2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
ᠥᠪᠥᠷ ᠮᠣᠩᠭᠣᠯ ᠰᠢᠨ᠎ᠡ ᠵᠢ ᠡᠭᠦᠳᠬᠦ ᠪᠦᠲᠦᠭᠡᠯᠴᠢ ᠬᠥᠭᠵᠢᠯᠲᠡ ᠵᠢᠨ ᠰᠢᠨ᠎ᠡ ᠲᠥᠰᠥᠪ᠎ᠢ ᠵᠢᠷᠤᠭᠯᠠᠯ᠎ᠠ
ᠨᠡᠶ᠋ᠢᠲᠡᠯᠡᠭᠰᠡᠨ ᠴᠠᠭ᠄ 2025-01-15

 

       ᠪᠦᠭᠦ ᠪᠥᠮᠪᠥᠷᠴᠡᠭ᠎ᠲᠤ ᠨᠡᠭᠦᠷᠡᠰᠦ ᠤᠰᠤᠲᠥ᠋ᠷᠥᠭᠴᠢ ᠵᠢ ᠤᠷᠪᠠᠯ ᠡᠭᠦᠰᠬᠡᠵᠦ ᠬᠡᠢ᠌ᠵᠢᠭᠦᠯᠬᠦ ᠮᠡᠷᠭᠡᠵᠢᠯ᠎ᠢ ᠠᠩᠬ᠎ᠠ ᠤᠳᠠᠭ᠎ᠠ ᠡᠭᠦᠳᠴᠦ᠂ ᠬᠠᠮᠤᠭ᠎ᠤᠨ ᠶᠡᠬᠡ ᠪᠠᠭᠲᠠᠭ᠋ᠠᠮᠵᠢ᠎ᠲᠠᠢ ᠲᠣᠣᠷ ᠪᠦᠲᠦᠭᠡᠬᠦ ᠭᠡᠯᠪᠡᠷᠢ ᠵᠢᠨ ᠡᠨᠧᠷᠭᠢ ᠨᠥᠭᠡᠴᠡᠯᠡᠬᠦ ᠦᠯᠢᠭᠡᠷ ᠮᠠᠰᠢᠨ᠎ᠢ ᠠᠮᠵᠢᠯᠲᠠ᠎ᠲᠠᠢ ᠠᠵᠢᠯᠯᠠᠭᠤᠯᠪᠠ; ᠪᠦᠭᠦ ᠤᠯᠤᠰ᠎ᠤᠨ ᠠᠩᠬᠠᠳᠠᠭᠴᠢ ᠰᠠᠭᠤᠷᠢ 《ᠨᠡᠭᠦᠷᠡᠰᠦᠲᠥ᠋ᠷᠥᠭᠴᠢ ᠦᠭᠡᠢ》 ᠬᠦᠨᠳᠦ ᠭᠡᠯᠪᠡᠷᠢ ᠵᠢᠨ ᠠᠭᠤᠷᠬᠠᠢ᠎ᠳᠤ ᠬᠡᠷᠡᠭᠯᠡᠬᠦ ᠠᠴᠢᠶᠠᠨ᠎ᠤ ᠮᠠᠰᠢᠨ ᠲᠡᠷᠭᠡ᠂ ᠠᠩᠬᠠᠳᠠᠭᠴᠢ ᠵᠤᠷᠪᠤᠰ ᠤᠰᠤᠲᠥ᠋ᠷᠥᠭᠴᠢ ᠬᠣᠯᠢᠬᠤ ᠥᠨᠳᠥᠷ ᠬᠦᠴᠦᠳᠡᠯᠲᠦ ᠣᠷᠳᠣ ᠳᠠᠮᠵᠢᠭᠤᠯᠬᠤ ᠬᠣᠭᠣᠯᠠᠢ᠂ ᠡᠨᠧᠷᠭᠢ ᠵᠢᠨ ᠬᠦᠷᠢᠶᠡᠨ᠎ᠳᠠᠬᠢ 3 ᠵᠦᠢ᠍ᠯ᠎ᠤᠨ ᠠᠩᠬᠠᠳᠠᠭᠴᠢ ᠰᠠᠭᠤᠷᠢ (ᠢᠵᠢ) ᠴᠢᠬᠤᠯᠠ ᠶᠡᠬᠡ ᠮᠡᠷᠭᠡᠵᠢᠯ᠎ᠤᠨ ᠲᠣᠨᠣᠭᠯᠠᠯ᠎ᠢ ᠥᠪᠥᠷ ᠮᠣᠩᠭᠣᠯ᠎ᠳᠤ ᠰᠤᠳᠤᠯᠤᠨ ᠨᠡᠭᠡᠭᠡᠵᠦ ᠭᠡᠷᠡᠭᠯᠡᠪᠡ; ᠬᠣᠪᠣᠷ ᠰᠢᠷᠣᠢ ᠵᠢᠨ ᠪᠤᠳᠤᠭᠲᠤ ᠳᠡᠯᠭᠡᠴᠡ᠂ ᠭᠡᠲᠦ ᠰᠣᠷᠢᠨᠵᠢᠨᠲᠤ ᠰᠤᠨᠵᠤ ᠠᠪᠴᠢᠭᠤᠯᠬᠤ ᠮᠠᠲ᠋ᠧᠷᠢᠶᠠᠯ᠂ ᠰᠦᠨ ᠬᠦᠴᠢᠯ᠎ᠤᠨ ᠪᠠᠺᠲ᠋ᠧᠷᠢ ᠵᠢᠨ ᠳᠣᠣᠷ᠎ᠠ ᠳᠤᠯᠠᠭ᠋ᠠᠨ᠎ᠤ ᠮᠠᠨᠠᠨᠲᠤ ᠰᠦᠷᠴᠢᠭᠦᠷ ᠮᠡᠷᠭᠡᠵᠢᠯ ᠵᠡᠷᠭᠡ ᠵᠠᠩᠭᠢᠯᠠᠭ᠎ᠠ ᠵᠢᠨ ᠮᠡᠷᠭᠡᠵᠢᠯ᠎ᠢ ᠠᠵᠤ ᠦᠢ᠍ᠯᠡᠰᠵᠢᠭᠦᠯᠦᠨ ᠨᠠᠢ᠌ᠳᠠᠪᠤᠷᠢᠵᠢᠭᠤᠯᠪᠠ ᠁ 2024 ᠣᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》᠎ᠪᠠᠷ ᠪᠦᠭᠦ ᠲᠠᠯ᠎ᠠ᠎ᠪᠠᠷ ᠰᠢᠨ᠎ᠡ ᠵᠢ ᠡᠭᠦᠳᠬᠦ ᠵᠢ ᠶᠡᠷᠦᠩᠬᠡᠢ᠌ᠯᠡᠨ ᠵᠢᠯᠤᠭᠣᠳᠴᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠡᠭᠦᠳᠴᠦ᠂ ᠥᠪᠥᠷ ᠮᠣᠩᠭᠣᠯ ᠥᠪᠡᠷᠮᠢᠴᠡ ᠣᠨᠴᠠᠯᠢᠭ ᠪᠦᠬᠦᠢ ᠣᠷᠣᠨ ᠪᠦᠰᠡ ᠵᠢᠨ ᠰᠢᠨ᠎ᠡ ᠵᠢ ᠡᠭᠦᠳᠬᠦ ᠵᠠᠮ᠎ᠢ ᠨᠡᠭᠡᠭᠡᠪᠡ᠃

