2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
ᠥᠪᠥᠷ ᠮᠣᠩᠭᠣᠯ᠎ᠤᠨ ᠰᠣᠶᠣᠯ᠎ᠤᠨ ᠪᠠᠢ᠌ᠭᠤᠯᠤᠯᠲᠠ ᠡᠷᠴᠢᠮᠲᠡᠢ ᠶᠠᠪᠤᠭᠳᠠᠯ᠎ᠠ
ᠨᠡᠶ᠋ᠢᠲᠡᠯᠡᠭᠰᠡᠨ ᠴᠠᠭ᠄ 2025-01-15

 

      2024 ᠣᠨ᠎ᠤ 12 ᠰᠠᠷ᠎ᠠ ᠵᠢᠨ 31᠎ᠤ ᠡᠳᠦᠷ᠂ ᠥᠪᠥᠷ ᠮᠣᠩᠭᠣᠯ᠎ᠤᠨ ᠮᠦᠽᠧᠢ ᠵᠢᠨ ᠬᠣᠶᠠᠷ ᠶᠡᠬᠡ ᠣᠨᠴᠠ ᠦᠵᠡᠭᠦᠯᠭᠡ ᠵᠡᠷᠭᠡ᠎ᠪᠠᠷ ᠡᠬᠢᠯᠡᠵᠦ᠂ ᠦᠵᠡᠭᠴᠢᠳ᠎ᠲᠠᠢ ᠬᠠᠮᠲᠤ᠎ᠪᠠᠷ ᠰᠢᠨ᠎ᠡ ᠵᠢᠯ᠎ᠢ ᠤᠭᠲᠤᠪᠠ᠃ 《ᠤᠮᠠᠷᠠᠲᠤ ᠬᠢᠯᠢ ᠵᠢᠨ ᠯᠤᠤ — ᠬᠤᠩᠱ᠌ᠠᠨ ᠰᠣᠶᠣᠯ᠎ᠤᠨ ᠢᠯᠡᠷᠡᠭᠦᠯᠦᠭᠰᠡᠨ ᠬᠠᠮᠤᠭ᠎ᠤᠨ ᠲᠣᠮᠣ ᠭᠠᠬᠠᠢ ᠵᠢᠨ ᠳᠦᠷᠰᠦᠲᠦ ᠯᠣᠣ》 ᠪᠠ 《ᠥᠨᠢᠳᠡ ᠮᠥᠩᠬᠡᠷᠡᠬᠦ ᠰᠣᠶᠣᠯ — ᠥᠪᠥᠷ ᠮᠣᠩᠭᠣᠯ᠎ᠤᠨ ᠬᠠᠳᠤᠨ ᠭᠣᠣᠯ᠎ᠤᠨ ᠰᠣᠶᠣᠯ᠎ᠤᠨ ᠦᠵᠡᠭᠦᠯᠭᠡ》 ᠵᠢᠨ ᠨᠢᠭᠡ᠎ᠨᠢ 2024 ᠣᠨ᠎ᠤ ᠥᠪᠥᠷ ᠮᠣᠩᠭᠣᠯ᠎ᠤᠨ ᠬᠠᠭᠤᠴᠢ ᠰᠤᠳᠤᠯᠤᠯ᠎ᠤᠨ ᠦᠪᠡᠳᠡᠭᠰᠢ ᠠᠮᠵᠢᠯᠲᠠ ᠵᠢ ᠳᠡᠯᠭᠡᠨ ᠦᠵᠡᠭᠦᠯᠵᠦ᠂ ᠨᠦᠭᠦᠭᠡ᠎ᠨᠢ ᠥᠪᠥᠷ ᠮᠣᠩᠭᠣᠯ᠎ᠤᠨ ᠬᠠᠳᠤᠨ ᠭᠣᠣᠯ᠎ᠤᠨ ᠰᠠᠪᠠ ᠭᠠᠵᠠᠷ᠎ᠤᠨ ᠡᠷᠲᠡᠨ ᠡᠳᠦᠭᠡ ᠵᠢᠨ ᠬᠤᠪᠢᠰᠤᠯᠲᠠ ᠵᠢ ᠢᠯᠡᠷᠡᠭᠦᠯᠵᠦ᠂ ᠬᠣᠶᠠᠷ ᠦᠵᠡᠭᠦᠯᠭᠡ᠎ᠳᠤ ᠤᠮᠠᠷᠠᠲᠤ ᠬᠢᠯᠢ ᠵᠢᠨ ᠰᠣᠶᠣᠯ᠎ᠤᠨ ᠪᠤᠭᠤᠷᠤᠯ ᠲᠡᠦᠬᠡ᠂ ᠭᠦᠨ ᠵᠤᠵᠠᠭ᠋ᠠᠨ ᠤᠳᠬ᠎ᠠ ᠠᠭᠤᠯᠬᠤᠨ᠎ᠢ ᠬᠠᠷᠠᠭᠤᠯᠪᠠ᠃

      2024 ᠣᠨ᠎ᠳᠤ᠂ ᠥᠪᠥᠷ ᠮᠣᠩᠭᠣᠯ᠎ᠤᠨ ᠰᠣᠶᠣᠯ᠎ᠤᠨ ᠬᠦᠷᠢᠶᠡᠨ᠎ᠳᠤ ᠤᠮᠠᠷᠠᠲᠤ ᠬᠢᠯᠢ ᠵᠢᠨ ᠰᠣᠶᠣᠯ᠎ᠢ ᠪᠠᠶ᠋ᠢᠭᠤᠯᠬᠤ᠎ᠪᠠᠷ ᠶᠡᠷᠦᠩᠬᠡᠢ ᠭᠠᠷᠳᠠᠴᠠ ᠪᠤᠯᠭ᠋ᠠᠵᠤ᠂ ᠦᠨᠡᠨ ᠬᠦ᠌ ᠬᠦᠴᠦ ᠣᠷᠣᠭᠤᠯᠵᠤ᠂ ᠡᠯ᠎ᠡ ᠲᠠᠯ᠎ᠠ ᠵᠢᠨ᠎ᠬᠢᠨ᠎ᠤ ᠴᠢᠷᠮᠠᠢ᠌ᠯᠭ᠎ᠠ᠎ᠪᠠᠷ᠂ ᠤᠮᠠᠷᠠᠲᠤ ᠬᠢᠯᠢ ᠵᠢᠨ ᠰᠣᠶᠣᠯ᠎ᠤᠨ ᠲᠥᠷᠥᠯ ᠲᠡᠮᠳᠡᠭ᠎ᠢ ᠴᠣᠭᠴᠠᠯᠠᠪᠠ᠃

      2024 ᠣᠨ ᠪᠣᠯ ᠤᠮᠠᠷᠠᠲᠤ ᠬᠢᠯᠢ ᠵᠢᠨ ᠰᠣᠶᠣᠯ᠎ᠤᠨ ᠲᠤᠮᠳᠠᠳᠤ ᠵᠢᠨ ᠡᠬᠡ ᠭᠠᠵᠠᠷ᠎ᠲᠤ ᠭᠡᠷᠡᠯ ᠭᠢᠯᠪᠠᠭ᠎ᠠ᠎ᠪᠠᠨ ᠰᠠᠴᠤᠷᠠᠭᠤᠯᠤᠭᠰᠠᠨ ᠨᠢᠭᠡ ᠵᠢᠯ ᠪᠣᠯᠣᠨ᠎ᠠ᠃

      2024 ᠣᠨ᠎ᠤ 11 ᠰᠠᠷ᠎ᠠ ᠵᠢᠨ 16᠎ᠤ ᠣᠷᠣᠢ᠂ ᠶᠦᠩᠵᠢᠶᠠᠩ ᠮᠥᠷᠡᠨ᠎ᠤ ᠬᠥᠪᠡᠭᠡᠨ᠎ᠳᠤ᠂ ᠮᠠᠨ᠎ᠤ ᠤᠯᠤᠰ᠎ᠤᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠬᠠᠮᠤᠭ᠎ᠤᠨ ᠳᠡᠭᠡᠳᠦ ᠢᠷᠠᠭᠤ ᠠᠯᠳᠠᠷ ᠪᠤᠯᠬᠤ 《ᠠᠵᠢᠨᠠᠢ ᠭᠦᠯᠦᠭ ᠱᠠᠩᠨᠠᠯ》᠎ᠢ ᠣᠯᠭᠣᠵᠤ᠂ ᠥᠪᠥᠷ ᠮᠣᠩᠭᠣᠯ᠎ᠤᠨ 3 ᠵᠣᠬᠢᠶᠠᠯᠴᠢ ᠪᠠ 1 ᠣᠷᠴᠢᠭᠤᠯᠤᠭᠴᠢ ᠣᠨᠴᠠ ᠢᠷᠠᠭᠤ ᠠᠯᠳᠠᠷ ᠭᠦᠷᠳᠡᠪᠡ᠃

      《ᠠᠵᠢᠨᠠᠢ ᠭᠦᠯᠦᠭ ᠱᠠᠩᠨᠠᠯ》᠎ᠤᠨ ᠮᠡᠳᠡᠭᠡᠯᠡᠯ᠎ᠤᠨ ᠤᠳᠬ᠎ᠠ ᠵᠣᠬᠢᠶᠠᠯ᠎ᠤᠨ ᠱᠠᠩᠨᠠᠯ ᠭᠥᠷᠳᠡᠭᠰᠡᠨ ᠵᠣᠬᠢᠶᠠᠯᠴᠢ ᠨᠢᠦ ᠬᠠᠢ ᠺᠦᠨ 《ᠳᠡᠯᠡᠬᠡᠢ ᠵᠢᠨ ᠬᠠᠷᠠᠭ᠋ᠠᠨ᠎ᠳᠤ》 ᠭᠡᠬᠦ ᠪᠦᠲᠦᠭᠡᠯ᠎ᠳᠡᠭᠡᠨ ᠬᠢᠩᠭ᠋ᠠᠨ ᠠᠢ᠌ᠮᠠᠭ᠎ᠤᠨ ᠡᠮᠡᠭᠲᠡᠢ ᠪᠠᠢ ᠵᠢᠩ ᠶᠢᠩ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ 2 ᠲᠦᠮᠡ ᠭᠠᠷᠤᠢ ᠮᠠᠯᠴᠢᠨ ᠲᠠᠷᠢᠶᠠᠴᠢᠨ᠎ᠢ ᠳᠠᠭ᠋ᠠᠭᠤᠯᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠰᠡᠳᠬᠢᠯ ᠬᠥᠳᠡᠯᠭᠡᠮ᠎ᠡ ᠥᠯᠢᠭᠡᠷ᠎ᠢ ᠲᠡᠮᠳᠡᠭᠯᠡᠵᠡᠢ᠃

       ᠱᠠᠩᠨᠠᠯ ᠣᠯᠭᠣᠬᠤ ᠶᠣᠰᠣᠯᠠᠯ ᠳᠡᠭᠡᠷ᠎ᠡ᠂ ᠨᠢᠦ ᠬᠠᠢ ᠺᠦᠨ᠄ 《ᠬᠠᠳᠬᠤᠮᠠᠯᠴᠢᠳ᠎ᠤᠨ ᠦᠯᠢᠭᠡᠷ ᠨᠠᠮᠠᠶ᠋ᠢ ᠳᠣᠭᠳᠣᠯᠤᠭᠤᠯᠪᠠ᠂ ᠮᠣᠩᠭᠣᠯ ᠦᠨᠳᠦᠰᠦᠲᠡᠨ᠎ᠤ ᠬᠠᠳᠬᠤᠮᠠᠯ ᠲᠡᠳᠡᠨ᠎ᠤ ᠠᠮᠢᠳᠤᠷᠠᠯ᠎ᠢ ᠬᠤᠪᠢᠷᠠᠭᠤᠯᠤᠭᠰᠠᠨ ᠵᠶ᠋ᠡᠷ ᠪᠠᠷᠠᠬᠤ ᠦᠭᠡᠢ ᠨᠡᠩ ᠴᠤ᠌ ᠤᠶᠤᠨ ᠰᠠᠨᠠᠭ᠋ᠠᠨ᠎ᠤ ᠬᠥᠭᠡᠭᠡᠴᠡᠯᠳᠦᠯ ᠪᠣᠯᠵᠤ ᠪᠢᠯᠡ᠂ ᠡᠨᠡ ᠪᠣᠯ ᠳᠤᠮᠳᠠᠳᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠤᠮᠠᠷᠠᠲᠤ ᠬᠢᠯᠢ ᠵᠢᠨ ᠡᠬᠡ ᠭᠠᠵᠠᠷ᠎ᠲᠠᠬᠢ ᠣᠷᠭᠢᠯᠤᠮ᠎ᠠ ᠬᠠᠯᠠᠭᠤᠨ ᠴᠤᠤᠷᠢᠶ᠎ᠠ ᠪᠣᠯᠣᠨ᠎ᠠ᠂ ᠡᠷᠬᠢᠮ ᠨᠠᠨᠳᠢᠨ ᠲᠤᠷᠰᠢᠯᠭ᠎ᠠ ᠪᠠ ᠤᠶᠤᠨ ᠤᠬᠠᠭ᠋ᠠᠨ ᠵᠶ᠋ᠠᠨ ᠳᠡᠯᠡᠬᠡᠢ ᠳ᠋ᠠᠬᠢᠨ᠎ᠳᠤ ᠮᠡᠳᠡᠭᠦᠯᠬᠦ ᠴᠢᠬᠤᠯᠠᠲᠠᠢ ᠪᠠᠢ᠌ᠨ᠎ᠠ᠂ ᠤᠷᠠᠨ ᠪᠦᠲᠦᠭᠡᠯ ᠵᠶ᠋ᠡᠷ ᠵᠶ᠋ᠡᠨ ᠤᠮᠠᠷᠠᠲᠤ ᠬᠢᠯᠢ ᠵᠢᠨ ᠰᠣᠶᠣᠯ᠎ᠢ ᠪᠠᠳᠠᠷᠠᠭᠤᠯᠵᠤ᠂ ᠳᠤᠮᠳᠠᠳᠤ ᠤᠯᠤᠰ᠎ᠤᠨ ᠦᠯᠢᠭᠡᠷ᠎ᠢ ᠰᠠᠢ᠌ᠲᠤᠷ ᠶᠠᠷᠢᠵᠤ᠂ ᠥᠪᠥᠷ ᠮᠣᠩᠭᠣᠯ᠎ᠤᠨ ᠦᠯᠢᠭᠡᠷ᠎ᠢ ᠰᠠᠢ᠌ᠲᠤᠷ ᠶᠠᠷᠢᠬᠤ ᠪᠣᠯ ᠦᠰᠦᠭ ᠪᠢᠴᠢᠭ᠎ᠤᠨ ᠠᠵᠢᠯᠲᠠᠨ᠎ᠤ   ᠪᠢᠳᠠᠨ᠎ᠤ ᠭᠦᠢ᠍ᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠪᠣᠯᠣᠨ᠎ᠠ》 ᠭᠡᠵᠦ ᠰᠡᠳᠬᠢᠯ ᠳᠣᠭᠳᠣᠯᠤᠨ ᠬᠡᠯᠡᠨ᠎ᠡ᠃

      4 ᠵᠣᠬᠢᠶᠠᠯᠴᠢ 《ᠠᠵᠢᠨᠠᠢ ᠭᠦᠯᠦᠭ ᠱᠠᠩᠨᠠᠯ》᠎ᠢ ᠭᠦᠷᠳᠡᠪᠡ᠂ ᠡᠨᠡ ᠪᠣᠯ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠪᠠᠰᠠ ᠨᠢᠭᠡ ᠤᠳᠠᠭ᠎ᠠ ᠵᠢᠨ 《ᠣᠷᠭᠢᠯ᠎ᠳᠤ ᠭᠠᠷᠤᠭᠰᠠᠨ》 ᠶᠠᠪᠤᠳᠠᠯ ᠮᠥᠨ᠂ ᠥᠪᠥᠷ ᠮᠣᠩᠭᠣᠯ᠎ᠤᠨ ᠵᠣᠬᠢᠶᠠᠯᠴᠢᠳ ᠪᠢᠷ ᠵᠶ᠋ᠡᠷ ᠠᠨᠵᠢᠰᠤ ᠪᠤᠯᠭ᠋ᠠᠵᠤ᠂ ᠨᠤᠲᠤᠭ ᠤᠰᠤᠨ᠎ᠤ᠎ᠪᠠᠨ ᠥᠩ ᠰᠢᠮᠡᠯᠢᠭ ᠬᠥᠷᠥᠰᠥᠨ᠎ᠳᠤ ᠭᠦᠨ ᠦᠨᠳᠦᠰᠦᠯᠡᠵᠦ᠂ ᠦᠨᠡᠨ ᠰᠡᠳᠬᠢᠯ᠎ᠠᠴᠠ᠎ᠪᠠᠨ ᠨᠤᠲᠤᠭ ᠤᠰᠤᠨ᠎ᠤ᠎ᠪᠠᠨ ᠥᠯᠢᠭᠡᠷ᠎ᠢ ᠪᠢᠴᠢᠭᠯᠡᠵᠦ᠂ ᠤᠮᠠᠷᠠᠲᠤ ᠬᠢᠯᠢ ᠵᠢᠨ ᠰᠣᠶᠣᠯ᠎ᠢ ᠤᠯᠠᠮᠵᠢᠯᠠᠨ ᠳᠡᠯᠭᠡᠷᠡᠭᠦᠯᠦᠭᠰᠡᠨ ᠰᠢᠨ᠎ᠡ ᠦᠢ᠍ᠯᠡᠳᠦᠯᠭᠡ ᠮᠥᠨ᠃

      2024 ᠣᠨ ᠪᠣᠯ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ ᠰᠣᠳᠣᠨ ᠪᠦᠲᠦᠭᠡᠯ ᠵᠠᠯᠭ᠋ᠠᠭ᠎ᠠ᠎ᠪᠠᠷ ᠴᠣᠯᠭᠣᠷᠠᠭᠰᠠᠨ ᠨᠢᠭᠡ ᠵᠢᠯ ᠪᠣᠯᠣᠨ᠎ᠠ᠃

      《ᠲᠠᠯ᠎ᠠ ᠨᠤᠲᠤᠭ᠎ᠠᠴᠠ ᠲᠢᠶᠠᠨ ᠠᠨ ᠮᠧᠨ ᠲᠡᠯᠡᠪᠡᠢ᠎ᠳᠤ ᠬᠦᠷᠴᠦ ᠢᠷᠡᠭᠡᠳ ᠠᠯᠳᠠᠨ ᠬᠤᠨᠳᠠᠭ᠎ᠠ᠎ᠪᠠᠨ ᠡᠷᠭᠦᠨ ᠪᠠᠷᠢᠶ᠎ᠠ ᠁》 ᠭᠡᠬᠦ ᠮᠠᠭᠲᠠᠭ᠋ᠠᠯ ᠳᠠᠭᠤᠤ᠂ 60 ᠵᠢᠯ᠎ᠤᠨ ᠣᠨ ᠰᠠᠷ᠎ᠠ ᠵᠢ ᠬᠣᠯᠪᠣᠨ᠎ᠠ᠃

      2024 ᠣᠨ᠎ᠤ 12 ᠰᠠᠷ᠎ᠠ ᠵᠢᠨ 10᠎ᠤ ᠡᠳᠦᠷ᠂ ᠤᠯᠠᠭ᠋ᠠᠨᠮᠥ᠋ᠴᠢᠷ᠎ᠤᠨ ᠬᠠᠮᠤᠭ᠎ᠤᠨ ᠠᠩᠬ᠎ᠠ ᠤᠳᠠᠭ᠎ᠠ ᠪᠡᠭᠡᠵᠢᠩ᠎ᠳᠤ ᠲᠣᠬᠯᠠᠯᠲᠠ ᠭᠠᠷᠭ᠋ᠠᠭᠰᠠᠨ 60 ᠵᠢᠯ᠎ᠤᠨ ᠣᠶ ᠵᠢ ᠳᠤᠷᠠᠰᠬᠠᠬᠤ ᠰᠣᠳᠣᠨ ᠲᠣᠬᠯᠠᠯᠲᠠ ᠪᠡᠭᠡᠵᠢᠩ᠎ᠤᠨ ᠦᠨᠳᠦᠰᠦᠲᠡᠨ᠎ᠤ ᠰᠣᠶᠣᠯ᠎ᠤᠨ ᠣᠷᠳᠣᠨ᠎ᠳᠤ ᠶᠠᠪᠤᠭᠳᠠᠪᠠ᠃ ᠰᠢᠨ᠎ᠡ ᠨᠢᠭᠡ ᠦᠶ᠎ᠡ ᠵᠢᠨ ᠤᠯᠠᠭ᠋ᠠᠨᠮᠥ᠋ᠴᠢᠷ᠎ᠤᠨ ᠭᠡᠰᠢᠭᠦᠳ 《ᠮᠣᠷᠢᠨ ᠬᠣᠩᠬᠣ ᠵᠣᠯ ᠵᠢᠷᠭ᠋ᠠᠯ᠎ᠤᠨ ᠳᠠᠭᠤᠤ ᠵᠢ ᠬᠠᠩᠭᠢᠨᠠᠭᠤᠯᠤᠨ᠎ᠠ》 ᠵᠢ ᠪᠥᠵᠢᠭᠯᠡᠵᠦ᠂ ᠣᠷᠭᠢᠯᠤᠮ᠎ᠠ ᠬᠠᠯᠠᠭᠤᠨ ᠰᠡᠳᠬᠢᠯᠭᠡ᠎ᠲᠠᠢ᠂ ᠦᠨᠳᠦᠰᠦᠲᠡᠨ᠎ᠤ ᠪᠥᠵᠢᠭ᠎ᠨᠢ ᠦᠵᠡᠭᠴᠢᠳ᠎ᠢ ᠭᠠᠢ᠌ᠬᠠᠰᠢ ᠠᠯᠳᠠᠭᠤᠯᠵᠤ ᠪᠢᠯᠡ᠃

      《ᠮᠣᠷᠢᠨ ᠬᠣᠩᠬᠣ ᠵᠣᠯ ᠵᠢᠷᠭ᠋ᠠᠯ᠎ᠤᠨ ᠳᠠᠭᠤᠤ ᠵᠢ ᠬᠠᠩᠭᠢᠨᠠᠭᠤᠯᠤᠨ᠎ᠠ》᠎ᠨᠢ ᠠᠷᠪᠠᠨ ᠳᠥᠷᠪᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠯᠢᠩᠬᠤ᠎ᠠ ᠱᠠᠩᠨᠠᠯ》᠎ᠤᠨ ᠦᠨᠳᠦᠰᠦᠲᠡᠨ᠎ᠤ ᠠᠷᠠᠳ᠎ᠤᠨ ᠪᠥᠵᠢᠭ᠎ᠲᠤ ᠲᠦᠷᠦᠭᠦᠯᠡᠪᠡ᠂ ᠡᠨᠡ ᠪᠣᠯ ᠥᠪᠥᠷ ᠮᠣᠩᠭᠣᠯ᠎ᠤᠨ ᠪᠥᠵᠢᠭ ᠵᠢᠷᠭᠤᠭ᠋ᠠᠨ ᠵᠢᠯ ᠳᠠᠷᠠᠭ᠋ᠠᠯᠠᠨ 《ᠯᠢᠩᠬᠤ᠎ᠠ ᠱᠠᠩᠨᠠᠯ》 ᠬᠦᠷᠲᠡᠵᠦ ᠪᠠᠢ᠌ᠭ᠎ᠠ ᠶᠠᠪᠤᠳᠠᠯ ᠪᠣᠯᠣᠨ᠎ᠠ᠃

      2024 ᠣᠨ᠎ᠤ 9 ᠰᠠᠷ᠎ᠠ᠎ᠳᠤ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠣᠷᠢᠶ᠎ᠠ ᠵᠡᠷᠭᠡ᠎ᠠᠴᠠ ᠦᠢ᠍ᠯᠡᠳᠦᠭᠰᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠵᠡᠷᠭᠡ ᠵᠢᠨ ᠬᠠᠮᠲᠤᠷᠠᠨ ᠦᠢ᠍ᠯᠡᠳᠦᠭᠰᠡᠨ ᠲᠧᠯᠸᠢᠰ ᠵᠦᠴᠦᠭᠡ 《ᠠᠪᠤ ᠵᠢᠨ ᠦᠶ᠎ᠡ ᠵᠢᠨ ᠬᠥᠮᠥᠰ᠎ᠤᠨ ᠢᠷᠠᠭᠤ ᠠᠯᠳᠠᠷ》᠎ᠨᠢ ᠳᠤᠮᠳᠠᠳᠤ ᠤᠯᠤᠰ᠎ᠤᠨ ᠲᠧᠯᠸᠢᠰ ᠵᠦᠴᠦᠭᠡ ᠵᠢᠨ 《ᠨᠢᠰᠬᠦ ᠳᠠᠭᠢᠨᠢ ᠨᠡᠷᠡᠮᠵᠢᠲᠤ ᠱᠠᠩᠨᠠᠯ》᠎ᠢ ᠭᠦᠷᠳᠡᠪᠡ᠃ ᠲᠤᠰ ᠵᠦᠴᠦᠭᠡ᠎ᠨᠢ ᠳᠡᠭᠡᠷ᠎ᠡ ᠵᠠᠭᠤᠨ᠎ᠤ ᠶᠡᠷᠡᠭᠡᠳ ᠣᠨ᠎ᠤ ᠤᠢ ᠰᠢᠭᠤᠢ ᠵᠢᠨ ᠥᠭᠡᠷᠡᠴᠢᠯᠡᠯᠲᠡ᠎ᠪᠠᠷ ᠠᠬᠤᠢ ᠪᠠᠢ᠌ᠳᠠᠯ ᠪᠤᠯᠭ᠋ᠠᠵᠤ᠂ ᠭᠤᠷᠪᠠᠨ ᠦᠶ᠎ᠡ ᠵᠢᠨ ᠤᠢ ᠰᠢᠭᠤᠢ ᠵᠢᠨ ᠠᠵᠢᠯᠲᠠᠨ᠎ᠤ ᠤᠯᠠᠮᠵᠢᠯᠠᠯ ᠪᠠ ᠪᠠᠷᠢᠮᠲᠠᠯᠠᠯ᠎ᠢ ᠬᠦᠦᠷᠨᠢᠵᠦ᠂ ᠰᠢᠷᠭ᠋ᠠᠭᠤ ᠬᠠᠲᠠᠭᠤᠵᠢᠯᠲᠠᠢ ᠲᠡᠮᠡᠴᠡᠬᠦ᠂ ᠬᠠᠷᠠᠮ ᠦᠭᠡᠢ ᠵᠣᠷᠢᠭᠤᠯᠬᠤ᠂ ᠴᠥᠬᠥᠷᠡᠰᠢ ᠦᠭᠡᠢ ᠴᠢᠷᠮᠠᠢ᠌ᠬᠤ᠂ ᠤᠳᠠᠭ᠋ᠠᠨ ᠳᠠᠭ᠋ᠠᠭ᠋ᠠᠮᠠᠭ᠋ᠠᠢ ᠵᠢᠳᠬᠦᠨ ᠴᠢᠷᠮᠠᠢ᠌ᠬᠤ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠢᠯᠡᠷᠡᠭᠦᠯᠪᠡ᠃

