ᠋ᠠᠨ ᠦᠨᠡᠯᠡᠯᠲᠡ ᠵᠢ 5 ᠤᠳᠠᠭ᠎ᠠ ᠬᠢᠵᠦ᠂ 6 ᠬᠤᠪᠢ ᠲᠣᠭᠲᠠᠭ᠋ᠠᠯ᠂ ᠰᠢᠢ᠍ᠳᠪᠦᠷᠢ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠶᠡᠬᠡ ᠲᠠᠯ᠎ᠠ᠎ᠳᠤ ᠬᠠᠤᠯᠢ᠎ᠪᠠᠷ ᠵᠠᠰᠠᠬᠤ ᠴᠢᠬᠤᠯᠠ ᠪᠠᠲᠤᠯᠠᠭ᠎ᠠ ᠬᠠᠩᠭ᠋ᠠᠪᠠ᠃ ᠨᠢᠭᠡ ᠵᠢᠯ᠎ᠤᠨ ᠲᠤᠷᠰᠢ᠂ ᠪᠦᠭᠦ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠤᠬᠠᠢ᠌ᠯᠠᠭᠰᠠᠨ ᠠᠵᠢᠯ᠎ᠳᠠᠭᠠᠨ ᠰᠠᠭᠤᠷᠢᠯᠠᠵᠤ᠂ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯ ᠳᠠᠢ᠌ᠯᠠᠯᠳᠤᠭ᠋ᠠᠨ᠎ᠤ ᠲᠠᠯᠠᠪᠤᠷ᠂ ᠨᠢᠭᠡᠳᠦᠭᠡᠷ ᠹᠷᠣᠨᠲ᠎ᠲᠤ ᠢᠳᠡᠪᠬᠢᠲᠡᠢ ᠣᠷᠣᠯᠴᠠᠵᠤ᠂ ᠨᠠᠮ ᠪᠣᠯᠣᠨ ᠲᠥᠷᠥ ᠵᠢᠨ ᠪᠠᠢ᠌ᠭᠤᠯᠭ᠎ᠠ ᠵᠢᠨ ᠠᠷᠠᠳ ᠣᠯᠠᠨ᠎ᠲᠠᠢ ᠬᠠᠷᠢᠯᠴᠠᠬᠤ ᠬᠥᠭᠥᠷᠭᠡ ᠬᠣᠯᠪᠣᠭ᠋ᠠᠰᠤ ᠪᠣᠯᠵᠤ᠂ ᠨᠠᠮ᠎ᠤᠨ ᠴᠢᠭᠯᠡᠯᠲᠡ ᠲᠥᠷᠥ ᠵᠢᠨ ᠪᠣᠳᠣᠯᠭ᠎ᠠ ᠪᠣᠯᠣᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠥᠷᠭᠡᠨ ᠵᠶ᠋ᠡᠷ ᠤᠬᠠᠭᠤᠯᠵᠤ᠂ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠨ ᠲᠤᠰᠬᠠᠵᠤ᠂ ᠬᠠᠤᠯᠢ ᠲᠣᠭᠲᠠᠭ᠋ᠠᠬᠤ᠂ ᠬᠢᠨᠠᠯᠲᠠ ᠲᠠᠯᠪᠢᠬᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠣᠯᠠᠨ ᠲᠦᠮᠡᠨ᠎ᠲᠠᠢ ᠣᠢ᠌ᠷᠠᠲᠤᠭᠰᠠᠨ᠂ ᠦᠨᠡᠨ ᠬᠦ᠌ ᠲᠤᠰᠠᠲᠠᠢ ᠮᠠᠰᠢ ᠣᠯᠠᠨ ᠰᠠᠨᠠᠯ ᠰᠠᠨᠠᠭᠤᠯᠭ᠎ᠠ ᠵᠢ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ᠎ᠳᠤ ᠴᠢᠬᠤᠯᠠ ᠬᠦᠴᠦᠨ ᠴᠢᠳᠠᠯ ᠵᠶ᠋ᠠᠨ ᠡᠷᠭᠦᠪᠡ᠃
ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ᠂ ᠲᠣᠰ ᠤᠳᠠᠭ᠎ᠠ ᠵᠢᠨ ᠶᠡᠬᠡ ᠬᠤᠷᠠᠯ᠎ᠳᠤ ᠨᠡᠢ᠌ᠲᠡ 4 ᠤᠳᠠᠭ᠎ᠠ ᠵᠢᠨ ᠪᠦᠭᠦᠳᠡ ᠬᠤᠷᠠᠯ᠂ 3 ᠤᠳᠠᠭ᠎ᠠ ᠵᠢᠨ ᠲᠡᠷᠢᠭᠦᠯᠡᠭᠴᠢᠳ᠎ᠤᠨ ᠪᠦᠯᠭᠦᠮ᠎ᠤᠨ ᠬᠤᠷᠠᠯ᠂ 5 ᠤᠳᠠᠭ᠎ᠠ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠤᠷᠠᠯ᠎ᠢ ᠲᠣᠬᠢᠷᠠᠭᠤᠯᠵᠤ᠂ ᠵᠥᠪᠯᠡᠬᠦ ᠵᠦᠢ᠍ᠯ 8 ᠪᠤᠢ᠃ ᠭᠣᠣᠯ ᠵᠥᠪᠯᠡᠬᠦ ᠵᠦᠢ᠍ᠯᠡᠰ ᠪᠣᠯ᠄ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠂ ᠲᠥᠯᠥᠪᠯᠡᠭᠡ ᠵᠢᠨ ᠮᠡᠳᠡᠭᠦᠯᠦᠯᠲᠡ᠂ ᠲᠥᠰᠥᠪ᠎ᠤᠨ ᠮᠡᠳᠡᠭᠦᠯᠦᠯᠲᠡ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠣᠨ ᠰᠢᠭᠦᠬᠦ ᠬᠣᠷᠢᠶ᠎ᠠ ᠪᠠᠢ᠌ᠴᠠᠭ᠋ᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠵᠡᠷᠭᠡ 6 ᠵᠦᠢ᠍ᠯ᠎ᠤᠨ ᠮᠡᠳᠡᠭᠦᠯᠦᠯᠲᠡ ᠵᠢ ᠬᠢᠨᠠᠨ ᠵᠥᠪᠯᠡᠬᠦ (ᠬᠢᠨᠠᠨ ᠪᠠᠢ᠌ᠴᠠᠭ᠋ᠠᠬᠤ) ᠪᠠ ᠵᠥᠪᠰᠢᠶᠡᠷᠡᠵᠦ᠂ ᠬᠡᠰᠡᠭ ᠲᠤᠰᠬᠠᠢ ᠵᠥᠪᠯᠡᠯ᠎ᠤᠨ ᠡᠷᠭᠢᠯᠡᠭᠴᠢ ᠭᠡᠰᠢᠭᠦᠨ᠎ᠤ ᠨᠡᠷᠡᠰ᠎ᠢ ᠪᠠᠲᠤᠯᠠᠵᠤ᠂ ᠰᠣᠩᠭᠣᠭᠤᠯᠢ ᠵᠢᠨ ᠵᠦᠢ᠍ᠯᠡᠰ ᠵᠡᠷᠭᠡ ᠵᠢ ᠪᠡᠶᠡᠯᠡᠭᠦᠯᠦᠨ᠎ᠡ ᠭᠡᠵᠦ ᠲᠠᠨᠢᠯᠴᠠᠭᠤᠯᠪᠠ᠃
ᠲᠤᠰ ᠤᠳᠠᠭ᠎ᠠ ᠵᠢᠨ ᠶᠡᠬᠡ ᠬᠤᠷᠠᠯ᠎ᠳᠤ ᠨᠠᠷᠢᠨ ᠪᠢᠴᠢᠭ᠎ᠤᠨ ᠭᠠᠵᠠᠷ ᠲᠣᠬᠢᠷᠠᠭᠤᠯᠪᠠ᠃ ᠨᠠᠷᠢᠨ ᠪᠢᠴᠢᠭ᠎ᠤᠨ ᠭᠠᠵᠠᠷ᠎ᠲᠤ ᠬᠤᠷᠠᠯ᠎ᠤᠨ ᠶᠠᠪᠤᠳᠠᠯ᠎ᠤᠨ ᠳᠤᠭᠤᠢ᠌ᠯᠠᠩ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠢ᠌ᠯᠠᠩ᠂ ᠲᠣᠪᠴᠢ ᠮᠡᠳᠡᠭᠡᠨ᠎ᠤ ᠳᠤᠭᠤᠢ᠌ᠯᠠᠩ᠂ ᠵᠣᠬᠢᠶᠠᠨ ᠪᠠᠢ᠌ᠭᠤᠯᠬᠤ ᠳᠤᠭᠤᠢ᠌ᠯᠠᠩ᠂ ᠤᠬᠠᠭᠤᠯᠬᠤ ᠳᠤᠭᠤᠢ᠌ᠯᠠᠩ᠂ ᠠᠮᠤᠷ᠎ᠢ ᠬᠠᠮᠠᠭ᠋ᠠᠯᠠᠬᠤ ᠳᠤᠭᠤᠢ᠌ᠯᠠᠩ᠂ ᠶᠡᠷᠦᠩᠬᠡᠢ ᠶᠠᠪᠤᠳᠠᠯ᠎ᠤᠨ ᠳᠤᠭᠤᠢ᠌ᠯᠠᠩ᠂ ᠰᠠᠨᠠᠯ ᠵᠥᠪᠯᠡᠯᠭᠡ ᠰᠠᠨᠠᠭᠤᠯᠭ᠎ᠠ ᠵᠢᠨ ᠳᠤᠭᠤᠢ᠌ᠯᠠᠩ᠂ ᠬᠤᠷᠠᠯ᠎ᠤᠨ ᠰᠤᠷᠲᠠᠯ ᠬᠤᠷᠠᠯ᠎ᠤᠨ ᠰᠠᠬᠢᠯᠭ᠎ᠠ ᠪᠠᠲᠤ᠎ᠳᠤ ᠬᠢᠨᠠᠯᠲᠠ ᠲᠠᠯᠪᠢᠬᠤ ᠳᠤᠭᠤᠢ᠌ᠯᠠᠩ᠂ ᠡᠮᠴᠢᠯᠡᠭᠡᠨ᠎ᠤ ᠪᠠᠲᠤᠯᠠᠭ᠎ᠠ ᠵᠢᠨ ᠳᠤᠭᠤᠢ᠌ᠯᠠᠩ ᠵᠡᠷᠭᠡ 10 ᠳᠤᠭᠤᠢ᠌ᠯᠠᠩ ᠲᠣᠬᠢᠷᠠᠭᠤᠯᠵᠤ᠂ ᠶᠡᠬᠡ ᠬᠤᠷᠠᠯ᠎ᠤᠨ ᠡᠯ᠎ᠡ ᠵᠦᠢ᠍ᠯ᠎ᠤᠨ ᠵᠣᠬᠢᠶᠠᠨ ᠪᠠᠢ᠌ᠭᠤᠯᠵᠤ ᠦᠢ᠍ᠯᠡᠴᠢᠯᠡᠬᠦ ᠠᠵᠢᠯ᠎ᠢ ᠲᠣᠰ ᠲᠣᠰ ᠬᠠᠷᠢᠭᠤᠴᠠᠨ᠎ᠠ᠃
ᠲᠣᠰ ᠤᠳᠠᠭ᠎ᠠ ᠵᠢᠨ ᠶᠡᠬᠡ ᠬᠤᠷᠠᠯ᠎ᠤᠨ ᠬᠤᠭᠤᠴᠠᠭ᠋ᠠᠨ᠎ᠳᠤ᠂ ᠡᠯ᠎ᠡ ᠬᠣᠯᠪᠣᠭᠳᠠᠯ ᠪᠦᠬᠦᠢ ᠲᠠᠯ᠎ᠠ ᠵᠢᠨ᠎ᠬᠢᠨ ᠬᠤᠷᠠᠯ᠎ᠤᠨ ᠲᠠᠰ ᠳᠠᠷᠠᠭ᠋ᠠᠯᠠᠯ᠎ᠳᠠᠬᠢ 《ᠠᠵᠢᠯᠲᠠᠨ᠎ᠤ ᠳᠦᠷᠢᠮ》᠂ 《ᠬᠤᠷᠠᠯ᠎ᠤᠨ ᠡᠷᠬᠡᠪᠰᠢ ᠮᠡᠳᠡᠬᠦ ᠵᠦᠢ᠍ᠯ》᠂ 《ᠨᠢᠭᠤᠴᠠ ᠵᠢ ᠬᠠᠮᠠᠭ᠋ᠠᠯᠠᠬᠤ ᠲᠤᠬᠠᠢ ᠡᠷᠬᠡᠪᠰᠢ ᠮᠡᠳᠡᠬᠦ ᠵᠦᠢ᠍ᠯ》᠂ 《ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠡᠷᠬᠡᠪᠰᠢ ᠮᠡᠳᠡᠬᠦ ᠵᠦᠢ᠍ᠯ》 ᠵᠡᠷᠭᠡ ᠲᠣᠭᠲᠠᠭ᠋ᠠᠯ᠎ᠢ ᠨᠠᠷᠢᠨ ᠬᠢᠨᠠᠮᠠᠭ᠋ᠠᠢ ᠤᠩᠰᠢᠵᠤ᠂ ᠱᠠᠭ᠋ᠠᠷᠳᠠᠯᠭ᠎ᠠ ᠶᠣᠰᠣᠭ᠋ᠠᠷ ᠠᠵᠢᠯ ᠵᠶ᠋ᠠᠨ ᠰᠠᠢ᠌ᠲᠤᠷ ᠬᠢᠬᠦ ᠬᠡᠷᠡᠭᠲᠡᠢ᠃ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠢ ᠴᠢᠩᠭ᠎ᠠ ᠵᠢᠷᠤᠮᠯᠠᠨ᠂ ᠬᠤᠷᠠᠯ᠎ᠤᠨ ᠮᠠᠲ᠋ᠧᠷᠢᠶᠠᠯ ᠪᠤᠶᠤ ᠢᠯᠡ ᠨᠡᠢ᠌ᠲᠡᠯᠡᠭᠡᠳᠦᠢ ᠮᠡᠳᠡᠭᠡ ᠵᠠᠩᠭᠢ ᠵᠢ ᠶᠠᠮᠠᠷᠪᠠ ᠭᠡᠯᠪᠡᠷᠢ᠎ᠪᠠᠷ ᠭᠠᠳᠠᠭᠰᠢ ᠲᠠᠷᠬᠠᠭ᠋ᠠᠬᠤ ᠵᠢ ᠴᠠᠭ᠋ᠠᠵᠠᠯᠠᠨ᠎ᠠ᠃ ᠡᠯ᠎ᠡ ᠰᠣᠨᠢᠨ ᠮᠡᠳᠡᠭᠡᠨ᠎ᠤ ᠵᠠᠭᠤᠴᠢᠯᠠᠭᠤᠷ᠎ᠤᠳ ᠬᠤᠷᠠᠯ᠎ᠤᠨ ᠤᠬᠠᠭᠤᠯᠤᠨ ᠮᠡᠳᠡᠭᠡᠯᠡᠬᠦ ᠲᠥᠰᠥᠯ᠎ᠤᠨ ᠲᠣᠬᠢᠷᠠᠭᠤᠯᠤᠯᠲᠠ ᠶᠣᠰᠣᠭ᠋ᠠᠷ᠂ ᠤᠬᠠᠭᠤᠯᠤᠨ ᠮᠡᠳᠡᠭᠡᠯᠡᠬᠦ ᠠᠵᠢᠯ᠎ᠢ ᠢᠳᠡᠪᠬᠢᠲᠡᠢ ᠯᠠᠪᠳᠠᠭᠤᠨ ᠵᠶ᠋ᠠᠷ ᠰᠠᠢ᠌ᠲᠤᠷ ᠬᠢᠵᠦ᠂ ᠤᠳᠠᠭ᠋ᠠᠰᠢᠷᠠᠭᠤᠯᠬᠤ ᠦᠭᠡᠢ᠂ ᠤᠷᠢᠲᠠᠬᠤ ᠦᠭᠡᠢ᠂ ᠣᠷᠬᠢᠭᠳᠠᠭᠤᠯᠬᠤ ᠦᠭᠡᠢ᠂ ᠪᠤᠷᠤᠭᠤᠳᠠᠬᠤ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ᠃ ᠡᠯ᠎ᠡ ᠵᠠᠭᠤᠴᠢᠯᠠᠭᠤᠷ᠎ᠤᠨ ᠨᠢᠭᠡᠴᠢ ᠤᠯᠤᠰ ᠲᠦᠷᠦ ᠵᠢᠨ ᠪᠣᠭᠣᠮᠲᠠ᠂ ᠲᠦᠷᠦ ᠵᠢᠨ ᠪᠣᠳᠣᠯᠭ᠎ᠠ ᠵᠢᠨ ᠪᠣᠭᠣᠮᠲᠠ᠂ ᠦᠰᠦᠭ ᠪᠢᠴᠢᠭ᠎ᠤᠨ ᠪᠣᠭᠣᠮᠲᠠ ᠵᠢ ᠰᠠᠢ᠌ᠲᠤᠷ ᠰᠠᠬᠢᠵᠤ᠂ ᠬᠣᠶᠠᠷ ᠬᠤᠷᠠᠯ᠎ᠤᠨ ᠦᠯᠢᠭᠡᠷ᠎ᠢ ᠰᠠᠢ᠌ᠲᠤᠷ ᠶᠠᠷᠢᠵᠤ᠂ ᠢᠲᠡᠭᠡᠯ ᠬᠦᠴᠦᠨ᠎ᠢ ᠳᠠᠮᠵᠢᠭᠤᠯᠵᠤ᠂ ᠥᠪᠥᠷ ᠮᠣᠩᠭᠣᠯ᠎ᠤᠨ ᠬᠥᠭᠵᠢᠯᠲᠡ ᠵᠢᠨ ᠠᠮᠵᠢᠯᠲᠠ ᠪᠦᠲᠦᠮᠵᠢ ᠪᠣᠯᠣᠨ ᠡᠷᠡᠮᠡᠬᠡᠢ᠌ᠯᠡᠨ ᠳᠠᠪᠰᠢᠵᠤ ᠪᠠᠢ᠌ᠭ᠎ᠠ ᠬᠥᠭᠵᠢᠯᠲᠡ ᠵᠢᠨ ᠬᠠᠨᠳᠤᠰᠢ ᠵᠢ ᠭᠦᠢ᠍ᠴᠡᠳ ᠢᠯᠡᠷᠡᠭᠦᠯᠬᠦ ᠬᠡᠷᠡᠭᠲᠡᠢ ᠭᠡᠵᠦ ᠰᠠᠨᠠᠭᠤᠯᠵᠤ ᠪᠠᠢ᠌ᠨ᠎ᠠ᠃