       ᠡᠨᠡ ᠬᠡᠳᠦᠨ ᠡᠳᠦᠷ ᠬᠣᠷᠢᠨᠭᠡᠷ ᠰᠢᠨ᠎ᠡ ᠲᠣᠭᠣᠷᠢᠭ᠎ᠲᠤ ᠪᠠᠢ᠌ᠷᠢᠯᠠᠵᠤ ᠪᠠᠢ᠌ᠭ᠎ᠠ ᠶᠡᠷᠦᠩᠬᠡᠢ ᠪᠡᠯᠡ ᠣᠷᠣᠭᠤᠯᠤᠯᠲᠠ᠎ᠨᠢ ᠪᠠᠷᠤᠭ 12.5 ᠳ᠋ᠦᠩᠰᠢᠭᠤᠷ ᠲᠥᠭᠥᠷᠢᠭ᠎ᠤᠨ ᠶᠠᠭ ᠢᠳᠡ ᠭᠦᠭ᠎ᠲᠠᠢ ᠪᠦᠲᠦᠭᠡᠨ ᠪᠠᠢ᠌ᠭᠤᠯᠵᠤ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ ᠪᠤᠯᠬᠤ 《ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠠᠯᠭ᠋ᠠᠰᠠᠯ ᠬᠡᠮᠵᠢᠯᠲᠡ ᠵᠢᠨ ᠰᠠᠭᠤᠷᠢ ᠪᠠᠷᠢᠮᠵᠢᠶᠠᠲᠤ ᠶᠡᠬᠡ ᠰᠢᠨᠵᠢᠯᠡᠬᠦ ᠤᠬᠠᠭ᠋ᠠᠨ᠎ᠤ ᠲᠣᠨᠣᠭ ᠲᠥᠬᠦᠭᠡᠷᠦᠮᠵᠢ ᠬᠢᠭᠡᠳ ᠳᠡᠭᠡᠳᠦ ᠴᠢᠳᠠᠪᠬᠢᠲᠤ ᠭᠡᠷᠡᠯ ᠰᠠᠷᠠᠯᠵᠢ ᠵᠢᠨ ᠠᠵᠤ ᠦᠢ᠍ᠯᠡᠰᠵᠢᠯᠲᠡ ᠵᠢᠨ ᠲᠥᠷᠥᠯ ᠵᠦᠢ᠍ᠯ》᠎ᠤᠨ ᠠᠵᠢᠯᠲᠠᠳ ᠶᠠᠭ ᠳᠠᠭᠤᠷᠢᠶᠠᠮᠠᠯ ᠲᠣᠨᠣᠭ ᠲᠥᠬᠦᠭᠡᠷᠦᠮᠵᠢ ᠵᠢ ᠲᠤᠷᠰᠢᠨ ᠦᠢ᠍ᠯᠡᠳᠬᠦ ᠠᠵᠢᠯ᠎ᠢ ᠥᠷᠨᠢᠭᠦᠯᠵᠦ ᠪᠤᠶ᠃

       ᠲᠥᠷᠥᠯ ᠵᠦᠢ᠍ᠯ᠎ᠨᠢ ᠰᠢ ᠠᠨ᠎ᠤ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ᠂ ᠳᠤᠮᠳᠠᠳᠤ ᠤᠯᠤᠰ᠎ᠤᠨ ᠬᠡᠮᠵᠢᠯᠲᠡ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠪᠣᠯᠣᠨ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ ᠵᠡᠷᠭᠡ ᠤᠯᠤᠰ᠎ᠤᠨ ᠳᠣᠲᠣᠭ᠋ᠠᠳᠤ ᠵᠢᠨ ᠤᠯᠠᠨ ᠳᠠᠪᠠᠭᠤᠯᠢᠭ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠦᠯᠭᠦᠮ᠎ᠤᠨ ᠠᠵᠢᠯ ᠲᠦᠷᠦᠯ᠎ᠤᠨ ᠣᠷᠣᠢ᠌ᠯᠠᠭᠰᠠᠨ ᠴᠢᠳᠠᠪᠤᠷᠢᠲᠠᠨ᠎ᠢ ᠲᠥᠪᠯᠡᠷᠡᠭᠦᠯᠵᠦ᠂ ᠤᠯᠤᠰ᠎ᠤᠨ ᠳᠣᠲᠣᠭ᠋ᠠᠳᠤ ᠵᠢᠨ ᠠᠩᠬᠠᠳᠠᠭᠴᠢ ᠳᠡᠯᠡᠬᠡᠢ ᠵᠢᠨ ᠲᠡᠷᠢᠭᠦᠨ᠎ᠤ ᠲᠦᠪᠰᠢᠨ ᠵᠶ᠋ᠡᠷ ᠪᠠᠷᠢᠮᠵᠢᠶᠠᠯᠠᠬᠰᠠᠨ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠠᠯᠭ᠋ᠠᠰᠠᠯ ᠬᠡᠮᠵᠢᠯᠲᠡ ᠵᠢᠨ ᠰᠠᠭᠤᠷᠢ ᠪᠠᠷᠢᠮᠵᠢᠶᠠᠲᠤ ᠲᠣᠮᠣ ᠰᠢᠨᠵᠢᠯᠡᠬᠦ ᠤᠬᠠᠭ᠋ᠠᠨ᠎ᠤ ᠲᠣᠨᠣᠭ ᠲᠥᠬᠦᠭᠡᠷᠦᠮᠵᠢ ᠵᠢ ᠪᠦᠲᠦᠭᠡᠨ ᠪᠠᠢ᠌ᠭᠤᠯᠬᠤ᠎ᠪᠠᠷ ᠴᠢᠷᠮᠠᠢ᠌ᠵᠤ ᠪᠤᠢ᠃ 《ᠥᠨᠳᠥᠷ ᠴᠢᠳᠠᠪᠬᠢᠲᠤ ᠭᠡᠷᠡᠯ ᠰᠠᠷᠠᠯᠵᠢ᠎ᠨᠢ ᠳᠡᠭᠡᠳᠦ ᠲᠡᠰ᠎ᠤᠨ ᠲᠣᠨᠣᠭᠯᠠᠯ᠎ᠤᠨ ᠨᠢᠳᠦ ᠪᠣᠯᠤᠭᠰᠠᠨ᠎ᠤ ᠬᠤᠪᠢ᠎ᠳᠤ ᠣᠶᠤᠨᠴᠢ ᠦᠢ᠍ᠯᠡᠳᠬᠡᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠠᠭᠤᠷᠢ ᠴᠢᠯᠠᠭᠤ ᠪᠠᠢ᠌ᠵᠤ᠂ ᠮᠠᠨ᠎ᠤ ᠤᠯᠤᠰ᠎ᠤᠨ ᠣᠶᠤᠨᠴᠢ ᠦᠢ᠍ᠯᠡᠳᠬᠡᠯ᠎ᠤᠨ ᠠᠵᠤ ᠦᠢ᠍ᠯᠡᠰ᠎ᠤᠨ ᠬᠡᠯᠬᠢᠶ᠎ᠡ ᠵᠢᠨ ᠰᠢᠨ᠎ᠡ ᠵᠢ ᠡᠭᠦᠳᠬᠦ᠂ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠠᠵᠤ ᠦᠢ᠍ᠯᠡᠰ᠎ᠤᠨ ᠬᠡᠯᠬᠢᠶ᠎ᠡ ᠵᠢ ᠬᠦᠴᠦᠷᠬᠡᠭᠵᠢᠭᠦᠯᠬᠦ᠂ ᠲᠣᠮᠣ ᠳ᠋ᠠᠢ᠌ᠲ᠋ᠠ ᠵᠢᠨ ᠠᠵᠤ ᠦᠢ᠍ᠯᠡᠰ᠎ᠤᠨ ᠬᠡᠯᠬᠢᠶ᠎ᠡ ᠵᠢ ᠠᠭᠤᠰᠤᠯᠴᠠᠭᠤᠯᠬᠤ ᠵᠢ ᠠᠬᠢᠭᠤᠯᠵᠤ᠂ ᠬᠡᠯᠬᠢᠶ᠎ᠡ ᠵᠢᠨ ᠰᠢᠨ᠎ᠡ ᠵᠢ ᠡᠭᠦᠳᠬᠦ᠂ ᠬᠡᠯᠬᠢᠶ᠎ᠡ ᠵᠢ ᠬᠦᠴᠦᠷᠬᠡᠭᠵᠢᠭᠦᠯᠬᠦ᠎ᠠᠴᠠ ᠬᠡᠯᠬᠢᠶ᠎ᠡ ᠵᠢ ᠠᠭᠤᠰᠤᠯᠴᠠᠭᠤᠯᠬᠤ ᠭᠦᠷᠳᠡᠯ᠎ᠠ ᠳᠡᠰ ᠳᠡᠪᠰᠢᠭᠦᠯᠵᠦ ᠴᠢᠳᠠᠨ᠎ᠠ》 ᠭᠡᠵᠦ ᠰᠢ ᠠᠨ᠎ᠤ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠫᠷᠣᠹᠧᠰᠰᠣᠷ᠂ ᠥᠪᠥᠷ ᠮᠣᠩᠭᠣᠯ᠎ᠤᠨ ᠣᠶᠤᠨᠴᠢ ᠦᠢ᠍ᠯᠡᠳᠬᠦ ᠦᠢ᠍ᠯᠡᠰ᠎ᠤᠨ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠯᠢᠦ ᠬᠣᠩ ᠵᠦᠩ ᠲᠠᠨᠢᠯᠴᠠᠭᠤᠯᠪᠠ᠃

       ᠡᠨᠡ ᠪᠣᠯ ᠥᠪᠥᠷ ᠮᠣᠩᠭᠣᠯ᠎ᠤᠨ 《ᠡᠬᠢᠯᠡᠵᠦ ᠭᠦᠶᠦᠮᠡᠭᠴᠡ ᠲᠦᠷᠦᠭᠦᠯᠡᠬᠦ》 ᠣᠪᠣᠷ ᠪᠠᠢ᠌ᠳᠠᠯ ᠵᠶ᠋ᠡᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠪᠦᠭᠦ ᠬᠦᠴᠦᠨ ᠵᠶ᠋ᠡᠷ ᠵᠶ᠋ᠡᠨ ᠠᠬᠢᠭᠤᠯᠤᠭᠰᠠᠨ᠎ᠤ ᠬᠤᠷᠢᠶᠠᠩᠭᠤᠢ ᠳᠦᠷᠰᠦ ᠪᠣᠯᠣᠨ᠎ᠠ᠃ 2024 ᠣᠨ᠎ᠳᠤ ᠥᠪᠥᠷ ᠮᠣᠩᠭᠣᠯ ᠪᠦᠭᠦ ᠲᠠᠯ᠎ᠠ᠎ᠪᠠᠷ ᠤᠬᠠᠭ᠋ᠠᠯᠠᠨ ᠲᠥᠯᠥᠪᠯᠡᠵᠦ᠂ ᠭᠦᠨᠵᠡᠭᠡᠢ᠌ᠷᠡᠭᠦᠯᠦᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠷᠢᠶ᠎ᠠ ᠵᠢᠨ ᠨᠢᠭᠡᠳᠦᠯᠲᠡᠢ ᠤᠳᠤᠷᠢᠳᠤᠯᠭ᠎ᠠ ᠳᠣᠣᠷ᠎ᠠ ᠪᠦᠭᠦ ᠣᠷᠣᠨ᠎ᠤ ᠡᠯ᠎ᠡ ᠰᠠᠯᠠᠭ᠎ᠠ ᠮᠥᠴᠢᠷ᠂ ᠠᠢ᠌ᠮᠠᠭ ᠬᠤᠳᠠ᠂ ᠡᠯ᠎ᠡ ᠲᠦᠷᠦᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠬᠠᠮᠵᠢᠯᠴᠠᠨ ᠬᠥᠳᠡᠯᠦᠯᠴᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠪᠦᠭᠦ ᠣᠷᠣᠨ ᠳᠠᠶᠠᠭ᠋ᠠᠷ ᠤᠯᠠᠨ ᠴᠡᠭ᠎ᠲᠤ《ᠪᠦᠰᠡᠯᠡᠯᠲᠡ   ᠰᠢᠪᠲᠤᠯᠬᠤ》 ᠰᠠᠢ᠌ᠨ ᠰᠠᠢ᠌ᠬᠠᠨ ᠪᠣᠭᠣᠮᠲᠠ ᠰᠢᠪᠲᠤᠯᠬᠤ ᠪᠠᠢ᠌ᠳᠠᠯ᠎ᠢ ᠪᠤᠢ ᠪᠤᠯᠭ᠋ᠠᠵᠤ᠂ ᠰᠢᠨ᠎ᠡ ᠵᠢ ᠡᠭᠦᠳᠬᠦ ᠴᠢᠳᠠᠪᠤᠷᠢ ᠵᠢᠨ ᠲᠡᠰ᠎ᠢ ᠲᠠᠰᠤᠷᠠᠯᠳᠠ ᠦᠭᠡᠢ ᠳᠡᠭᠡᠭᠰᠢᠯᠡᠭᠦᠯᠪᠡ᠃

      2024 ᠣᠨ᠎ᠳᠤ᠂ ᠥᠪᠥᠷ ᠮᠣᠩᠭᠣᠯ ᠥᠭᠡᠷᠡᠴᠢᠯᠡᠯᠲᠡ᠎ᠪᠠᠷ ᠬᠦᠴᠦᠯᠡᠵᠦ᠂ ᠰᠢᠨ᠎ᠡ ᠵᠢ ᠡᠭᠦᠳᠬᠦ᠎ᠪᠠᠷ ᠬᠦᠴᠦᠨ ᠨᠡᠮᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠪᠡ᠃ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠲᠤᠬᠠᠢ ᠰᠠᠨᠠᠯ》 ᠵᠢᠡᠷ ᠭᠣᠣᠯ ᠪᠤᠯᠭ᠋ᠠᠵᠤ᠂ 