      2024 ᠣᠨ᠎ᠳᠤ᠂ ᠥᠪᠥᠷ ᠮᠣᠩᠭᠣᠯ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠣᠶᠠᠷ ᠶᠡᠬᠡ ᠶᠠᠪᠤᠳᠠᠯ᠎ᠢ ᠴᠢᠷᠮᠠᠢ᠌ᠨ ᠰᠠᠢ᠌ᠲᠤᠷ ᠪᠡᠶᠡᠯᠡᠭᠦᠯᠵᠦ᠂ ᠤᠮᠠᠷᠠᠲᠤ ᠬᠢᠯᠢ ᠵᠢᠨ ᠰᠣᠶᠣᠯ᠎ᠤᠨ ᠲᠥᠷᠥᠯ ᠲᠡᠮᠳᠡᠭ᠎ᠢ ᠨᠡᠷ᠎ᠡ ᠠᠯᠳᠠᠷᠰᠢᠭᠤᠯᠵᠤ᠂ ᠴᠢᠬᠤᠯᠠ ᠶᠡᠬᠡ ᠭᠣᠣᠯ ᠰᠡᠳᠦᠪᠲᠦ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢ ᠵᠣᠬᠢᠶᠠᠨ ᠪᠠᠢ᠌ᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠴᠠᠭ ᠦᠶ᠎ᠡ ᠵᠢᠨ ᠳᠦᠷᠰᠦ ᠪᠠᠢ᠌ᠳᠠᠯ᠂ ᠤᠮᠠᠷᠠᠲᠤ ᠬᠢᠯᠢ ᠵᠢᠨ ᠬᠡᠪ ᠨᠠᠮᠪᠠ ᠵᠢ ᠢᠯᠡᠷᠡᠭᠦᠯᠦᠭᠰᠡᠨ ᠤᠳᠬ᠎ᠠ ᠤᠷᠠᠯᠢᠭ᠎ᠤᠨ ᠰᠣᠳᠣᠨ ᠪᠦᠲᠦᠭᠡᠯ ᠲᠠᠰᠤᠷᠠᠯᠲᠠ ᠦᠭᠡᠢ ᠴᠣᠯᠭᠣᠷᠠᠨ ᠭᠠᠷᠪᠠ᠃

       ᠤᠳᠬ᠎ᠠ ᠤᠷᠠᠯᠢᠭ᠎ᠤᠨ ᠰᠣᠳᠣᠨ ᠪᠦᠲᠦᠭᠡᠯ ᠣᠯᠠᠨ ᠠᠷᠪᠢᠨ ᠴᠣᠯᠭᠣᠷᠠᠨ ᠭᠠᠷᠤᠭᠰᠠᠨ᠎ᠤ ᠰᠢᠯᠲᠠᠭ᠋ᠠᠨ᠎ᠨᠢ ᠤᠮᠠᠷᠠᠲᠤ ᠬᠢᠯᠢ ᠵᠢᠨ ᠰᠣᠶᠣᠯ᠎ᠤᠨ ᠬᠥᠮᠥᠰ᠎ᠲᠤ ᠬᠦᠷᠢᠶᠡᠯᠡᠭᠳᠡᠵᠦ ᠬᠠᠯᠠᠮᠰᠢᠯ ᠪᠣᠯᠤᠭᠰᠠᠨ᠎ᠳᠤ ᠪᠠᠢ᠌ᠨ᠎ᠠ᠃ 2024 ᠣᠨ᠎ᠳᠤ᠂ ᠥᠪᠥᠷ ᠮᠣᠩᠭᠣᠯ ᠤᠮᠠᠷᠠᠲᠤ ᠬᠢᠯᠢ ᠵᠢᠨ ᠰᠣᠶᠣᠯ᠎ᠢ 《ᠭᠠᠳᠠᠭᠰᠢ ᠳᠡᠯᠭᠡᠷᠡᠭᠦᠯᠬᠦ》 ᠰᠢᠷᠢᠰ ᠠᠵᠢᠯᠯᠠᠭ᠎ᠠ ᠥᠷᠨᠢᠭᠦᠯᠵᠦ᠂ ᠣᠷᠣᠨ᠎ᠤ ᠭᠠᠳᠠᠨᠠᠬᠢ ᠦᠵᠡᠰᠭᠦᠯᠡᠩ ᠪᠠ ᠳᠡᠯᠭᠡᠨ ᠦᠵᠡᠭᠦᠯᠭᠡ᠂ ᠤᠷᠠᠨ ᠰᠠᠢ᠌ᠬᠠᠨ᠎ᠤ ᠲᠣᠬᠯᠠᠯᠲᠠ ᠵᠡᠷᠭᠡ ᠰᠣᠶᠣᠯ᠎ᠤᠨ ᠰᠣᠯᠢᠯᠴᠠᠭ᠋ᠠᠨ᠎ᠤ 82 ᠵᠦᠢ᠍ᠯ᠎ᠤᠨ ᠠᠵᠢᠯᠯᠠᠭ᠎ᠠ ᠵᠢ ᠨᠠᠷᠢᠨ ᠨᠢᠮᠪᠠᠢ ᠵᠣᠬᠢᠶᠠᠨ ᠪᠠᠢ᠌ᠭᠤᠯᠤᠨ ᠤᠬᠠᠭ᠋ᠠᠯᠠᠪᠠ᠃ ᠡᠲᠡᠭᠡᠷ ᠠᠵᠢᠯᠯᠠᠭ᠎ᠠ ᠵᠢᠨ ᠭᠡᠯᠪᠡᠷᠢ᠎ᠨᠢ ᠣᠯᠠᠨ ᠶᠠᠩᠵᠤ ᠪᠠᠢ᠌ᠵᠤ᠂ ᠶᠡᠷᠦ ᠪᠤᠰᠤ ᠵᠢᠨ ᠲᠤᠰᠬᠠᠯ ᠭᠠᠷᠴᠤ᠂ ᠤᠮᠠᠷᠠᠲᠤ ᠬᠢᠯᠢ ᠵᠢᠨ ᠰᠣᠶᠣᠯ᠎ᠢ ᠬᠥᠮᠥᠰ᠎ᠲᠤ ᠪᠠᠬᠠᠷᠬᠠᠭᠤᠯᠤᠬᠰᠠᠨ ᠮᠥᠷᠲᠡᠭᠡᠨ ᠬᠠᠯᠠᠮᠰᠢᠯ ᠪᠣᠯᠤᠭᠰᠠᠨ ᠪᠠᠢ᠌ᠨ᠎ᠠ᠃

       ᠰᠣᠶᠣᠯ ᠵᠶ᠋ᠠᠷ ᠵᠢᠭᠤᠯᠴᠢᠯᠠᠯ᠎ᠢ ᠠᠬᠢᠭᠤᠯᠵᠤ᠂ ᠵᠢᠭᠤᠯᠴᠢᠯᠠᠯ ᠵᠶ᠋ᠠᠷ ᠰᠣᠶᠣᠯ᠎ᠢ ᠢᠯᠡᠷᠡᠭᠦᠯᠬᠦ ᠪᠣᠯ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠵᠢᠨ ᠭᠣᠣᠯ ᠴᠢᠮᠦᠭᠡ ᠪᠣᠯᠣᠨ᠎ᠠ᠃ 2024 ᠣᠨ ᠪᠣᠯ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠭᠰᠠᠨ᠂ ᠰᠠᠢ᠌ᠨ ᠡᠭᠢᠯᠡᠯᠲᠡ᠎ᠲᠠᠢ ᠮᠥᠷᠲᠡᠭᠡᠨ ᠰᠠᠢ᠌ᠲᠤᠷ ᠬᠥᠭᠵᠢᠭᠰᠡᠨ ᠨᠢᠭᠡ ᠵᠢᠯ ᠪᠣᠯᠣᠨ᠎ᠠ᠃

