1 ᠰᠠᠷ᠎ᠠ ᠵᠢᠨ 16᠎ᠤ ᠦᠳᠡ ᠵᠢᠨ ᠬᠣᠢ᠌ᠨ᠎ᠠ ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠨᠢᠭᠡᠳᠦᠭᠡᠷ ᠬᠤᠷᠠᠯ ᠭᠦᠭᠡᠬᠣᠲᠠ᠎ᠳᠤ ᠬᠤᠷᠠᠯᠳᠤᠪᠠ ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ ᠬᠤᠷᠠᠯ᠎ᠢ ᠡᠷᠭᠢᠯᠡᠪᠡ ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠥᠸᠧ ᡁᠢ ᠬᠤ᠌ ᠂ ᠴᠡᠴᠡᠭ ᠂ ᠸᠧᠢ ᠭᠦᠸᠧ ᠨᠠᠨ ᠂ ᠠᠨ ᠷᠦᠨ ᠱᠧᠩ ᠂ ᠵᠠᠩ ᠯᠧᠢ ᠂ ᠵᠠᠩ ᠪᠠᠢ ᠴᠧᠩ ᠂ ᠶᠠᠩ ᠵᠢᠶᠧ ᠵᠢᠴᠢ ᠨᠠᠷᠢᠨ ᠪᠢᠴᠢᠭ᠎ᠤᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ ᠃
ᠬᠤᠷᠠᠯ᠎ᠠᠴᠠ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠤᠨ ᠰᠣᠩᠭᠣᠭᠤᠯᠢ ᠵᠢᠨ ᠠᠷᠭ᠎ᠠ ( ᠲᠥᠰᠥᠯ ) ᠂ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠤᠨ ᠶᠡᠷᠦᠩᠬᠡᠢ ᠪᠢᠯᠧᠲ ᠬᠢᠨᠠᠭᠴᠢ ᠂ ᠳᠡᠳ᠋ ᠶᠡᠷᠦᠩᠬᠡᠢ ᠪᠢᠯᠧᠲ ᠬᠢᠨᠠᠭᠴᠢ ᠂ ᠪᠢᠯᠧᠲ ᠬᠢᠨᠠᠭᠴᠢᠳ᠎ᠤᠨ ᠨᠡᠷᠡᠰ ( ᠲᠥᠰᠥᠯ ) ᠂ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠤᠨ ᠤᠯᠤᠰ ᠲᠥᠷᠥ ᠵᠢᠨ ᠰᠢᠢ᠍ᠳᠪᠦᠷᠢ ( ᠲᠥᠰᠥᠯ ) ᠂ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢᠨ ᠲᠤᠬᠠᠢ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠤᠨ ᠰᠢᠢ᠍ᠳᠪᠦᠷᠢ ( ᠲᠥᠰᠥᠯ ) ᠂ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠬᠣᠶᠠᠳᠤᠭ᠋ᠠᠷ ᠬᠤᠷᠠᠯ᠎ᠠᠴᠠ ᠨᠠᠭ᠋ᠠᠰᠢᠬᠢ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠢ᠌ᠳᠠᠯ᠎ᠤᠨ ᠮᠡᠳᠡᠭᠦᠯᠦᠯᠲᠡ ᠵᠢᠨ ᠲᠤᠬᠠᠢ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠤᠨ ᠰᠢᠢ᠍ᠳᠪᠦᠷᠢ ( ᠲᠥᠰᠥᠯ ) ᠂ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠤᠨ ᠰᠠᠨᠠᠯ ᠳᠤᠷᠠᠳᠤᠯᠭ᠎ᠠ ᠵᠢ ᠬᠢᠨᠠᠨ ᠪᠠᠢ᠌ᠴᠠᠭ᠋ᠠᠭᠰᠠᠨ ᠪᠠᠢ᠌ᠳᠠᠯ᠎ᠤᠨ ᠲᠤᠬᠠᠢ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠰᠠᠨᠠᠯ ᠳᠤᠷᠠᠳᠤᠯᠭ᠎ᠠ ᠵᠢᠨ ᠵᠥᠪᠯᠡᠯ᠎ᠤᠨ ᠮᠡᠳᠡᠭᠦᠯᠦᠯᠲᠡ ( ᠲᠥᠰᠥᠯ ) ᠵᠢᠴᠢ ᠬᠣᠯᠪᠣᠭᠳᠠᠯ ᠪᠦᠬᠦᠢ ᠠᠵᠢᠯᠲᠠᠨ᠎ᠤ ᠶᠠᠪᠤᠳᠠᠯ᠎ᠤᠨ ᠵᠦᠢ᠍ᠯᠡᠰ᠎ᠢ ᠬᠢᠨᠠᠨ ᠵᠥᠪᠯᠡᠵᠡᠢ ᠃
ᠬᠤᠷᠠᠯ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠤᠯᠤᠰ ᠲᠥᠷᠥ ᠵᠢᠨ ᠵᠥᠪᠯᠡᠯᠭᠡᠨ᠎ᠤ 43 ᠳ᠋ᠤᠭ᠋ᠠᠷ ᠤᠳᠠᠭ᠎ᠠ ᠵᠢᠨ ᠲᠡᠷᠢᠭᠦᠯᠡᠭᠴᠢᠳ᠎ᠤᠨ ᠬᠤᠷᠠᠯ ᠬᠤᠷᠠᠯᠳᠤᠭᠤᠯᠵᠤ ᠂ ᠳᠤᠭᠤᠢ᠌ᠯᠠᠩ ᠬᠤᠪᠢᠶᠠᠨ ᠶᠠᠷᠢᠯᠴᠠᠭᠰᠠᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ ᠂ ᠲᠣᠰ ᠤᠳᠠᠭ᠎ᠠ ᠵᠢᠨ ᠬᠤᠷᠠᠯ᠎ᠳᠤ ᠳᠡᠪᠰᠢᠭᠦᠯᠬᠦ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠬᠢᠨᠠᠨ ᠵᠥᠪᠯᠡᠪᠡ