《〈ᠴᠢᠳᠠᠪᠤᠷᠢᠲᠠᠨ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ〉 ᠢᠨᠵᠧᠨᠧᠷᠢᠩ᠎ᠢ ᠬᠡᠷᠡᠭᠵᠢᠭᠦᠯᠬᠦ ᠲᠤᠬᠠᠢ ᠲᠥᠷᠥ ᠵᠢᠨ ᠪᠣᠳᠣᠯᠭ᠎ᠠ᠎ᠨᠤᠭᠤᠳ᠎ᠤᠨ ᠰᠠᠨᠠᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠰᠢᠰᠲ᠋ᠧᠮ᠎ᠢ ᠰᠢᠯᠢᠳᠡᠭᠵᠢᠭᠦᠯᠦᠨ ᠥᠭᠡᠷᠡᠴᠢᠯᠡᠬᠦ ᠲᠥᠰᠥᠯ》᠂ 《ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠰᠠᠨᠠᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠠᠯᠳᠠᠭ᠎ᠠ ᠪᠤᠷᠤᠭᠤ ᠵᠢ ᠠᠭᠤᠴᠢᠯᠠᠨ ᠪᠠᠭᠲᠠᠭ᠋ᠠᠵᠤ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠵᠦᠢ᠍ᠯᠡᠰ᠎ᠤᠨ ᠨᠠᠷᠢᠨ ᠳᠠᠨᠭ᠌ᠰᠠ》 ᠵᠡᠷᠭᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠢᠵᠢ ᠪᠦᠷᠢᠳᠦᠭᠦᠯᠦᠨ ᠨᠡᠢ᠌ᠲᠡᠯᠡᠵᠦ᠂ 《1 + 7》 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢ᠍ᠯᠡᠰ᠎ᠤᠨ ᠲᠦᠷᠭᠡᠨ ᠬᠥᠭᠵᠢᠯᠲᠡ ᠵᠢᠨ ᠨᠢᠷᠤᠭᠤ ᠲᠤᠯᠭ᠋ᠠᠭᠤᠷᠢ ᠵᠢ ᠪᠠᠢ᠌ᠭᠤᠯᠪᠠ᠃

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠢᠴᠢᠯ ᠬᠡᠮᠵᠢᠭᠦᠷ᠎ᠤᠨ ᠹᠢᠽᠢᠺ ᠬᠢᠭᠡᠳ ᠠᠲ᠋ᠣᠮ ᠦᠢ᠍ᠯᠡᠳᠬᠦ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠡᠷᠭᠢᠯᠡᠭᠴᠢ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠫᠷᠤᠹᠸᠰᠰᠤᠷ ᠵᠣᠣ ᠱ᠌ᠢ ᠹᠧᠩ᠄ 《ᠥᠪᠡᠷᠲᠡᠭᠡᠨ ᠵᠠᠰᠠᠬᠤ ᠣᠷᠣᠨ᠎ᠠᠴᠠ ᠨᠡᠢ᠌ᠲᠡᠯᠡᠭᠰᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠬᠠᠢ ᠰᠢᠷᠢᠰ ᠰᠢᠨ᠎ᠡ ᠲᠥᠷᠥ ᠵᠢᠨ ᠪᠣᠳᠣᠯᠭ᠎ᠠ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠪᠠᠢ᠌ᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠰᠢᠨ᠎ᠡ ᠵᠢ ᠡᠭᠦᠳᠬᠦ ᠵᠢ ᠵᠣᠷᠢᠭᠵᠢᠭᠤᠯᠬᠤ᠂ ᠢᠯᠠᠭᠳᠠᠬᠤ ᠵᠢ ᠠᠭᠤᠴᠢᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠶ ᠪᠤᠯᠭ᠋ᠠᠵᠤ᠂ ᠪᠢᠳᠡᠡ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢ᠍ᠯᠡᠰ᠎ᠲᠤ ᠢᠳᠡᠪᠬᠢᠲᠡᠢ ᠣᠷᠤᠯᠴᠠᠬᠤ ᠢᠲᠡᠭᠡᠯ ᠵᠣᠷᠢᠭ᠎ᠢ ᠨᠠᠩ ᠬᠥᠪᠴᠢᠯᠡᠵᠡᠢ》 ᠭᠡᠪᠡ᠃