      2024 ᠣᠨ᠎ᠤ 7 ᠰᠠᠷ᠎ᠠ ᠵᠢᠨ 14᠎ᠤ ᠡᠳᠦᠷ᠂ ᠦᠵᠡᠰᠬᠦᠯᠡᠩᠲᠦ ᠰᠠᠢ᠌ᠬᠠᠨ ᠰᠢᠯᠢ ᠵᠢᠨ ᠭᠣᠣᠯ᠎ᠤᠨ ᠬᠥᠪᠡᠭᠡᠨ᠎ᠳᠤ 《ᠲᠠᠯ᠎ᠠ ᠨᠤᠲᠤᠭ᠎ᠤᠨ ᠨᠠᠨᠳᠢᠨ ᠪᠣᠯᠵᠣᠭ᠎ᠠ · ᠲᠠᠩᠰᠤᠭ ᠨᠠᠭ᠋ᠠᠳᠤᠮ᠎ᠤᠨ ᠪᠠᠶᠠᠷᠲᠤ ᠵᠣᠯᠭ᠋ᠠᠯᠲᠠ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 34 ᠳ᠋ᠦ᠍ᠭᠡᠷ ᠬᠤᠭᠤᠴᠠᠭ᠋ᠠᠨ᠎ᠤ ᠲᠠᠯ᠎ᠠ ᠨᠤᠲᠤᠭ᠎ᠤᠨ ᠨᠠᠭ᠋ᠠᠳᠤᠮ ᠰᠢᠯᠢᠩᠬᠣᠲᠠ᠎ᠳᠤ ᠡᠬᠢᠯᠡᠵᠦ᠂ ᠪᠠᠷᠤᠭ 10 ᠲᠦᠮᠡᠨ ᠵᠢᠭᠤᠯᠴᠢᠯᠠᠬᠰᠠᠳ ᠥᠷᠭᠡᠨ ᠠᠭᠤᠳᠠᠮ ᠲᠠᠯ᠎ᠠ ᠨᠤᠲᠤᠭ᠎ᠲᠤ ᠬᠦᠷᠴᠦ ᠣᠨᠴᠠᠯᠢᠭᠲᠤ ᠰᠣᠶᠣᠯ᠎ᠢ ᠪᠡᠶᠡᠴᠢᠯᠡᠨ ᠣᠢ᠌ᠯᠠᠭ᠋ᠠᠪᠠ᠃

       ᠳᠡᠯᠭᠡᠷ ᠵᠤᠨ᠎ᠤ ᠥᠪᠥᠷ ᠮᠣᠩᠭᠣᠯ᠎ᠳᠤ᠂ ᠡᠳᠦᠷ ᠪᠦᠷᠢ ᠦᠪᠡᠳᠡᠭᠰᠢ ᠴᠤᠭᠯᠠᠭ᠋ᠠᠨ ᠪᠣᠯᠵᠤ᠂ ᠭᠠᠵᠠᠷ ᠪᠣᠯᠭ᠋ᠠᠨ᠎ᠳᠤ ᠠᠶᠠᠯᠭᠤ ᠳᠠᠭᠤᠤ ᠴᠤᠤᠷᠢᠶᠠᠲᠤᠨ᠎ᠠ᠃ ᠪᠤᠭᠤᠲᠤ ᠬᠣᠲᠠ᠂ ᠬᠢᠩᠭ᠋ᠠᠨ ᠠᠢ᠌ᠮᠠᠭ᠂ ᠤᠯᠠᠭ᠋ᠠᠨᠴᠠᠪ ᠬᠣᠲᠠ᠂ ᠬᠥᠯᠥᠨ ᠪᠤᠢ᠌ᠷ ᠬᠣᠲᠠ ᠵᠡᠷᠭᠡ ᠣᠯᠠᠨ ᠠᠢ᠌ᠮᠠᠭ ᠬᠣᠲᠠ ᠴᠥᠮ ᠪᠦᠭᠦ ᠠᠷᠠᠳ ᠵᠶ᠋ᠠᠷ ᠵᠶ᠋ᠠᠨ ᠣᠷᠤᠯᠴᠠᠬᠤ᠂ ᠪᠦᠭᠦ ᠠᠷᠠᠳ ᠵᠶ᠋ᠠᠷ ᠵᠶ᠋ᠠᠨ ᠴᠡᠩᠭᠡᠯᠳᠦᠬᠦ ᠨᠠᠢ᠌ᠷ ᠨᠠᠭ᠋ᠠᠳᠤᠮ᠎ᠤᠨ ᠠᠵᠢᠯᠯᠠᠭ᠎ᠠ ᠵᠢ ᠡᠬᠢᠯᠡᠭᠦᠯᠪᠡ᠃

      《34 ᠳ᠋ᠦ᠍ᠭᠡᠷ ᠬᠤᠭᠤᠴᠠᠭ᠋ᠠᠨ᠎ᠤ ᠲᠠᠯ᠎ᠠ ᠨᠤᠲᠤᠭ᠎ᠤᠨ ᠨᠠᠭ᠋ᠠᠳᠤᠮ》᠂ 《ᠡᠳᠦᠷ ᠪᠦᠷᠢ ᠵᠢᠨ ᠨᠠᠢ᠌ᠷ ᠨᠠᠭ᠋ᠠᠳᠤᠮ》 ᠵᠡᠷᠭᠡ ᠵᠠᠩᠭᠢᠯᠠᠭ᠎ᠠ ᠵᠢᠨ ᠦᠭᠡ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠲᠠᠪᠴᠠᠩ᠎ᠤᠨ ᠵᠣᠨ᠎ᠤ ᠤᠯᠠᠷᠢᠯ᠎ᠤᠨ ᠬᠠᠯᠠᠮᠰᠢᠯ ᠴᠡᠭ ᠪᠣᠯᠵᠤ ᠪᠦᠭᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃

       ᠲᠦᠷᠪᠡᠨ ᠵᠦᠭ ᠨᠠᠢ᠍ᠮᠠᠨ ᠵᠣᠪᠬᠢᠰ᠎ᠤᠨ ᠵᠢᠭᠤᠯᠴᠢᠯᠠᠬᠰᠠᠳ ᠥᠪᠥᠷ ᠮᠣᠩᠭᠣᠯ᠎ᠳᠤ ᠢᠷᠡᠭᠡᠳ᠂ ᠤᠯᠠᠮᠵᠢᠯᠠᠯᠲᠤ ᠤᠷᠤᠯᠳᠤᠭ᠋ᠠᠨ᠎ᠤ ᠲᠦᠷᠦᠯ ᠵᠦᠢ᠍ᠯ᠎ᠳᠤ ᠣᠷᠭᠢᠯᠤᠮ᠎ᠠ ᠬᠠᠯᠠᠭᠤᠨ ᠰᠡᠳᠬᠢᠯᠭᠡ᠎ᠪᠠᠨ ᠢᠯᠡᠷᠡᠭᠦᠯᠵᠦ᠂ ᠣᠨᠴᠠᠯᠢᠭᠲᠤ ᠠᠮᠲᠠᠲᠤ ᠢᠳᠡᠭᠡᠨ ᠤᠮᠳᠠᠭ᠋ᠠᠨ᠎ᠠᠴᠠ ᠠᠮᠲᠠᠯᠠᠵᠤ᠂ ᠲᠠᠯ᠎ᠠ ᠨᠤᠲᠤᠭ᠎ᠤᠨ ᠦᠵᠡᠰᠬᠦᠯᠡᠩᠲᠦ ᠰᠠᠢ᠌ᠬᠠᠨ ᠦᠵᠡᠮᠵᠢ ᠵᠢ ᠪᠠᠬᠠᠷᠬᠠᠨ ᠰᠣᠨᠢᠷᠬᠠᠯ᠎ᠠ ᠁ ᠨᠠᠭ᠋ᠠᠳᠤᠮ᠎ᠤᠨ ᠶᠡᠬᠡ ᠬᠤᠷᠠᠯ᠎ᠨᠢ ᠡᠯᠪᠡᠭ ᠬᠤᠷᠢᠶᠠᠯᠲᠠ ᠵᠢ ᠪᠡᠯᠭᠡᠯᠡᠬᠦ ᠵᠢᠨ ᠲᠥᠯᠥᠭᠡ ᠬᠢᠭᠰᠡᠨ ᠰᠣᠶᠣᠯ ᠪᠡᠶ᠎ᠡ ᠵᠢᠨ ᠲᠠᠮᠢᠷ ᠵᠤᠭ᠎ᠠ ᠴᠡᠩᠭᠡᠯ᠎ᠤᠨ ᠶᠡᠬᠡ ᠬᠤᠷᠠᠯ ᠪᠤᠯᠬᠤ᠎ᠪᠠᠷ ᠪᠠᠷᠠᠬᠤ ᠦᠭᠡᠢ᠂ ᠨᠡᠩ ᠴᠤ᠌ ᠨᠢᠭᠡᠨ ᠭᠡᠷᠡᠯ ᠰᠠᠴᠤᠷᠠᠩᠭᠤᠢ ᠰᠣᠶᠣᠯ ᠪᠠ ᠵᠢᠭᠤᠯᠴᠢᠯᠠᠯ᠎ᠤᠨ ᠨᠡᠷ᠎ᠡ ᠵᠢᠨ ᠬᠠᠭᠤᠳᠠᠰᠤ ᠪᠣᠯᠵᠤ᠂ ᠥᠪᠥᠷ ᠮᠣᠩᠭᠣᠯ᠎ᠤᠨ ᠦᠵᠡᠰᠬᠦᠯᠡᠩᠲᠦ ᠰᠠᠢ᠌ᠬᠠᠨ ᠦᠵᠡᠮᠵᠢ᠂ ᠰᠢᠨ᠎ᠡ ᠴᠠᠭ ᠦᠶ᠎ᠡ ᠵᠢᠨ ᠵᠣᠯ ᠵᠢᠷᠭ᠋ᠠᠯᠲᠤ ᠠᠮᠢᠳᠤᠷᠠᠯ᠎ᠢ ᠳᠡᠯᠭᠡᠨ ᠦᠵᠡᠭᠦᠯᠦᠭᠰᠡᠨ ᠦᠵᠡᠰᠬᠦᠯᠡᠩᠲᠦ ᠰᠠᠢ᠌ᠬᠠᠨ ᠵᠢᠷᠤᠭ ᠪᠣᠯᠵᠤ ᠪᠢᠯᠡ᠃

       ᠬᠡᠷᠪᠡ ᠵᠣᠨ᠎ᠤ ᠤᠯᠠᠷᠢᠯ᠎ᠤᠨ 《ᠨᠠᠢ᠌ᠷ ᠨᠠᠭ᠋ᠠᠳᠤᠮ》᠎ᠨᠢ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠥᠭᠡᠳᠡᠯᠡᠨ ᠳᠠᠪᠰᠢᠬᠤ ᠬᠠᠨᠳᠤᠰᠢ ᠵᠢ ᠠᠬᠢᠭᠤᠯᠤᠭᠰᠠᠨ ᠪᠣᠯ᠂ ᠠᠯᠲᠠᠨ ᠨᠠᠮᠤᠷ᠎ᠤᠨ ᠤᠯᠠᠷᠢᠯ᠎ᠤᠨ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》᠎ᠨᠢ ᠨᠠᠩ ᠴᠤ᠌ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠳᠤ 《ᠭᠦᠭ》 ᠨᠡᠮᠡᠷᠢᠯᠡᠭᠰᠡᠨ ᠪᠠᠢ᠌ᠨ᠎ᠠ᠃

      《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠭᠠᠷᠭ᠋ᠠᠭᠰᠠᠨ ᠣᠷᠣᠨ ᠪᠦᠰᠡ ᠵᠢᠨ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ ᠪᠣᠯᠣᠨ᠎ᠠ᠃ 2024 ᠣᠨ᠎ᠤ ᠤᠯᠤᠰ᠎ᠤᠨ ᠪᠠᠶᠠᠷ᠎ᠤᠨ ᠬᠤᠭᠤᠴᠠᠭ᠋ᠠᠨ᠎ᠳᠤ᠂ ᠪᠦᠭᠦ ᠣᠷᠣᠨ ᠵᠶ᠋ᠡᠷ ᠵᠶ᠋ᠡᠨ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠭᠡᠬᠦ ᠭᠣᠣᠯ ᠰᠡᠳᠦᠪ᠎ᠤᠨ ᠲᠣᠭᠣᠷᠢᠨ᠎ᠳᠤ 20 ᠵᠤᠷᠪᠤᠰ ᠰᠣᠳᠣᠨ ᠵᠢᠭᠤᠯᠴᠢᠯᠠᠯ᠎ᠤᠨ ᠱᠤᠭᠤᠮ ᠭᠠᠷᠭ᠋ᠠᠵᠤ᠂ 130 ᠵᠦᠢ᠍ᠯ᠎ᠤᠨ ᠭᠣᠣᠯᠳᠠᠯᠭ᠎ᠠ᠎ᠲᠠᠢ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠪᠡ᠃

      《ᠳᠠᠭᠤᠤ ᠬᠥᠭᠵᠢᠮ ᠬᠣᠣᠰᠯᠠᠨ᠂ ᠪᠠᠶᠠᠷ ᠭᠦᠷ᠎ᠲᠠᠢ ᠵᠢᠭᠤᠯᠴᠢᠯᠠᠨ᠎ᠠ》᠃ ᠤᠯᠤᠰ᠎ᠤᠨ ᠪᠠᠶᠠᠷ᠎ᠤᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠵᠢᠭᠤᠯᠴᠢᠯᠠᠯ᠎ᠤᠨ ᠵᠠᠬᠢᠶᠠᠯᠠᠭ᠎ᠠ ᠵᠢᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 15%᠎ᠪᠠᠷ ᠨᠡᠮᠡᠭᠳᠡᠵᠦ᠂ ᠡᠭᠦᠳᠡᠨ ᠪᠢᠯᠧᠲ᠎ᠤᠨ ᠵᠠᠬᠢᠶᠠᠯᠠᠭ᠎ᠠ ᠵᠢᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 23%᠎ᠪᠠᠷ ᠨᠡᠮᠡᠭᠳᠡᠵᠦ᠂ ᠬᠢᠯᠢ᠎ᠪᠠᠷ ᠣᠷᠣᠵᠤ ᠢᠷᠡᠭᠰᠡᠨ ᠵᠠᠬᠢᠶᠠᠯᠠᠭ᠎ᠠ ᠵᠢᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 23%᠎ᠪᠠᠷ ᠨᠡᠮᠡᠭᠳᠡᠵᠦ᠂ ᠪᠡᠭᠡᠵᠢᠩ᠂ ᠱᠠᠩᠬᠠᠢ᠂ ᠲᠢᠶᠠᠨᠵᠢᠨ᠂ ᠮᠦᠭᠳᠡᠨ᠂ ᠰᠢ ᠠᠨ ᠵᠡᠷᠭᠡ ᠭᠠᠵᠠᠷ᠎ᠤᠨ ᠦᠯᠡᠮᠵᠢ ᠣᠯᠠᠨ ᠵᠢᠭᠤᠯᠴᠢᠯᠠᠬᠰᠠᠳ ᠣᠷᠣᠵᠤ ᠢᠷᠡᠵᠦ᠂ ᠥᠪᠥᠷ ᠮᠣᠩᠭᠣᠯ᠎ᠤᠨ ᠨᠠᠮᠤᠷ᠎ᠤᠨ ᠥᠩᠭᠡ᠎ᠳᠤ ᠭᠣᠢ᠌ᠳᠠ ᠰᠠᠢ᠌ᠬᠠᠨ ᠦᠵᠡᠮᠵᠢ ᠵᠢ ᠪᠢᠴᠢᠭᠯᠡᠪᠡ᠃

       ᠮᠥᠰᠥ ᠴᠠᠰᠤᠨ᠎ᠤ ᠤᠯᠠᠷᠢᠯ᠎ᠳᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠵᠢᠨᠷ ᠳᠠᠮᠵᠢᠨ ᠳᠠᠬᠢᠨᠲᠠ ᠬᠥᠭᠵᠢᠶᠡᠨ᠎ᠲᠠᠢ ᠪᠣᠯᠵᠤ᠂ ᠵᠢᠨᠢᠩ᠎ᠠᠴᠠ ᠳ᠋ᠠᠲ᠋ᠦ᠋ᠩ᠎ᠢ ᠥᠩᠭᠡᠷᠡᠨ ᠶᠤᠸᠠᠨᠫᠢᠩ ᠬᠦᠷᠬᠦ ᠲᠦᠷᠭᠡᠨ᠎ᠤ ᠵᠠᠮ᠎ᠤᠨ ᠠᠩᠬᠠᠨ᠎ᠤ ᠡᠭᠡᠯᠵᠢ ᠵᠢᠨ ᠰᠣᠶᠣᠯ ᠵᠢᠭᠤᠯᠴᠢᠯᠠᠯ᠎ᠤᠨ ᠲᠤᠰᠬᠠᠢ ᠭᠠᠯᠲᠤ ᠲᠡᠷᠭᠡ ᠬᠥᠳᠡᠯᠵᠦ᠂ ᠤᠯᠠᠭ᠋ᠠᠨᠮᠥ᠋ᠴᠢᠷ᠎ᠤᠨ ᠭᠡᠰᠢᠭᠦᠳ ᠱᠠᠨ ᠰᠢ ᠵᠢᠨ ᠵᠢᠭᠤᠯᠴᠢᠯᠠᠬᠰᠡᠳ᠎ᠲᠠᠢ ᠬᠠᠮᠲᠤ ᠵᠠᠮ ᠲᠤᠷᠰᠢ ᠳᠠᠭᠤᠯᠠᠨ ᠨᠠᠷᠭᠢᠵᠤ ᠥᠪᠥᠷ ᠮᠣᠩᠭᠣᠯ᠎ᠳᠤ ᠬᠦᠷᠴᠦ ᠢᠷᠡᠪᠡ᠃ ᠱᠠᠨ ᠰᠢ ᠵᠢᠨ ᠵᠢᠭᠤᠯᠴᠢᠯᠠᠭᠴᠢ᠄ 《ᠥᠪᠥᠷ ᠮᠣᠩᠭᠣᠯ᠎ᠤᠨ ᠬᠥᠮᠥᠰ ᠮᠠᠰᠢ ᠬᠠᠯᠠᠭᠤᠮᠰᠤᠭ᠂ ᠪᠢᠳᠡ ᠯᠠᠪᠲᠠᠢ ᠦᠷᠭᠦᠯᠵᠢ ᠡᠨᠳᠡ ᠢᠷᠡᠨ᠎ᠡ》 ᠭᠡᠪᠡ᠃

      2024 ᠣᠨ᠎ᠢ ᠡᠷᠭᠢᠴᠡᠭᠦᠯᠬᠦᠶ᠎ᠡ᠂ ᠥᠪᠥᠷ ᠮᠣᠩᠭᠣᠯ᠎ᠤᠨ ᠰᠣᠶᠣᠯ᠎ᠤᠨ ᠪᠠᠢ᠌ᠭᠤᠯᠤᠯᠲᠠ ᠤᠮᠠᠷᠠᠲᠤ ᠬᠢᠯᠢ ᠵᠢᠨ ᠰᠣᠶᠣᠯ ᠵᠶ᠋ᠠᠷ ᠥᠷᠨᠢᠵᠦ᠂ ᠰᠣᠶᠣᠯ᠎ᠤᠨ ᠢᠲᠡᠭᠡᠯ ᠵᠶ᠋ᠡᠷ ᠰᠣᠶᠣᠯ᠎ᠤᠨ ᠴᠡᠴᠡᠭᠯᠡᠯ ᠬᠥᠭᠵᠢᠯ᠎ᠢ ᠠᠬᠢᠭᠤᠯᠪᠠ᠃ ᠲᠦᠷᠦᠭᠦᠬᠡᠨ ᠥᠪᠥᠷ ᠮᠣᠩᠭᠣᠯ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠭᠦ ᠠᠵᠢᠯᠯᠠᠭ᠎ᠠ ᠵᠢ ᠳᠤᠷᠠᠳᠴᠤ᠂ ᠥᠪᠥᠷ ᠮᠣᠩᠭᠣᠯ ᠦᠷᠭᠦᠯᠵᠢᠯᠡᠨ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢᠨ ᠢᠷᠠᠭᠤ ᠬᠠᠭᠤᠳᠠᠰᠤ ᠵᠢ ᠪᠢᠴᠢᠭᠯᠡᠵᠦ᠂ ᠲᠡᠭᠦᠨ᠎ᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠬᠠᠭᠤᠳᠠᠰᠤᠨ᠎ᠳᠠᠬᠢ ᠬᠠᠮᠤᠭ᠎ᠤᠨ ᠲᠠᠲᠠᠬᠤ ᠬᠦᠴᠦᠨ᠎ᠲᠠᠢ᠂   ᠬᠠᠮᠤᠭ᠎ᠤᠨ ᠭᠢᠯᠡᠰ ᠴᠡᠭ ᠪᠤᠯᠭ᠋ᠠᠬᠤ᠎ᠪᠠᠷ ᠪᠤᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