      2024 ᠣᠨ᠎ᠳᠤ᠂ ᠥᠪᠥᠷ ᠮᠣᠩᠭᠣᠯ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠪᠠ᠃ ᠤᠯᠤᠰ᠎ᠤᠨ ᠰᠦ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ ᠦᠢ᠍ᠯᠡᠳᠬᠦ ᠦᠢ᠍ᠯᠡᠰ᠎ᠤᠨ ᠰᠢᠨ᠎ᠡ ᠵᠢ ᠡᠭᠦᠳᠬᠦ ᠲᠥᠪ᠂ ᠣᠨᠴᠠ ᠲᠥᠷᠥᠯ᠎ᠤᠨ ᠲᠡᠷᠭᠡ ᠬᠥᠰᠬᠡ᠂ ᠪᠠᠶᠠᠨ᠋ᠣ᠋ᠪᠣᠭ᠎ᠠ᠎ᠳᠠᠬᠢ ᠬᠣᠶᠠᠷ ᠪᠦᠭᠦ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠣᠷᠳᠣᠰ᠂ ᠪᠠᠶᠠᠨᠨᠠᠭᠤᠷ᠎ᠲᠠᠬᠢ ᠬᠣᠶᠠᠷ ᠤᠯᠤᠰ᠎ᠤᠨ ᠲᠠᠰ᠎ᠤᠨ ᠵᠢᠱ᠌ᠢᠶ᠎ᠡ ᠦᠵᠡᠭᠦᠯᠭᠦ ᠣᠷᠣᠨ ᠦᠢ᠍ᠯᠡᠳᠦᠯ ᠵᠶ᠋ᠡᠨ ᠤᠯᠠᠮ ᠨᠢᠭᠡ ᠠᠯᠬᠤᠮ ᠪᠠᠳᠠᠷᠠᠭᠤᠯᠪᠠ᠃ ᠭᠦᠭᠡᠬᠣᠲᠠ ᠪᠤᠭᠤᠲᠤ ᠣᠷᠳᠣᠰ᠎ᠤᠨ ᠤᠯᠤᠰ᠎ᠤᠨ ᠥᠪᠡᠷ ᠵᠶ᠋ᠡᠷ ᠡᠭᠦᠳᠬᠦ ᠲᠣᠭᠣᠷᠢᠭ᠂ ᠡᠪᠡᠰᠦᠨ᠎ᠤ ᠦᠢ᠍ᠯᠡᠰ᠎ᠤᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠵᠡᠷᠭᠡ ᠤᠯᠤᠰ᠎ᠤᠨ ᠲᠡᠰ᠎ᠤᠨ ᠲᠠᠪᠴᠠᠩ᠎ᠢ ᠡᠭᠦᠳᠦᠨ ᠪᠠᠢ᠌ᠭᠤᠯᠬᠤ ᠠᠵᠢᠯ ᠯᠠᠪᠳᠠᠭᠤᠨ ᠵᠶ᠋ᠠᠷ ᠠᠬᠢᠪᠠ᠃ ᠳᠠᠯᠠᠨ ᠬᠠᠷ᠎ᠠ ᠠᠭᠤᠯᠠ᠂ ᠣᠷᠳᠣᠰ᠎ᠲᠠᠬᠢ ᠬᠣᠶᠠᠷ ᠥᠪᠥᠷ ᠮᠣᠩᠭᠣᠯ᠎ᠤᠨ ᠲᠤᠷᠰᠢᠯᠲᠠ ᠵᠢᠨ ᠲᠠᠰᠤᠭ  《ᠰᠠᠭᠤᠷᠢ ᠰᠤᠳᠤᠯᠭ᠋ᠠᠨ — ᠮᠡᠷᠭᠡᠵᠢᠯ᠎ᠤᠨ ᠰᠤᠳᠤᠯᠤᠨ ᠨᠡᠭᠡᠭᠡᠯᠲᠡ — ᠣᠨᠳᠣᠣᠰᠢᠭᠤᠯᠤᠨ ᠬᠡᠷᠡᠭᠯᠡᠬᠦ — ᠦᠢ᠍ᠯᠡᠳᠪᠦᠷᠢᠯᠡᠯ ᠡᠵᠡᠩᠨᠡᠯᠲᠡ》 ᠵᠢᠨ ᠬᠡᠯᠬᠢᠶ᠎ᠡ ᠵᠢ ᠪᠦᠭᠦ ᠲᠠᠯ᠎ᠠ᠎ᠪᠠᠷ ᠨᠠᠪᠲᠠᠷᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠯ᠎ᠤᠨ ᠥᠭᠡᠷᠡᠴᠢᠯᠡᠯᠲᠡ᠎ᠳᠤ ᠰᠢᠨ᠎ᠡ ᠵᠠᠮ ᠨᠡᠭᠡᠭᠡᠵᠦ᠂ ᠥᠯᠢᠭᠡᠷ ᠳᠠᠭᠤᠷᠢᠶᠠᠯ ᠪᠣᠯᠪᠠ᠃

      2024 ᠣᠨ᠎ᠳᠤ᠂ ᠥᠪᠥᠷ ᠮᠣᠩᠭᠣᠯ ᠰᠢᠨ᠎ᠡ ᠵᠢ ᠡᠭᠦᠳᠬᠦ ᠭᠣᠣᠯ ᠴᠣᠭᠴᠠ ᠵᠢᠨ ᠴᠢᠳᠠᠪᠤᠷᠢ ᠵᠢ ᠳᠡᠭᠡᠭᠰᠢᠯᠡᠭᠦᠯᠭᠦ ᠲᠠᠯ᠎ᠠ᠎ᠪᠠᠷ ᠬᠦᠴᠦ ᠣᠷᠣᠭᠤᠯᠪᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠡᠯᠪᠡᠷᠢ ᠵᠢᠨ ᠠᠵᠤ ᠠᠬᠤᠢ᠌ᠯᠠᠯ᠎ᠤᠨ 《ᠬᠣᠶᠠᠷ᠎ᠢ ᠳᠠᠭᠢᠨ ᠵᠶ᠋ᠠᠷ ᠨᠡᠮᠡᠭᠳᠡᠭᠦᠯᠵᠦ ᠬᠣᠶᠠᠷ᠎ᠢ ᠳᠡᠭᠡᠭᠰᠢᠯᠡᠭᠦᠯᠭᠦ》 ᠪᠠ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯᠯᠠᠭ᠎ᠠ ᠢᠯᠡᠷᠬᠡᠢ ᠦᠷ᠎ᠡ ᠪᠦᠲᠦᠮᠵᠢ ᠣᠯᠪᠠ᠃ ᠪᠦᠭᠦ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠡᠯᠪᠡᠷᠢ ᠵᠢᠨ ᠳᠤᠮᠳᠠ ᠪᠠᠭ᠎ᠠ ᠠᠵᠤ ᠠᠬᠤᠢ᠌ᠯᠠᠯ ᠲᠣᠰ ᠲᠣᠰ 2000᠂ 3000 ᠵᠢ ᠳᠠᠪᠠᠪᠠ᠃ ᠪᠦᠭᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ R&D ᠠᠵᠢᠯᠯᠠᠭ᠎ᠠ ᠵᠢᠨ ᠡᠵᠡᠯᠡᠬᠦ ᠬᠠᠷᠢᠴᠠᠯ᠎ᠢ ᠪᠦᠭᠦ ᠤᠯᠤᠰ᠎ᠤᠨ ᠳᠤᠮᠳᠠ ᠲᠦᠪᠰᠢᠨ᠎ᠳᠤ ᠬᠦᠷᠭᠡᠪᠡ᠃

      2024 ᠣᠨ᠎ᠳᠤ᠂ 《ᠮᠧᠩ ᠺᠧ ᠵᠢᠦᠢ》 ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠤ ᠲᠠᠪᠴᠠᠩ᠎ᠨᠢ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠴᠤᠭᠯᠠᠷᠠᠯ᠂ ᠨᠡᠢ᠌ᠯᠡᠯᠲᠡ ᠵᠢᠨ ᠦᠢ᠍ᠯᠡᠳᠦᠯ᠎ᠢ ᠦᠷᠭᠦᠯᠵᠢᠯᠡᠨ ᠥᠷᠭᠡᠳᠬᠡᠵᠦ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠵᠠᠩ ᠾᠧ ᠫᠢᠩ᠎ᠤᠨ ᠪᠦᠯᠭᠦᠮ 2000 ᠲᠦᠮᠡᠨ ᠲᠥᠭᠥᠷᠢᠭ᠎ᠤᠨ 《ᠴᠢᠳᠠᠮᠵᠢᠲᠤ ᠴᠢᠨᠠᠷᠲᠠᠢ ᠰᠦᠨ ᠬᠦᠴᠢᠯ᠎ᠤᠨ ᠪᠠᠺᠲ᠋ᠧᠷᠢ ᠵᠢᠨ ᠰᠠᠭᠤᠷᠢ》 ᠵᠢᠨ ᠲᠦᠷᠦᠯ ᠵᠦᠢ᠍ᠯ᠎ᠢ ᠰᠢᠯᠵᠢᠭᠦᠯᠦᠨ ᠥᠭᠬᠦ ᠭᠡᠷ᠎ᠡ ᠲᠣᠭᠲᠠᠵᠤ᠂   ᠵᠣᠭᠣᠰ ᠪᠣᠯᠭ᠋ᠠᠨ ᠬᠤᠪᠢᠷᠠᠭᠤᠯᠤᠭᠰᠠᠨ ᠬᠡᠮᠵᠢᠶ᠎ᠡ᠎ᠨᠢ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠬᠠᠮᠤᠭ᠎ᠤᠨ ᠥᠨᠳᠥᠷ ᠲᠡᠮᠳᠡᠭᠯᠡᠯ᠎ᠢ ᠡᠭᠦᠳᠪᠡ᠃ ᠥᠪᠥᠷ ᠮᠣᠩᠭᠣᠯ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠯᠣ᠌ ᠵᠠᠨ ᠶᠤᠸᠠᠨ᠎ᠤ ᠪᠦᠯᠭᠦᠮ 5 ᠡᠳᠦᠷ᠎ᠲᠤ 300 ᠲᠦᠮᠡᠨ ᠲᠥᠭᠥᠷᠢᠭ᠎ᠤᠨ ᠰᠦᠯᠵᠢᠶᠡᠨ ᠳᠡᠭᠡᠷᠡᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠠᠷᠠᠯᠵᠢᠶ᠎ᠠ ᠵᠢ ᠪᠡᠶᠡᠯᠡᠭᠦᠯᠪᠡ᠃ 《ᠮᠧᠩ ᠺᠧ ᠵᠢᠦᠢ》 ᠵᠢᠨ ᠬᠥᠲᠥᠯᠥᠨ ᠳᠠᠭ᠋ᠠᠭᠤᠯᠭ᠎ᠠ ᠳᠣᠣᠷ᠎ᠠ᠂ 2024 ᠣᠨ᠎ᠤ ᠪᠦᠭᠦ ᠣᠷᠣᠨ᠎ᠤ ᠮᠡᠷᠭᠡᠵᠢᠯ᠎ᠤᠨ ᠭᠡᠷ᠎ᠡ ᠵᠢ ᠳᠠᠩᠰᠠᠯᠠᠭᠰᠠᠨ ᠬᠡᠮᠵᠢᠶ᠎ᠡ᠂ ᠠᠷᠠᠯᠵᠢᠶ᠎ᠠ ᠪᠦᠲᠦᠭᠰᠡᠨ ᠬᠡᠮᠵᠢᠶ᠎ᠡ᠎ᠨᠢ ᠳᠡᠭᠡᠷ᠎ᠡ ᠵᠢᠯ᠎ᠤᠨ᠎ᠬᠢ᠎ᠠᠴᠠ᠎ᠪᠠᠨ ᠲᠣᠰ ᠲᠣᠰ 8.7% ᠪᠠ 33.6%᠎ᠪᠠᠷ ᠨᠡᠮᠡᠭᠳᠡᠵᠦ᠂ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠴᠦ᠂ ᠭᠠᠵᠠᠷ ᠣᠷᠣᠨ᠎ᠤ ᠬᠥᠭᠵᠢᠯᠲᠡ᠎ᠳᠤ ᠰᠦᠷ ᠳᠠᠯᠠᠢ᠌ᠴᠠᠲᠠᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃

       ᠡᠨᠡ ᠨᠢᠭᠡ ᠵᠢᠯ᠎ᠳᠤ᠂ ᠲᠣᠭᠲᠠᠴᠠ ᠵᠢ ᠪᠠᠢ᠌ᠭᠤᠯᠵᠤ᠂ ᠲᠠᠪᠴᠠᠩ ᠪᠠᠢ᠌ᠭᠤᠯᠵᠤ᠂ ᠬᠠᠮᠵᠢᠯᠴᠠᠭ᠎ᠠ ᠵᠢ ᠴᠢᠩᠭ᠋ᠠᠳᠬᠠᠵᠤ᠂ ᠬᠥᠭᠵᠢᠯᠲᠡ ᠵᠢ ᠠᠬᠢᠭᠤᠯᠤᠨ᠂ ᠰᠢᠨ᠎ᠡ ᠵᠢ ᠡᠭᠦᠳᠬᠦ ᠡᠬᠢ ᠪᠠᠶᠠᠯᠢᠭ᠎ᠢ ᠲᠦᠷᠭᠡᠳᠬᠡᠨ ᠬᠤᠷᠠᠮᠳᠤᠭᠤᠯᠵᠤ᠂ ᠰᠢᠨ᠎ᠡ ᠵᠢ ᠡᠭᠦᠳᠬᠦ ᠢᠳᠡ ᠬᠦᠴᠦᠨ ᠨᠡᠩ ᠭᠦᠢ᠍ᠴᠡᠳ᠂ ᠰᠢᠨ᠎ᠡ ᠵᠢ ᠡᠭᠦᠳᠬᠦ 《ᠰᠤᠳᠤᠯᠭ᠋ᠠᠨ》᠎ᠤ ᠠᠭᠤᠯᠤᠭᠳᠠᠴᠠ ᠨᠡᠩ ᠥᠨᠳᠥᠷ᠂ ᠰᠢᠨ᠎ᠡ ᠵᠢ ᠡᠭᠦᠳᠬᠦ ᠬᠥᠳᠡᠯᠭᠡᠬᠦ ᠬᠦᠴᠦᠨ ᠨᠡᠩ ᠬᠦᠴᠦᠷᠬᠡᠭ᠂ ᠰᠢᠨ᠎ᠡ ᠵᠢ ᠡᠭᠦᠳᠬᠦ ᠠᠮᠢ ᠠᠬᠤᠢ ᠨᠡᠩ ᠰᠢᠯᠢᠳᠡᠭ ᠪᠣᠯᠵᠤ᠂ ᠥᠪᠥᠷ ᠮᠣᠩᠭᠣᠯ᠎ᠤᠨ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠭᠤᠷ ᠠᠮᠢᠰᠬᠤᠯ ᠨᠡᠩ ᠥᠳᠬᠡᠨ ᠪᠣᠯᠪᠠ᠃

       ᠡᠨᠡ ᠨᠢᠭᠡ ᠵᠢᠯ᠎ᠳᠤ᠂ ᠥᠪᠥᠷ ᠮᠣᠩᠭᠣᠯ 36 ᠵᠦᠢ᠍ᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》 ᠢᠨᠵᠧᠨᠧᠷᠢᠩ᠎ᠤᠨ ᠴᠢᠬᠤᠯᠠ ᠶᠡᠬᠡ ᠪᠣᠭᠣᠮᠲᠠ ᠰᠢᠪᠲᠤᠯᠬᠤ ᠡᠭᠦᠷᠭᠡ ᠵᠢ ᠪᠦᠭᠦ ᠲᠠᠯ᠎ᠠ᠎ᠪᠠᠷ ᠡᠬᠢᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ 28.17 ᠳ᠋ᠦᠩᠰᠢᠭᠤᠷ ᠲᠥᠭᠥᠷᠢᠭ᠎ᠲᠤ ᠬᠦᠷᠴᠦ᠂ ᠨᠢᠭᠡ ᠪᠦᠯᠦᠭ ᠬᠣᠭᠣᠰᠤᠨ᠎ᠢ ᠨᠥᠬᠥᠪᠦᠷᠢᠯᠡᠬᠦ ᠰᠢᠨ᠎ᠡ ᠮᠡᠷᠭᠡᠵᠢᠯ᠂ ᠰᠢᠨ᠎ᠡ ᠦᠢ᠍ᠯᠡᠳᠬᠦᠨ᠂ ᠰᠢᠨ᠎ᠡ ᠦᠢ᠍ᠯᠡᠳᠪᠦᠷᠢᠯᠡᠯ᠎ᠤᠨ ᠱᠤᠭᠤᠮ᠎ᠢ ᠡᠭᠦᠳᠦᠨ ᠨᠡᠭᠡᠭᠡᠪᠡ᠃ ᠪᠦᠭᠦ ᠪᠥᠮᠪᠥᠷᠴᠡᠭ᠎ᠤᠨ ᠬᠡᠪᠴᠢᠶ᠎ᠡ᠎ᠪᠠᠷ ᠬᠠᠮᠤᠭ᠎ᠤᠨ ᠶᠡᠬᠡ᠂ ᠬᠠᠮᠤᠭ᠎ᠤᠨ ᠪᠦᠷᠢᠨ ᠪᠦᠲᠦᠨ ᠬᠣᠪᠣᠷ ᠰᠢᠷᠣᠢ ᠵᠢᠨ ᠲᠡᠮᠦᠷᠯᠢᠭ ᠬᠠᠢ᠌ᠯᠤᠭᠤᠯᠤᠨ ᠰᠠᠯᠭ᠋ᠠᠬᠤ ᠲᠥᠷᠥᠯ ᠵᠦᠢ᠍ᠯ ᠪᠤᠭᠤᠲᠤ ᠬᠣᠲᠠ᠎ᠳᠤ ᠠᠰᠢᠭᠯᠠᠯᠲᠠ᠎ᠳᠤ ᠣᠷᠣᠪᠠ᠂ ᠪᠦᠭᠦ ᠪᠥᠮᠪᠥᠷᠴᠡᠭ᠎ᠤᠨ ᠲᠠᠩ ᠳᠠᠪᠬᠤᠷᠭ᠋ᠠᠲᠤ ᠦᠢ᠍ᠯᠡᠳᠪᠦᠷᠢ ᠵᠢᠨ ᠬᠡᠪᠴᠢᠶ᠎ᠡ᠎ᠪᠠᠷ ᠬᠠᠮᠤᠭ᠎ᠤᠨ ᠶᠡᠬᠡ ᠨᠡᠭᠦᠷᠡᠰᠦ᠎ᠪᠠᠷ ᠠᠯᠺᠧᠨ ᠦᠢ᠍ᠯᠡᠳᠬᠦ ᠲᠥᠷᠥᠯ ᠵᠦᠢ᠍ᠯ ᠣᠷᠳᠣᠰ᠎ᠲᠤ ᠠᠰᠢᠭᠯᠠᠯᠲᠠ᠎ᠳᠤ ᠣᠷᠣᠪᠠ᠂ ᠤᠯᠠᠭ᠋ᠠᠨᠬᠠᠳᠠ ᠬᠣᠲᠠ ᠵᠢᠨ ᠭᠠᠵᠠᠷ ᠰᠢᠨᠵᠢᠯᠡᠭᠡᠨ᠎ᠤ ᠬᠠᠢ᠌ᠨ ᠰᠢᠨᠵᠢᠯᠡᠬᠦ ᠨᠢᠭᠡᠴᠢ ᠦᠷᠡᠨ᠎ᠤ ᠠᠭᠤᠷᠬᠠᠢ ᠡᠷᠢᠬᠦ ᠬᠦᠷᠢᠶᠡᠨ᠎ᠳᠤ ᠴᠢᠬᠤᠯᠠ ᠶᠡᠬᠡ ᠰᠢᠪᠲᠤᠯᠤᠯᠲᠠ ᠭᠠᠷᠭ᠋ᠠᠪᠠ᠂ ᠰᠦᠨ ᠲᠡᠮᠦᠷ ᠠᠭᠤᠯᠤᠭᠰᠠᠨ ᠤᠭᠤᠷᠠᠭ᠎ᠢ ᠬᠠᠨᠳᠤᠯᠭ᠎ᠠ᠎ᠲᠠᠢ᠎ᠪᠠᠷ ᠭᠠᠷᠭ᠋ᠠᠨ ᠠᠪᠴᠤ ᠬᠠᠮᠠᠭ᠋ᠠᠯᠠᠬᠤ ᠮᠡᠷᠭᠡᠵᠢᠯ ᠪᠦᠭᠦ ᠳᠡᠯᠡᠬᠡᠢ ᠵᠢᠨ ᠰᠦ ᠵᠢᠨ ᠦᠢ᠍ᠯᠡᠰ᠎ᠤᠨ ᠬᠠᠮᠤᠭ᠎ᠤᠨ ᠳᠡᠭᠡᠳᠦ ᠱᠠᠩᠨᠠᠯ᠎ᠢ ᠭᠦᠷᠳᠡᠪᠡ᠂ ᠮᠠᠨ᠎ᠤ ᠣᠷᠣᠨ ᠳᠡᠯᠡᠬᠡᠢ ᠳᠡᠭᠡᠷ᠎ᠡ ᠬᠠᠮᠤᠭ᠎ᠤᠨ ᠲᠡᠷᠢᠭᠦᠨ᠎ᠳᠤ ᠬᠣᠨᠢᠨ᠎ᠤ ᠭᠧᠨ᠎ᠤ ᠬᠥᠮᠥᠷᠭᠡ ᠵᠢᠨ ᠲᠣᠭ᠋ᠠᠴᠢᠯᠠᠯᠲᠠ ᠵᠢ ᠪᠡᠶᠡᠯᠡᠭᠦᠯᠪᠡ᠂ ᠲᠣᠮᠣ ᠭᠡᠯᠪᠡᠷᠢ ᠵᠢᠨ ᠳᠦᠷᠰᠦ ᠬᠤᠪᠢᠷᠠᠬᠤ᠎ᠳᠤ ᠪᠡᠷᠬᠡ ᠲᠡᠮᠦᠷᠯᠢᠭ ᠬᠡᠷᠡᠭᠰᠡᠯ᠎ᠤᠨ ᠬᠦᠨᠳᠦ ᠭᠡᠯᠪᠡᠷᠢ ᠵᠢᠨ ᠰᠢᠬᠠᠨ ᠬᠡᠪᠰᠢᠭᠦᠯᠬᠦ ᠦᠢ᠍ᠯᠡᠳᠬᠦ ᠵᠠᠩᠭᠢᠯᠠᠭ᠎ᠠ ᠵᠢᠨ ᠮᠡᠷᠭᠡᠵᠢᠯ ᠴᠢᠬᠤᠯᠠ ᠶᠡᠬᠡ ᠰᠢᠪᠲᠤᠯᠤᠯᠲᠠ᠎ᠲᠠᠢ ᠪᠣᠯᠪᠠ ᠁ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠦᠯᠡᠮᠵᠢ ᠦᠷ᠎ᠡ ᠪᠦᠲᠦᠭᠡᠯ ᠣᠯᠵᠤ᠂   ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠤᠨ ᠭᠢᠯᠠᠰ ᠴᠡᠭ ᠲᠠᠰᠤᠷᠠᠯᠳᠠ ᠦᠭᠡᠢ ᠢᠯᠡᠷᠡᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠲᠦᠷᠭᠡᠨ ᠬᠥᠭᠵᠢᠯᠲᠡ ᠵᠢᠨ ᠵᠠᠮ᠎ᠳᠤ ᠬᠥᠲᠥᠯᠥᠨ ᠣᠷᠣᠭᠤᠯᠪᠠ᠃ ᠥᠪᠥᠷ ᠮᠣᠩᠭᠣᠯ᠎ᠤᠨ ᠣᠷᠣᠨ ᠪᠦᠰᠡ ᠵᠢᠨ ᠰᠢᠨ᠎ᠡ ᠵᠢ ᠡᠭᠦᠳᠬᠦ ᠶᠡᠷᠦᠩᠬᠡᠢ᠌ᠯᠡᠭᠰᠡᠨ ᠴᠢᠳᠠᠪᠤᠷᠢ ᠪᠦᠭᠦ ᠤᠯᠤᠰ᠎ᠤᠨ ᠨᠡᠷᠡᠰ᠎ᠤᠨ   ᠵᠢᠭᠰᠠᠭ᠋ᠠᠯᠲᠠ᠎ᠳᠤ 4 ᠨᠡᠷᠡᠰ ᠡᠮᠦᠨᠡᠰᠢᠯᠡᠵᠦ᠂ 24 ᠳ᠋ᠦ᠍ᠭᠡᠷ᠎ᠲᠤ ᠣᠷᠣᠵᠤ᠂ ᠪᠦᠭᠦ ᠨᠡᠢ᠌ᠭᠡᠮ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠣᠷᠣᠭᠤᠯᠤᠯᠲᠠ ᠪᠦᠭᠦ ᠤᠯᠤᠰ᠎ᠲᠤ 22 ᠳ᠋ᠤᠭ᠋ᠠᠷ᠎ᠲᠤ ᠤᠷᠤᠪᠠ; 2 ᠵᠦᠢ᠍ᠯ᠎ᠤᠨ ᠦᠷ᠎ᠡ ᠪᠦᠲᠦᠭᠡᠯ᠎ᠨᠢ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢᠨ ᠬᠣᠶᠠᠳᠤᠭ᠋ᠠᠷ ᠳᠡᠰ᠎ᠤᠨ ᠱᠠᠩᠨᠠᠯ᠎ᠢ ᠬᠦᠷᠲᠡᠵᠦ᠂ 8 ᠵᠢᠯ᠎ᠤᠨ ᠲᠤᠷᠰᠢ 《ᠲᠡᠭ》 ᠪᠠᠢ᠌ᠭᠰᠠᠭ᠋ᠠᠷ ᠢᠷᠡᠭᠰᠡᠨ ᠪᠠᠢ᠌ᠳᠠᠯ᠎ᠢ ᠬᠤᠪᠢᠷᠠᠭᠤᠯᠵᠤ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠡᠷᠡᠯᠬᠡᠭᠯᠡᠨ ᠤᠷᠤᠭᠰᠢᠯᠠᠬᠤ ᠢᠳᠡᠷᠡᠭᠦᠨ ᠠᠯᠬᠤᠭ᠎ᠠ ᠵᠢ ᠠᠯᠬᠤᠪᠠ᠃

       ᠤᠮᠠᠷᠠᠲᠤ ᠬᠢᠯᠢ ᠵᠢᠨ ᠡᠬᠡ ᠭᠠᠵᠠᠷ᠎ᠢ ᠪᠠᠷᠠᠯᠠᠬᠤᠶ᠎ᠠ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ ᠣᠷᠭᠢᠯᠤᠨ ᠪᠠᠳᠠᠷᠠᠨ᠎ᠠ᠃ ᠥᠪᠥᠷ ᠮᠣᠩᠭᠣᠯ ᠶᠠᠭ ᠴᠤᠴᠠᠯᠲᠠ ᠦᠭᠡᠢ ᠤᠷᠤᠭᠰᠢᠯᠠᠨ ᠬᠥᠭᠡᠭᠡᠵᠦ ᠭᠦᠢ᠍ᠴᠡᠨ ᠳᠠᠪᠠᠵᠤ᠂ ᠰᠢᠨ᠎ᠡ ᠠᠶᠠᠨ᠎ᠳᠤ ᠳᠠᠪᠠᠯᠭ᠋ᠠᠨ᠎ᠢ ᠵᠦᠰᠦᠨ ᠤᠷᠤᠭᠰᠢᠯᠠᠵᠤ ᠪᠠᠢ᠌ᠨ᠎ᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